ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ ᠰᠢᠶᠠᠨ ᠪᠤᠯᠬᠤ ᠪᠠᠶᠠᠨᠨᠠᠭᠤᠷ ᠬᠤᠲᠠ ᠶᠢᠨ ᠳ᠋ᠸᠡᠭᠺᠸᠤ ᠰᠢᠶᠠᠨ ᠤ ᠶᠠᠳᠠᠭᠤ ᠠᠴᠠ ᠠᠩᠬᠢᠵᠢᠷᠠᠬᠤ ᠠᠵᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2016/10/8
      ᠲᠤᠰ ᠲᠥᠷᠥᠯ ᠵᠦᠢᠯ ᠨᠢ ᠪᠠᠶᠠᠨᠨᠠᠭᠤᠷ ᠬᠤᠲᠠ ᠶᠢᠨ ᠳ᠋ᠸᠡᠭᠺᠸᠤ ᠰᠢᠶᠠᠨ ᠤ 6 ᠵᠦᠢᠯ ᠤᠨ ᠴᠢᠬᠤᠯᠠ ᠶᠡᠭᠡ ᠪᠡᠯᠡᠭ ᠤᠨ ᠠᠵᠢᠯ ᠤᠨ ᠨᠢᠭᠡ ᠨᠢ ᠪᠠᠶᠢᠵᠤ᠂ 2016 — 2017 ᠤᠨ ᠳᠤ ᠪᠦᠲᠦᠭᠡᠨ ᠪᠠᠶᠢᠭᠤᠯᠬᠤ ᠪᠤᠯᠤᠨ᠎ᠠ᠃ ᠳᠤᠯᠤᠳᠤᠭᠠᠷ ᠰᠠᠷ᠎ᠠ ᠶᠢᠨ ᠡᠴᠦᠰ ᠪᠣᠯᠲᠠᠯ᠎ᠠ᠂ 1524 ᠡᠷᠦᠬᠡ ᠳᠤ ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢ5656 ᠲᠦᠮᠡᠨ ᠲᠥᠭᠦᠷᠢᠭ ᠰᠢᠨ᠎ᠡ ᠪᠠᠷ ᠨᠡᠮᠡᠨ ᠲᠠᠯᠪᠢᠵᠤ᠂ ᠪᠦᠬᠦ ᠲᠠᠯᠪᠢᠭᠰᠠᠨ ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠨᠢ 1.9167 ᠳ᠋ᠦᠡᠭᠰᠢᠭᠤᠷ ᠲᠥᠭᠦᠷᠢᠭ ᠲᠤ ᠬᠦᠷᠪᠡ᠃ 817 ᠡᠷᠦᠭᠡ1578 ᠬᠥᠮᠦᠨ ᠢ ᠨᠡᠭᠦᠯᠭᠡᠬᠦ ᠠᠵᠢᠯ ᠢ ᠨᠢᠭᠡᠨᠲᠡ ᠨᠠᠶᠢᠳᠠᠪᠤᠷᠢᠵᠢᠭᠤᠯᠪᠠ᠃ ᠣᠳᠣᠬᠠᠨ ᠳᠤ᠂ ᠲᠦᠪᠯᠡᠷᠡᠭᠦᠯᠦᠨ ᠲᠦᠪᠬᠢᠨᠡᠭᠦᠯᠦᠯᠲᠡ ᠳᠤ ᠣᠷᠣᠨ ᠰᠠᠭᠤᠴᠠ ᠶᠢᠨ ᠭᠤᠣᠯ ᠴᠤᠭᠴᠠᠲᠤ ᠢᠨᠵᠧᠨᠧᠷᠢᠩ ᠢ 218 ᠡᠷᠦᠬᠡ 491 ᠬᠥᠮᠦᠨ 12940 ᠲᠡᠭᠰᠢ ᠳᠥᠷᠪᠡᠯᠵᠢᠨ ᠮᠧᠲᠷ ᠢ ᠪᠡᠶᠡᠯᠡᠭᠦᠯᠪᠡ᠂ ᠡᠭᠦᠨ ᠳᠤ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 131 ᠡᠷᠦᠬᠡ 256 ᠬᠥᠮᠦᠨ 5980 ᠲᠡᠭᠰᠢ ᠳᠥᠷᠪᠡᠯᠵᠢᠨ ᠮᠧᠲᠷ ᠪᠠᠶᠢᠨ᠎ᠠ᠂ ᠵᠡᠷᠭᠡ ᠳᠤᠨᠢ ᠨᠡᠭᠦᠯᠭᠡᠬᠦ 87 ᠡᠷᠦᠭᠡ 235 ᠬᠥᠮᠦᠨ 6960 ᠲᠡᠭᠰᠢ ᠳᠥᠷᠪᠡᠯᠵᠢᠨ ᠮᠧᠲᠷ ᠪᠠᠶᠢᠨ᠎ᠠ︔ ᠲᠠᠷᠬᠠᠢ ᠪᠤᠳᠠᠷᠬᠠᠢ ᠲᠦᠪᠬᠢᠨᠡᠭᠦᠯᠦᠯᠲᠡ ᠳᠤ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 151 ᠡᠷᠦᠬᠡ 287 ᠬᠥᠮᠦᠨ 7320 ᠲᠡᠭᠰᠢ ᠳᠥᠷᠪᠡᠯᠵᠢᠨ ᠮᠧᠲᠷ ᠪᠠᠶᠢᠨ᠎ᠠ᠃ ᠨᠢᠭᠡᠨᠲᠡ ᠪᠠᠶᠢᠭᠤᠯᠤᠭᠰᠠᠨ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠤᠶᠠᠷ ᠬᠦᠷᠢᠶᠡᠯᠡᠩ ᠳᠤ ᠨᠢᠭᠡᠨᠲᠡ ᠶᠠᠳᠠᠭᠤ ᠬᠦᠴᠢᠷᠳᠡᠯᠲᠠᠢ 38 ᠡᠷᠦᠬᠡ ᠶᠢ ᠲᠦᠪᠬᠢᠨᠡᠭᠦᠯᠪᠡ᠃ 2016 ᠣᠨ ᠳᠤ 2874 ᠬᠥᠮᠦᠨ ᠢ ᠶᠠᠳᠠᠭᠤ ᠠᠴᠠ ᠠᠩᠬᠢᠵᠢᠷᠠᠭᠤᠯᠪᠠ᠂ ᠡᠭᠦᠨ ᠳᠤ 393 ᠬᠥᠮᠦᠨ ᠢ ᠠᠵᠤ ᠦᠢᠯᠡᠰ ᠤᠨ ᠲᠡᠳᠭᠦᠯᠲᠡ ᠪᠤᠯᠤᠨ ᠰᠢᠯᠵᠢᠭᠦᠯᠦᠨ ᠠᠵᠢᠯ ᠤᠯᠭᠤᠯᠲᠠ ᠪᠠᠷ ᠶᠠᠳᠠᠭᠤ ᠠᠴᠠ ᠠᠩᠬᠢᠵᠢᠷᠠᠭᠤᠯᠵᠤ᠂ 522 ᠬᠥᠮᠦᠨ ᠢ ᠣᠨᠳᠣᠣ ᠭᠠᠵᠠᠷ ᠤᠨ ᠨᠡᠭᠦᠯᠭᠡᠯᠲᠡ ᠪᠠᠷ ᠶᠠᠳᠠᠭᠤ ᠠᠴᠠ ᠠᠩᠬᠢᠵᠢᠷᠠᠭᠤᠯᠵᠤ᠂ 55 ᠬᠥᠮᠦᠨ ᠢ ᠰᠤᠷᠭᠠᠨ ᠬᠥᠮᠦᠵᠢᠯ ᠤᠨ ᠲᠡᠳᠭᠦᠯᠲᠡ ᠪᠠᠷ ᠶᠠᠳᠠᠭᠤ ᠠᠴᠠ ᠠᠩᠬᠢᠵᠢᠷᠠᠭᠤᠯᠵᠤ᠂ 60 ᠬᠥᠮᠦᠨ ᠢ ᠠᠮᠢ ᠠᠬᠤᠶ ᠶᠢᠨ ᠬᠠᠮᠠᠭᠠᠯᠠᠯᠲᠠ ᠢᠶᠠᠷ ᠶᠠᠳᠠᠭᠤ ᠠᠴᠠ ᠠᠩᠬᠢᠵᠢᠷᠠᠭᠤᠯᠵᠤ᠂ 1844 ᠬᠥᠮᠦᠨ ᠢ ᠨᠡᠶᠢᠭᠡᠮ ᠤᠨ ᠪᠠᠲᠤᠯᠠᠭ᠎ᠠ ᠪᠠᠷ ᠶᠠᠳᠠᠭᠤ ᠠᠴᠠ ᠠᠩᠬᠢᠵᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号