ᠦᠪᠡᠷᠳᠡᠭᠡᠨ ᠵᠠᠰᠠᠬᠤ ᠤᠷᠤᠨ ᠠᠴᠠ ᠦᠷᠡᠭᠳᠡᠭᠰᠠᠨ ᠪᠠᠭᠠᠡᠳᠤᠷᠴᠤᠳ ᠤᠨ ᠲᠤᠷᠠᠰᠬᠠᠯ ᠤᠨ ᠡᠳᠤᠷ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠭᠡᠬᠦ ᠶᠤᠰᠤᠯᠠᠯ ᠢ ᠦᠪᠡᠳᠡᠭᠰᠢ ᠶᠡᠬᠡᠪᠡᠷ ᠶᠠᠪᠤᠬᠳᠠᠭᠤᠯᠪᠠ
ᠨᠡᠶᠢᠲᠡᠯᠡᠭᠰᠡᠨ ᠴᠠᠭ᠄
2016/10/8
     9 ᠳ᠋ᠤᠭᠡᠷ ᠰᠠᠷ᠎ᠠ ᠶᠢᠨ 30᠎ ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠵᠡᠷᠬᠡ ᠦᠪᠡᠷᠳᠡᠭᠡᠨ ᠵᠠᠰᠠᠬᠤ ᠤᠷᠤᠨ ᠤ ᠮᠤᠵᠢ ᠠᠷᠮᠢ ᠶᠢᠨ ᠲᠡᠰ ᠤᠨ ᠤᠳᠤᠷᠢᠳᠬᠤ ᠨᠦᠬᠦᠳ ᠤᠷᠤᠨ ᠤ ᠲᠦᠪ ᠤᠨ ᠦᠨᠳᠦᠰᠦᠳᠡᠨ ᠨᠦᠬᠦᠳ ᠤᠨ ᠡᠯ᠎ᠡ ᠡᠳᠡᠭᠡᠳ ᠤᠨ ᠲᠦᠯᠥᠭᠡᠯᠡᠭᠴᠢᠳ ᠲᠠᠢ ᠬᠠᠮᠳᠤᠪᠡᠷ ᠦᠷᠡᠭᠳᠡᠭᠰᠡᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠭᠡᠪᠡ᠃
     ᠯᠢ ᠵᠢᠢ ᠡᡁᠧᠩ ᠲᠦᠪ ᠬᠢᠴᠢᠶᠡᠩᠬᠦᠢ ᠪᠠᠷ ᠴᠡᠴᠡᠭᠳᠤ ᠰᠠᠭᠰᠤ ᠶᠢᠨ ᠤᠨᠵᠢᠯᠠᠭ᠎ᠠ ᠶᠢ ᠨᠢᠮᠪᠠᠢ ᠲᠢᠭᠯᠡᠪᠡ᠃
     9 ᠳ᠋ᠤᠭᠡᠷ ᠰᠠᠷ᠎ᠠ ᠶᠢᠨ 30᠎ ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠠᠴᠠ ᠦᠨᠳᠦᠰᠦᠳᠡᠨ ᠨᠦᠬᠦᠳ ᠤᠨ ᠡᠯ᠎ᠡ ᠡᠳᠡᠭᠡᠳ ᠤᠨ ᠲᠦᠯᠥᠭᠡᠯᠡᠭᠴᠢᠳ ᠤᠨ ᠠᠷᠠᠳ ᠤᠨ ᠪᠠᠭᠠᠳᠤᠷᠴᠤᠳ ᠲᠤ ᠴᠡᠴᠡᠭᠳᠤ ᠰᠠᠭᠰᠤ ᠬᠦᠷᠭᠡᠬᠦ ᠶᠤᠰᠤᠯᠠᠯ ᠦᠪᠡᠳᠡᠭᠰᠢ ᠶᠡᠬᠡᠪᠡᠷ ᠶᠠᠪᠤᠬᠳᠠᠭᠤᠯᠪᠠ᠃      10 ᠴᠠᠭ ᠤᠨ ᠦᠶ᠎ᠡ ᠪᠠᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠵᠡᠷᠬᠡ ᠦᠪᠡᠷᠳᠡᠭᠡᠨ ᠵᠠᠰᠠᠬᠤ ᠤᠷᠤᠨ ᠤ ᠮᠤᠵᠢ ᠠᠷᠮᠢ ᠶᠢᠨ ᠲᠡᠰ ᠤᠨ ᠤᠳᠤᠷᠢᠳᠬᠤ ᠨᠦᠬᠦᠳ ᠬᠦᠬᠡᠬᠤᠳᠠ ᠶᠢᠨ ᠴᠢᠩ ᠴᠧᠩ ᠴᠡᠴᠡᠷᠯᠢᠭ ᠲᠠᠬᠢ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠬᠦᠰᠢᠶ᠎ᠡ ᠶᠢᠨ ᠬᠤᠶᠢᠳᠤ ᠲᠠᠯ᠎ᠠ ᠶᠢᠨ ᠠᠭᠤᠳᠠᠮ ᠲᠠᠯᠠᠪᠠᠢ ᠳᠤ ᠢᠷᠡᠵᠥ᠂ ᠰᠤᠷᠭᠤᠭ ᠴᠡᠴᠡᠭ ᠠᠳᠬᠤᠭᠰᠠᠠ ᠦᠨᠳᠦᠰᠦᠳᠡᠨ ᠨᠦᠬᠦᠳ ᠤᠨ ᠡᠯ᠎ᠡ ᠡᠳᠡᠭᠡᠳ ᠤᠨ ᠲᠦᠯᠥᠭᠡᠯᠡᠭᠴᠢᠳ ᠲᠠᠢ ᠬᠠᠮᠳᠤᠪᠡᠷ ᠲᠤᠷᠠᠰᠬᠠᠯ ᠤᠨ ᠬᠦᠰᠢᠶ᠎ᠡ ᠵᠦᠭ ᠬᠠᠨᠳᠤᠵᠥ ᠬᠢᠴᠢᠶᠡᠩᠬᠦ᠋ᠢᠯᠡᠨ ᠵᠤᠭᠰᠤᠪᠠ᠃ ᠰᠡᠬᠦ᠋ᠢᠨ ᠰᠦᠨᠳᠡᠷᠯᠡᠭᠰᠡᠡ ᠲᠤᠷᠠᠰᠬᠠᠯ ᠤᠨ ᠬᠦᠰᠢᠶ᠎ᠡ ᠲᠡᠭᠡᠷᠡᠬᠢ ︽ᠦᠷᠡᠭᠳᠡᠭᠰᠡᠨ ᠪᠠᠭᠠᠳᠤᠷᠴᠤᠳ ᠦᠨᠢᠳᠡ ᠪᠠᠯᠠᠷᠠᠰᠢ ᠦᠭᠡᠢ︾ ᠬᠡᠬᠦ ᠲᠤᠮᠤ ᠦᠰᠦᠭ ᠨᠠᠷᠠᠨ ᠤ ᠬᠡᠷᠡᠯ ᠳᠤ ᠬᠢᠯᠠᠯᠵᠠᠵᠥ᠂ ᠣᠨᠴᠠᠭᠠᠢ ᠲᠤᠳᠤᠬᠠᠨ ᠬᠠᠷᠠᠭᠳᠠᠨ᠎ᠠ᠃      ᠴᠡᠴᠡᠭᠳᠤ ᠰᠠᠭᠰᠤ ᠬᠦᠷᠭᠡᠬᠦ ᠶᠤᠰᠤᠯᠠᠯ ᠡᠬᠢᠯᠡᠭᠰᠡᠡ ᠤ ᠲᠠᠷᠠᠭ᠎ᠠ᠂ ︽ᠦᠷᠡᠭᠳᠡᠭᠰᠡᠨ ᠪᠠᠭᠠᠳᠤᠷᠴᠤᠳ ᠤᠨ ᠡᠳᠤᠷ ᠤᠨ ᠠᠶᠠᠰ︾ ᠴᠢᠩ ᠴᠧᠩ ᠴᠡᠴᠡᠷᠯᠢᠭ ᠤᠨ ᠤᠭᠳᠠᠷᠭᠤᠢ ᠳᠤ ᠴᠤᠤᠷᠢᠶᠡᠳᠤᠵᠥ᠂ ᠶᠤᠰᠤᠯᠠᠯ ᠤᠨ ᠴᠡᠷᠢᠭ ᠠᠭᠤᠳᠠᠮ ᠲᠠᠯᠠᠪᠠᠢ ᠶᠢᠨ ᠬᠤᠶᠠᠷ ᠲᠠᠯ᠎ᠠ ᠠᠴᠠ ᠲᠤᠷᠠᠰᠬᠠᠯ ᠤᠨ ᠬᠦᠰᠢᠶ᠎ᠡ ᠵᠦᠭ ᠠᠯᠬᠤᠨ ᠢᠷᠡᠪᠡ᠃ ᠴᠡᠷᠢᠭ ᠤᠨ ᠬᠦᠭᠵᠢᠮ ᠤᠨ ᠠᠩᠬᠢ ᠶᠢᠨ ᠬᠢᠨ ︽ᠵᠢᠷᠤᠮ ᠤᠨ ᠴᠡᠷᠢᠭ ᠤᠨ ᠤᠷᠤᠭᠰᠢᠯᠠᠯᠳᠠ ᠶᠢᠨ ᠠᠶᠠᠰ︾᠎ ᠢ ᠬᠦᠭᠵᠢᠮᠳᠡᠵᠥ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠬᠤ ᠨᠦᠬᠦᠳ ᠦᠨᠳᠦᠰᠦᠳᠡᠨ ᠨᠦᠬᠦᠳ ᠤᠨ ᠡᠯ᠎ᠡ ᠡᠳᠡᠭᠡᠳ ᠤᠨ ᠲᠦᠯᠥᠭᠡᠯᠡᠭᠴᠢᠳ ᠲᠠᠢ ᠬᠠᠮᠳᠤᠪᠡᠷ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠯᠳᠡ ᠲᠠᠭᠤᠤ ᠶᠢ ᠬᠠᠩᠬᠢᠨᠠᠳᠠᠯ᠎ᠠ ᠲᠠᠭᠤᠯᠠᠪᠠ᠃ ᠤᠯᠤᠰ ᠤᠨ ᠰᠦᠯᠳᠡ ᠲᠠᠭᠤᠤ ᠶᠢ ᠲᠠᠭᠤᠯᠠᠵᠥ ᠪᠠᠷᠠᠭᠰᠠᠠ ᠤ ᠲᠠᠷᠠᠭ᠎ᠠ᠂ ᠪᠦᠬᠦᠳᠡᠬᠡᠷ ᠢᠶᠠᠨ ᠬᠢᠴᠢᠶᠡᠩᠬᠦ᠋ᠢᠯᠡᠨ ᠵᠤᠭᠰᠤᠵᠥ᠂ ᠲᠤᠮᠳᠠᠳᠤ ᠤᠯᠤᠰ ᠤᠨ ᠠᠷᠠᠳ ᠲᠦᠮᠡᠨ ᠤ ᠴᠢᠯᠥᠬᠡᠯᠡᠯᠳᠡ ᠶᠢᠨ ᠦᠢᠯᠡᠰ ᠪᠤᠯᠤᠨ ᠪᠦᠬᠦᠳᠡ ᠨᠠᠶᠢᠷᠠᠮᠳᠠᠬᠤ ᠤᠯᠤᠰ ᠤᠨ ᠪᠦᠳᠦᠭᠡᠨ ᠪᠠᠶᠢᠭᠤᠯᠤᠯᠳᠠ ᠶᠢᠨ ᠦᠢᠯᠡᠰ ᠤᠨ ᠲᠦᠯᠥᠬᠡ ᠪᠠᠭᠠᠳᠤᠷᠯᠢᠭ ᠢᠶᠠᠷ ᠪᠡᠶ᠎ᠡ ᠦᠷᠡᠭᠳᠡᠭᠰᠡᠡ ᠪᠠᠭᠠᠳᠤᠷᠴᠤᠳ ᠢᠶᠠᠨ ᠨᠠᠮᠠᠨᠴᠢᠯᠠᠨ ᠭᠠᠰᠢᠭᠤᠳᠠᠪᠠ᠃ ᠲᠠᠷᠠᠭ᠎ᠠ ᠨᠢ᠂ ᠪᠠᠭᠠᠴᠤᠳ ᠬᠡᠤᠬᠡᠳ ᠲᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠲᠠᠭᠤᠤ ᠶᠢ ᠲᠠᠭᠤᠯᠠᠪᠠ᠃ ︽ᠴᠡᠴᠡᠭ ᠬᠦᠷᠭᠡᠬᠦ ᠠᠶᠠᠰ︾᠎ ᠤᠨ ᠲᠤᠮᠳᠠ᠂ 14 ᠶᠤᠰᠤᠯᠠᠯ ᠤᠨ ᠴᠡᠷᠢᠭ ᠴᠡᠴᠡᠭᠳᠤ ᠰᠠᠭᠰᠤ ᠶᠢ ᠡᠷᠬᠦᠨ ᠲᠦᠪ ᠠᠯᠬᠤᠭ᠎ᠠ ᠪᠠᠷ ᠲᠤᠷᠠᠰᠬᠠᠯ ᠤᠨ ᠬᠦᠰᠢᠶ᠎ᠠ ᠵᠦᠭ ᠠᠯᠬᠤᠵᠥ᠂ ᠴᠡᠴᠡᠭᠳᠤ ᠰᠠᠭᠰᠤ ᠶᠢ ᠲᠤᠷᠠᠰᠬᠠᠯ ᠤᠨ ᠬᠦᠰᠢᠶ᠎ᠠ ᠶᠢᠨ ᠰᠠᠭᠤᠷᠢᠨ ᠲᠡᠭᠡᠷ᠎ᠡ ᠡᠩᠨᠡᠬᠦᠯᠥᠨ ᠲᠠᠯᠪᠢᠪᠠ᠃      ᠯᠢ ᠵᠢᠢ ᠡᡁᠧᠩ ᠲᠦᠪ ᠬᠢᠴᠢᠶᠡᠩᠬᠦᠢ ᠪᠠᠷ ᠴᠡᠴᠡᠭᠳᠤ ᠰᠠᠭᠰᠤ ᠶᠢᠨ ᠤᠨᠵᠢᠯᠠᠭ᠎ᠠ ᠶᠢ ᠨᠢᠮᠪᠠᠢ ᠲᠢᠭᠯᠡᠵᠥ᠂ ᠲᠤᠷᠠᠰᠬᠠᠯ ᠤᠨ ᠬᠦᠰᠢᠶ᠎ᠡ ᠶᠢ ᠰᠢᠷᠳᠡᠵᠥ ᠲᠤᠷᠠᠰᠬᠠᠯ ᠤᠨ ᠬᠦᠰᠢᠶ᠎ᠡ ᠳᠤ ᠨᠡᠮᠡᠨᠴᠢᠯᠡᠨ ᠶᠤᠰᠤᠯᠠᠪᠠ᠃ ᠦᠪᠡᠷᠳᠡᠭᠡᠨ ᠵᠠᠰᠠᠬᠤ ᠤᠷᠤᠨ ᠤ ᠪᠤᠰᠤᠳ ᠤᠳᠤᠷᠢᠳᠬᠤ ᠨᠦᠬᠦᠳ ᠪᠤᠯᠤᠨ ᠦᠨᠳᠦᠰᠦᠳᠡᠨ ᠨᠦᠬᠦᠳ ᠤᠨ ᠡᠯ᠎ᠡ ᠡᠳᠡᠭᠡᠳ ᠤᠨ ᠲᠦᠯᠥᠭᠡᠯᠡᠭᠴᠢᠳ ᠲᠡᠷᠢᠬᠦᠨ ᠪᠦᠬᠦ᠋ᠢᠨ ᠬᠦᠨᠳᠦᠳᠬᠡᠯ ᠲᠡᠪᠰᠢᠬᠦᠯᠵᠥ᠂ ᠲᠤᠷᠠᠰᠬᠠᠯ ᠤᠨ ᠬᠦᠰᠢᠶ᠎ᠠ ᠳᠤ ᠪᠠᠷᠠᠳᠠᠵᠥ᠂ ᠪᠠᠭᠴᠠ ᠪᠠᠭᠴᠠ ᠤᠳ᠋ᠪᠠᠯ᠎ᠠ ᠴᠡᠴᠡᠭ ᠢᠶᠠᠷ ᠦᠷᠡᠭᠳᠡᠭᠰᠡᠨ ᠪᠠᠭᠠᠳᠤᠷᠴᠤᠳ ᠲᠤ ᠡᠷᠬᠢᠮ ᠲᠡᠭᠡᠳᠤ ᠬᠦᠨᠳᠦᠳᠭᠡᠯ ᠲᠡᠪᠰᠢᠬᠦᠯᠵᠥ ᠪᠠᠶᠢᠬᠤ ᠪᠠᠨ ᠢᠯᠡᠳᠬᠡᠨᠵᠢ᠃      ᠬᠦᠬᠡᠬᠤᠳᠠ ᠳᠤ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠬᠡᠨ ᠤ ᠤᠳᠤᠷᠢᠳᠬᠤ ᠨᠦᠬᠦᠳ ᠪᠤᠯᠤᠨ ᠠᠷᠠᠳ ᠤᠨ ᠦᠨᠳᠤᠷ ᠵᠡᠷᠬᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠲᠠᠷᠤᠭ᠎ᠠ᠂ ᠦᠪᠤᠷ ᠮᠤᠩᠭᠤᠯ ᠤᠨ ᠴᠡᠷᠢᠭ ᠤᠨ ᠲᠤᠭᠤᠷᠢᠭ᠂ ᠵᠡᠪᠰᠡᠭᠳᠤ ᠴᠠᠭᠳᠠᠭ᠎ᠠ ᠪᠤᠯᠤᠨ ᠬᠢᠯᠢ ᠶᠢᠨ ᠬᠠᠮᠠᠭᠠᠯᠠᠯᠳᠡ ᠶᠢᠨ ᠶᠡᠷᠤᠩᠬᠡᠢ ᠠᠩᠬᠢ ᠶᠢᠨ ᠠᠷᠮᠢ ᠶᠢᠨ ᠲᠡᠰ ᠤᠨ ᠤᠳᠤᠷᠢᠳᠤᠯᠭ᠎ᠠ ᠴᠡᠴᠡᠭᠳᠤ ᠰᠠᠭᠰᠤ ᠬᠦᠷᠭᠡᠬᠦ ᠶᠤᠰᠤᠯᠠᠯ ᠳᠤ ᠤᠷᠤᠯᠴᠠᠪᠠ︔ ᠡᠯ᠎ᠡ ᠠᠷᠠᠳᠴᠢᠯᠠᠭᠰᠠᠠ ᠨᠠᠮ ᠪᠦᠯᠥᠭ ᠪᠤᠯᠤᠨ ᠨᠠᠮ ᠪᠦᠯᠥᠭ ᠤᠨ ᠪᠤᠰᠤ ᠬᠦᠮᠥᠰ᠂ ᠬᠡᠰᠡᠭ ᠠᠬᠠᠮᠠᠳ ᠪᠠᠶᠢᠯᠳᠤᠭᠴᠢ᠂ ᠠᠬᠠᠮᠠᠳ ᠨᠦᠬᠦᠳ᠂ ᠦᠷᠡᠭᠳᠡᠭᠰᠡᠨ ᠪᠠᠭᠠᠳᠤᠷᠴᠤᠳ ᠤᠨ ᠲᠦᠷᠦᠯ ᠰᠠᠳᠤᠨ ᠵᠢᠴᠢ ᠬᠦᠬᠡᠬᠤᠳᠠ ᠶᠢᠨ ᠦᠨᠳᠦᠰᠦᠳᠡᠨ ᠨᠦᠭᠦᠳ ᠤᠨ ᠡᠯ᠎ᠡ ᠡᠳᠡᠭᠡᠳ ᠤᠨ ᠲᠦᠯᠥᠭᠡᠯᠡᠭᠴᠢ᠂ ᠬᠦᠬᠡᠬᠤᠳᠠ ᠶᠢᠨ ᠬᠤᠳᠠ ᠶᠢᠨ ᠱᠠᠳᠤᠨ ᠤ ᠤᠳᠤᠷᠢᠳᠬᠤ ᠨᠦᠬᠦᠳ ᠵᠢᠴᠢ ᠪᠠᠶᠢᠭᠤᠯᠭ᠎ᠠ ᠶᠢᠨ ᠺᠠᠳ᠋ᠷ ᠤᠨ ᠲᠦᠯᠥᠭᠡᠯᠡᠭᠴᠢ᠂ ᠬᠦᠬᠡᠬᠤᠳᠠ ᠳᠤ ᠰᠠᠭᠤᠭ᠎ᠠ ᠴᠢᠯᠥᠬᠡᠯᠡᠬᠦ ᠴᠡᠷᠢᠭ᠂ ᠵᠡᠪᠰᠡᠭᠳᠤ ᠴᠠᠭᠳᠠᠭ᠎ᠠ ᠶᠢᠨ ᠲᠠᠷᠤᠭ᠎ᠠ ᠪᠠᠶᠢᠯᠳᠤᠭᠴᠢ ᠪᠤᠯᠤᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠦᠯᠥᠭᠡᠯᠡᠭᠴᠢ ᠨᠡᠶᠢᠳᠡ 1800 ᠭᠠᠷᠤᠢ ᠬᠦᠮᠥᠨ ᠴᠡᠴᠡᠭᠳᠤ ᠰᠠᠭᠰᠤ ᠬᠦᠷᠭᠡᠬᠦ ᠶᠤᠰᠤᠯᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠨᠠᠰᠤᠨᠮᠦ᠋ᠩᠬᠡ ᠶᠤᠰᠤᠯᠠᠯ ᠢ ᠡᠷᠬᠢᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号