ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠤᠯᠠᠮ ᠨᠢᠭᠡ ᠠᠯᠬᠤᠮ ᠳᠠᠶᠢᠴᠢᠯᠠᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠳᠤ ᠣᠷᠤᠯᠴᠠᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2016/10/8
            ᠥᠪᠥᠷ ᠵᠠᠰᠠᠭ ᠠᠯᠪᠠᠨ ᠲᠠᠷᠬᠠᠭᠠᠭᠰᠠᠨ ﹇2016﹈ 34 ᠳ᠋ᠤᠭᠡᠷ ᠲᠤᠭᠠᠳᠤ                    2016 ᠣᠨ ᠤ 4 ᠳ᠋ᠤᠭᠡᠷ ᠰᠠᠷ᠎ᠠ ᠶᠢᠨ 1᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠤᠯᠠᠮ ᠨᠢᠭᠡ ᠠᠯᠬᠤᠮ ᠳᠠᠶᠢᠴᠢᠯᠠᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠳᠤ ᠣᠷᠤᠯᠴᠠᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2014﹈ 58 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠂ ᠶᠠᠳᠠᠭᠤ ᠶᠢ ᠲᠡᠳᠭᠦᠨ ᠬᠦᠴᠢᠷᠳᠡᠯᠲᠡᠢ ᠶᠢ ᠬᠠᠪᠰᠤᠷᠤᠨ ᠲᠤᠰᠠᠯᠠᠭᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ᠬᠦᠮᠦᠨ ᠪᠦᠬᠦᠨ ᠳᠤᠷᠠᠲᠠᠶ᠎ᠠ ᠬᠢᠬᠦ᠂ ᠬᠦᠮᠦᠨ ᠪᠦᠬᠦᠨ ᠬᠢᠵᠦ ᠪᠣᠯᠬᠤ᠂ ᠬᠦᠮᠦᠨ ᠪᠦᠬᠦᠨ ᠬᠢᠵᠦ ᠳᠡᠶᠢᠯᠬᠦ ᠨᠡᠶᠢᠭᠡᠮ ᠤᠨ ᠶᠠᠳᠠᠭᠤ ᠶᠢ ᠲᠡᠳᠭᠦᠬᠦ ᠳᠤ ᠣᠷᠤᠯᠴᠠᠬᠤ ᠲᠣᠭᠲᠠᠴᠠ ᠳᠤ ᠰᠢᠨ᠎ᠡ ᠶᠢ ᠡᠭᠦᠳᠦᠨ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠠᠯᠬᠤᠴᠠ ᠶᠢ ᠲᠦᠷᠭᠡᠳᠭᠡᠨ᠎ᠡ᠃      ᠬᠤᠶᠠᠷ᠂ ᠦᠨᠳᠦᠰᠦᠨ ᠵᠠᠷᠴᠢᠮ      ᠵᠠᠰᠠᠭ ᠤᠨ ᠣᠷᠳᠣᠨ ᠬᠦᠲᠦᠯᠦᠨ ᠵᠢᠯᠣᠭᠤᠳᠬᠤ ᠶᠢ ᠪᠠᠷᠢᠮᠲᠠᠯᠠᠨ᠎ᠠ᠃ ᠵᠣᠬᠢᠶᠠᠨ ᠪᠠᠶᠢᠭᠤᠯᠤᠨ ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠬᠢᠨ ᠤ ᠣᠷᠤᠯᠴᠠᠬᠤ ᠲᠡᠪᠴᠡᠩ ᠢ ᠪᠠᠶᠢᠭᠤᠯᠤᠨ᠂ ᠲᠥᠷᠥ ᠶᠢᠨ ᠪᠣᠳᠣᠯᠭ᠎ᠠ ᠪᠠᠷ ᠲᠤᠯᠭᠠᠭᠤᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠨ᠎ᠠ᠃      ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠶᠢ ᠪᠠᠷᠢᠮᠲᠠᠯᠠᠨ᠎ᠠ᠃ ᠳᠠᠩᠰᠠ ᠡᠪᠬᠡᠮᠡᠯ ᠪᠠᠶᠢᠭᠤᠯᠵᠤ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ᠂ ᠶᠠᠳᠠᠭᠤ ᠬᠦᠴᠢᠷᠳᠡᠯᠲᠡᠢ ᠡᠷᠦᠬᠡ ᠶᠢ ᠦᠨᠳᠦᠰᠦᠨ ᠲᠡᠳᠭᠦᠬᠦ ᠡᠲᠡᠭᠡᠳ ᠪᠣᠯᠭᠠᠵᠤ᠂ ᠨᠡᠶᠢᠭᠡᠮ ᠤᠨ ᠶᠠᠳᠠᠭᠤ ᠶᠢ ᠲᠡᠳᠭᠦᠬᠦ ᠡᠬᠢ ᠪᠠᠶᠠᠯᠢᠭ ᠤᠨ ᠳᠠᠶᠢᠴᠢᠯᠠᠯᠲᠠ ᠶᠢ ᠵᠢᠷᠤᠮᠵᠢᠭᠤᠯᠬᠤ᠂ ᠲᠣᠬᠢᠷᠠᠭᠤᠯᠤᠯᠲᠠ ᠶᠢ ᠲᠦᠢᠯ ᠤᠨ ᠣᠨᠣᠪᠴᠢᠯᠠᠬᠤ ᠪᠠ ᠬᠡᠷᠡᠭᠯᠡᠯᠲᠡ ᠶᠢ ᠲᠤᠰᠬᠠᠶᠢᠵᠢᠭᠤᠯᠬᠤ ᠶᠢ ᠠᠬᠢᠭᠤᠯᠤᠨ᠂ ᠪᠡᠯᠡ ᠮᠦᠩᠭᠦ ᠬᠡᠷᠡᠭᠯᠡᠬᠦ ᠶᠢ ᠲᠦᠢᠯ ᠤᠨ ᠣᠨᠣᠪᠴᠢᠲᠠᠢ ᠪᠣᠯᠭᠠᠵᠤ᠂ ᠲᠦᠷᠦᠯ ᠵᠦᠢᠯ ᠲᠣᠬᠢᠷᠠᠭᠤᠯᠬᠤ ᠶᠢ ᠲᠦᠢᠯ ᠤᠨ ᠣᠨᠣᠪᠴᠢᠲᠠᠢ ᠪᠣᠯᠭᠠᠨ᠂ ᠬᠠᠪᠰᠤᠷᠤᠨ ᠲᠡᠳᠭᠦᠬᠦ ᠠᠷᠭ᠎ᠠ ᠬᠡᠮᠵᠢᠶ᠎ᠡ ᠶᠢ ᠲᠦᠢᠯ ᠤᠨ ᠣᠨᠣᠪᠴᠢᠲᠠᠢ ᠪᠣᠯᠭᠠᠵᠤ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠮᠵᠢ ᠶᠢ ᠲᠦᠢᠯ ᠤᠨ ᠣᠨᠣᠪᠴᠢᠲᠠᠢ ᠪᠣᠯᠭᠠᠨ᠎ᠠ᠃      ᠣᠯᠠᠨ ᠡᠰᠢᠲᠦ ᠭᠤᠣᠯ ᠴᠣᠭᠴᠠ ᠶᠢ ᠪᠠᠷᠢᠮᠲᠠᠯᠠᠨ᠎ᠠ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠵᠦᠢᠯ ᠤᠨ ᠬᠡᠯᠪᠡᠷᠢ ᠶᠠᠩᠵᠤ ᠶᠢᠨ ᠬᠠᠪᠰᠤᠷᠤᠨ ᠲᠡᠳᠭᠦᠬᠦ ᠠᠷᠭ᠎ᠠ ᠬᠡᠮᠵᠢᠶ᠎ᠡ ᠶᠢ ᠠᠪᠴᠤ ᠪᠠᠶᠢᠭᠠᠳ᠂ ᠶᠠᠳᠠᠭᠤ ᠶᠢ ᠲᠡᠳᠭᠦᠨ ᠬᠦᠴᠢᠷᠳᠡᠯᠲᠡᠢ ᠶᠢ ᠬᠠᠪᠰᠤᠷᠤᠨ ᠲᠤᠰᠠᠯᠠᠬᠤ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠢ ᠪᠣᠯᠭᠠᠨ᠎ᠠ᠃      ᠣᠯᠠᠨ ᠲᠦᠮᠡᠨ ᠢ ᠣᠷᠤᠯᠴᠠᠭᠤᠯᠬᠤ ᠶᠢ ᠪᠠᠷᠢᠮᠲᠠᠯᠠᠨ᠎ᠠ᠃ ᠬᠠᠪᠰᠤᠷᠤᠨ ᠲᠡᠳᠭᠦᠬᠦ ᠬᠤᠶᠠᠷ ᠲᠠᠯ᠎ᠠ ᠶᠢᠨ ᠬᠦᠰᠡᠯ ᠡᠷᠡᠮᠡᠯᠵᠡᠯ ᠢ ᠭᠦᠢᠴᠡᠳ ᠬᠦᠨᠳᠦᠳᠭᠡᠵᠦ᠂ ᠣᠶᠢᠯᠠᠭᠠᠯᠴᠠᠵᠤ ᠬᠠᠷᠢᠯᠴᠠᠨ ᠦᠢᠯᠡᠳᠦᠯᠴᠡᠬᠦ ᠶᠢ ᠠᠬᠢᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠳᠤᠳᠤᠭᠠᠲᠤ ᠶᠢᠨ ᠬᠦᠳᠡᠯᠭᠡᠬᠦ ᠬᠦᠴᠦᠨ ᠢ ᠤᠷᠮᠠᠰᠢᠭᠤᠯᠤᠨ ᠬᠥᠭᠵᠢᠭᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠶᠠᠳᠠᠭᠤ ᠶᠢ ᠲᠡᠳᠭᠦᠬᠦ ᠳᠤ ᠣᠷᠤᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃      ᠭᠤᠷᠪᠠ᠂ ᠶᠠᠳᠠᠭᠤ ᠶᠢ ᠲᠡᠳᠭᠦᠬᠦ ᠳᠤ ᠣᠷᠤᠯᠴᠠᠬᠤ ᠭᠤᠣᠯ ᠴᠤᠭᠴᠠ ᠶᠢᠨ ᠭᠤᠣᠯ ᠡᠭᠦᠷᠭᠡ      ︵ᠨᠢᠭᠡ︶ ᠲᠥᠪ ᠬᠤᠷᠢᠶ᠎ᠠ ᠪᠠ ᠲᠥᠷᠥ ᠶᠢᠨ ᠠᠯᠪᠠᠨ ᠪᠠᠶᠢᠭᠤᠯᠭ᠎ᠠ ᠶᠢᠨ ᠴᠢᠬ ᠲᠣᠭᠲᠠᠭᠠᠨ ᠶᠠᠳᠠᠭᠤ ᠶᠢ ᠲᠡᠳᠭᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃      ᠲᠥᠪ ᠬᠤᠷᠢᠶ᠎ᠠ ᠪᠠ ᠲᠥᠷᠥ ᠶᠢᠨ ᠠᠯᠪᠠᠨ ᠪᠠᠶᠢᠭᠤᠯᠭ᠎ᠠ ᠶᠢᠨ ᠴᠢᠬ ᠲᠣᠭᠲᠠᠭᠠᠨ ᠶᠠᠳᠠᠭᠤ ᠶᠢ ᠲᠡᠳᠭᠦᠬᠦ 26 ᠨᠢᠭᠡᠴᠡ ᠶᠢ ᠢᠳᠡᠪᠬᠢᠲᠡᠢ ᠬᠠᠷᠢᠯᠴᠠᠨ ᠵᠣᠬᠢᠴᠠᠭᠤᠯᠵᠤ᠂ ᠴᠢᠬ ᠲᠣᠭᠲᠠᠭᠠᠨ ᠬᠠᠪᠰᠤᠷᠤᠨ ᠲᠡᠳᠭᠦᠬᠦ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠳᠤ ᠪᠠᠶᠢᠳᠠᠯ ᠪᠠ ᠪᠣᠲᠠᠲᠠᠢ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠲᠦᠷ ᠴᠠᠭ ᠲᠤᠰᠢᠶᠠᠯ ᠡᠭᠦᠷᠭᠡᠯᠡᠭᠦᠯᠦᠨ ᠲᠤᠰᠢᠶᠠᠯ ᠬᠠᠷᠢᠭᠤᠴᠠᠭᠤᠯᠬᠤ ᠪᠠ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠳᠤ ᠤᠴᠢᠵᠤ ᠨᠠᠮ ᠤᠨ ᠡᠭᠦᠷ ᠤᠨ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠦᠯᠵᠦ᠂ ᠬᠠᠪᠰᠤᠷᠤᠨ ᠲᠡᠳᠭᠦᠬᠦ ᠠᠵᠢᠯ ᠤᠨ ᠲᠦᠯᠦᠪᠵᠢᠭᠦᠯᠭᠡ ᠶᠢ ᠬᠠᠪᠰᠤᠷᠤᠨ ᠲᠣᠭᠲᠠᠭᠠᠵᠤ᠂ ᠴᠢᠬ ᠲᠣᠭᠲᠠᠭᠠᠨ ᠶᠠᠳᠠᠭᠤ ᠶᠢ ᠲᠡᠳᠭᠦᠬᠦ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠶᠠᠳᠠᠭᠤ ᠶᠢ ᠲᠡᠳᠭᠦᠬᠦ ᠡᠲᠡᠭᠡᠳ ᠤᠨ ᠬᠢᠨ ᠤ ᠦᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠶᠢ ᠪᠡᠶᠡᠯᠡᠭᠦᠯᠦᠨ᠎ᠡ᠃      ︵ᠬᠤᠶᠠᠷ︶ ᠰᠢᠰᠲ᠋ᠧᠮ ᠢᠶᠠᠷ ᠢᠶᠠᠨ ᠬᠠᠪᠰᠤᠷᠤᠨ ᠲᠡᠳᠭᠦᠬᠦ ᠠᠵᠢᠯ ᠢ ᠭᠦᠨᠵᠡᠭᠡᠶᠢᠷᠡᠭᠦᠯᠦᠨ᠎ᠡ᠃      ᠪᠡᠭᠡᠵᠢᠩ ᠬᠤᠲᠠ ᠶᠢᠨ 16 ᠲᠣᠭᠤᠷᠢᠭ ᠰᠢᠶᠠᠨ ᠠᠴᠠ ᠮᠠᠨ ᠤ ᠣᠷᠣᠨ ᠤ ᠤᠯᠠᠭᠠᠠᠬᠠᠳᠠ ᠬᠤᠲᠠ᠂ ᠤᠯᠠᠭᠠᠨᠴᠠᠪ ᠬᠤᠲᠠ ᠶᠢ ᠰᠢᠰᠲ᠋ᠧᠮ ᠢᠶᠠᠷ ᠢᠶᠠᠨ ᠬᠠᠪᠰᠤᠷᠤᠨ ᠲᠡᠳᠭᠦᠬᠦ ᠪᠠ ᠣᠷᠳᠤᠰ ᠬᠤᠲᠠ ᠠᠴᠠ ᠬᠢᠩᠭᠠᠨ ᠠᠶᠢᠮᠠᠭ ᠢ ᠰᠢᠰᠲ᠋ᠧᠮ ᠢᠶᠠᠷ ᠢᠶᠠᠨ ᠬᠠᠪᠰᠤᠷᠤᠨ ᠲᠡᠳᠭᠦᠬᠦ ᠠᠵᠢᠯ ᠢ ᠭᠦᠨᠵᠡᠭᠡᠶᠢᠷᠡᠭᠦᠯᠵᠦ᠂ ᠬᠠᠮᠵᠢᠯᠴᠠᠬᠤ ᠬᠤᠶᠠᠷ ᠲᠠᠯ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠬᠤᠲᠠ ᠰᠢᠶᠠᠨ ᠨᠢ ᠱᠠᠲᠤ ᠱᠠᠲᠤ ᠪᠠᠷ ᠢᠶᠠᠨ ᠬᠤᠣᠰᠯᠠᠨ ᠬᠤᠯᠪᠤᠭᠠᠯᠠᠵᠦ᠂ ᠠᠵᠢᠯ ᠲᠦᠷᠦᠯ ᠰᠠᠯᠠᠭ᠎ᠠ ᠮᠦᠴᠢᠷ ᠨᠢ ᠰᠢᠰᠲ᠋ᠧᠮ ᠢᠶᠠᠷ ᠢᠶᠠᠨ ᠬᠠᠪᠰᠤᠷᠤᠨ ᠲᠡᠳᠭᠦᠨ᠎ᠡ᠃ ᠰᠢᠰᠲ᠋ᠧᠮ ᠢᠶᠠᠷ ᠢᠶᠠᠨ ᠬᠠᠪᠰᠤᠷᠤᠨ ᠲᠡᠳᠭᠦᠬᠦ ᠠᠵᠢᠯ ᠢ ᠣᠳᠣ ᠶᠢᠨ ᠪᠠᠶᠢᠭ᠎ᠠ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠰᠢᠢᠳᠪᠦᠷᠢᠯᠡᠬᠦ ᠬᠠᠷᠠᠯᠲᠠ ᠯᠤᠭ᠎ᠠ ᠪᠦᠲᠦᠮᠵᠢᠲᠡᠢ ᠵᠤᠯᠭᠠᠭᠤᠯᠵᠤ᠂ ᠬᠠᠪᠰᠤᠷᠤᠨ ᠲᠡᠳᠭᠦᠬᠦ ᠠᠵᠢᠯ ᠢ ᠲᠤᠰᠬᠤᠨ ᠪᠠ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠲᠦᠯᠦᠪᠵᠢᠭᠦᠯᠭᠡ ᠶᠢ ᠲᠤᠰᠬᠤᠨ ᠪᠠ ᠡᠷᠦᠬᠡ ᠳᠤ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠲᠤᠰᠬᠤᠨ ᠪᠠ ᠡᠷᠦᠬᠡ ᠳᠤ ᠨᠠᠶᠢᠳᠠᠪᠤᠷᠢᠵᠢᠭᠤᠯᠤᠨ᠂ ᠺᠠᠳ᠋ᠷ ᠢ ᠲᠤᠰᠬᠤᠨ ᠪᠠ ᠡᠷᠦᠬᠡ ᠨᠢᠭᠡᠪᠦᠷᠢ ᠳᠤ ᠪᠠᠭᠤᠯᠭᠠᠬᠤ ᠶᠢ ᠭᠦᠢᠴᠡᠳᠭᠡᠬᠦ ᠪᠠᠷ ᠴᠢᠷᠮᠠᠶᠢᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠡᠳᠭᠡᠵᠦ᠂ ᠬᠤᠶᠠᠷ ᠲᠠᠯ᠎ᠠ ᠶᠢᠨ ᠡᠬᠢ ᠪᠠᠶᠠᠯᠢᠭ᠂ ᠠᠵᠤ ᠦᠢᠯᠡᠰ᠂ ᠮᠡᠷᠭᠡᠵᠢᠯᠲᠦ ᠴᠢᠳᠠᠪᠤᠷᠢᠲᠠᠨ ᠵᠡᠷᠭᠡ ᠬᠦᠴᠦᠨ ᠵᠦᠢᠯ ᠤᠨ ᠰᠢᠯᠢᠳᠡᠭᠵᠢᠭᠦᠯᠦᠨ ᠲᠤᠬᠢᠷᠠᠭᠤᠯᠬᠤ ᠶᠢ ᠠᠬᠢᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠠᠰᠢᠭ ᠣᠯᠵᠣ ᠬᠠᠮᠲᠤᠪᠠᠷ ᠲᠤᠰᠠ ᠬᠦᠷᠲᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠤᠳᠠᠳᠤ ᠬᠦᠴᠦᠨ ᠲᠠᠢ ᠠᠵᠤ ᠠᠬᠤᠶᠢᠯᠠᠯ ᠢ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠪᠡᠯᠡ ᠣᠷᠤᠭᠤᠯᠤᠯᠲᠠ ᠬᠢᠵᠦ ᠠᠵᠤ ᠦᠢᠯᠡᠰ ᠢ ᠬᠥᠭᠵᠢᠭᠦᠯᠦᠨ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠬᠦ ᠪᠠᠷ ᠳᠠᠶᠢᠴᠢᠯᠠᠵᠤ᠂ ᠲᠣᠬᠠᠢ ᠶᠢᠨ ᠭᠠᠵᠠᠷ ᠤᠨ ᠠᠵᠤ ᠠᠬᠤᠢ ᠶᠢ ᠬᠥᠭᠵᠢᠭᠦᠯᠬᠦ ᠪᠠ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ ᠨᠡᠶᠢᠭᠡᠮ ᠤᠨ ᠬᠠᠪᠰᠤᠷᠤᠨ ᠲᠡᠳᠭᠦᠬᠦ ᠶᠢ ᠵᠣᠬᠢᠶᠠᠨ ᠪᠠᠶᠢᠭᠤᠯᠬᠤ᠂ ᠴᠢᠳᠠᠪᠤᠷᠢᠲᠠᠨ ᠢᠶᠠᠷ ᠳᠡᠮᠵᠢᠬᠦ ᠶᠢ ᠴᠢᠩᠭᠠᠳᠬᠠᠬᠤ᠂ ᠬᠠᠮᠲᠤᠷᠠᠨ ᠰᠤᠷᠭᠠᠭᠤᠯᠢ ᠡᠷᠬᠢᠯᠡᠬᠦ᠂ ᠵᠠᠬᠢᠶᠠᠯᠠᠭ᠎ᠠ ᠪᠠᠷ ᠪᠣᠯᠪᠠᠰᠤᠷᠠᠭᠤᠯᠤᠯ ᠬᠢᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠨ᠂ ᠬᠠᠪᠰᠤᠷᠤᠨ ᠲᠡᠳᠭᠦᠬᠦ ᠠᠵᠢᠯ ᠢ ᠪᠤᠳᠠᠳᠤ ᠦᠷ᠎ᠡ ᠪᠦᠲᠦᠮᠵᠢ ᠲᠠᠢ ᠪᠣᠯᠭᠠᠨ᠎ᠠ᠃      ︵ᠭᠤᠷᠪᠠ︶ ᠦᠪᠡᠷᠲᠡᠭᠡᠨ ᠵᠠᠰᠠᠬᠤ ᠣᠷᠣᠨ ᠤ ᠱᠠᠲᠤᠨ ᠤ ᠤᠳᠤᠷᠢᠳᠤᠯᠭ᠎ᠠ ᠶᠢᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠲᠠᠢ ᠬᠠᠷᠢᠯᠴᠠᠬᠤ ᠠᠵᠢᠯ ᠢ ᠭᠦᠨᠵᠡᠭᠡᠢ ᠠᠬᠢᠭᠤᠯᠤᠨ᠎ᠠ᠃      ᠠᠷᠠᠳ ᠢᠶᠠᠨ ᠪᠠᠶᠠᠵᠢᠭᠤᠯᠵᠤ ᠰᠢᠶᠠᠨ ᠢ ᠬᠦᠴᠦᠷᠭᠡᠭᠵᠢᠭᠦᠯᠬᠦ ᠪᠠᠷ ᠡᠭᠦᠰᠦᠴᠡ ᠪᠠ ᠳᠤᠰᠤᠯᠲᠠ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ᠱᠠᠲᠤᠨ ᠤ ᠤᠳᠤᠷᠢᠳᠤᠯᠭ᠎ᠠ ᠶᠢᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠲᠠᠢ ᠬᠠᠷᠢᠯᠴᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠰᠠᠭᠤᠷᠢ ᠪᠡᠯᠡᠳᠭᠡᠮᠵᠢ᠂ ᠣᠯᠠᠨ ᠨᠡᠶᠢᠲᠡ ᠶᠢᠨ ᠦᠢᠯᠡᠴᠢᠯᠡᠭᠡ᠂ ᠣᠨᠴᠠᠯᠢᠭ ᠲᠠᠢ ᠠᠵᠤ ᠦᠢᠯᠡᠰ᠂ ᠲᠤᠰᠬᠤᠨ ᠤ ᠦᠡᠭᠭᠡ ᠳᠦᠷᠰᠦ᠂ ᠠᠮᠢ ᠠᠬᠤᠢ ᠶᠢᠨ ᠣᠷᠴᠢᠨ ᠲᠣᠭᠤᠷᠢᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ︽ᠵᠢᠷᠭᠤᠭᠠᠨ ᠵᠦᠢᠯ ᠤᠨ ᠡᠭᠦᠷᠭᠡ︾᠎ ᠶᠢᠨ ᠲᠣᠭᠤᠷᠢᠨ ᠳᠤ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠢᠶᠠᠷ ᠨᠢᠭᠡᠴᠡ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ᠱᠠᠲᠤᠨ ᠤ ᠤᠳᠤᠷᠢᠳᠤᠯᠭ᠎ᠠ ᠠᠴᠠ ᠲᠦᠷᠦᠭᠦᠯᠡᠨ᠂ ᠦᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠬᠠᠪᠰᠤᠷᠤᠨ ᠲᠡᠳᠭᠦᠬᠦ ᠨᠢᠭᠡᠴᠡ ᠶᠢ ᠵᠣᠬᠢᠶᠠᠨ ᠪᠠᠶᠢᠭᠤᠯᠵᠤ ᠪᠠᠶᠢᠭᠠᠳ ᠴᠢᠬ ᠪᠠ ᠨᠡᠶᠢᠳᠡᠮ ᠢ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠯᠤᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠪᠦᠬᠦᠯᠢ ᠴᠤᠭᠴᠠ ᠶᠢᠨ ᠬᠥᠭᠵᠢᠯᠲᠡ ᠶᠢ ᠠᠬᠢᠭᠤᠯᠤᠨ᠂ ᠬᠠᠷᠢᠯᠴᠠᠬᠤ ᠠᠵᠢᠯ ᠢ ᠲᠤᠰᠬᠤᠨ ᠪᠠ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠦᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠦᠷᠨᠢᠭᠦᠯᠦᠨ᠎ᠡ᠃      ︵ᠳᠥᠷᠪᠡ︶ ᠦᠪᠡᠷᠲᠡᠭᠡᠨ ᠵᠠᠰᠬᠠᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠴᠢᠬ ᠲᠣᠭᠲᠠᠭᠠᠨ ᠬᠠᠪᠰᠤᠷᠤᠨ ᠲᠡᠳᠭᠦᠬᠦ ᠪᠠ ᠲᠤᠰᠬᠤᠨ ᠳᠤ ᠰᠠᠭᠤᠵᠤ ᠬᠠᠪᠰᠤᠷᠤᠨ ᠲᠡᠳᠭᠦᠬᠦ ᠠᠵᠢᠯ ᠢ ᠴᠢᠩᠭᠠᠷᠠᠭᠤᠯᠤᠨ᠎ᠠ᠃      ᠦᠪᠡᠷᠲᠡᠭᠡᠨ ᠵᠠᠰᠠᠬᠤ ᠣᠷᠣᠨ ᠤ 171 ᠰᠠᠯᠠᠭ᠎ᠠ ᠮᠦᠴᠢᠷ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠬᠢᠩᠭᠠᠨ ᠠᠶᠢᠮᠠᠭ ᠤᠨ 105 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ᠂ ᠤᠯᠠᠭᠠᠨᠴᠠᠪ ᠬᠤᠲᠠ ᠶᠢᠨ 66 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠢ ᠴᠢᠬ ᠲᠣᠭᠲᠠᠭᠠᠨ ᠬᠠᠪᠰᠤᠷᠤᠨ ᠲᠡᠳᠭᠦᠬᠦ᠂ ᠦᠪᠡᠷᠲᠡᠭᠡᠨ ᠵᠠᠰᠬᠠᠤ ᠣᠷᠣᠨ ᠤ 22 ᠰᠠᠯᠠᠭ᠎ᠠ ᠮᠦᠴᠢᠷ ᠣᠷᠣᠨ ᠪᠦᠰᠡ ᠠᠴᠠ ᠤᠷᠴᠤᠨ ᠤ ᠦᠪᠡᠷᠲᠡᠭᠡᠨ ᠵᠠᠰᠬᠠᠤ ᠬᠤᠰᠢᠭᠤ᠂ ᠮᠣᠷᠢᠨᠲᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠬᠠᠤ ᠬᠤᠰᠢᠭᠤ ᠶᠢ ᠬᠠᠪᠰᠤᠷᠤᠨ ᠲᠡᠳᠭᠦᠬᠦ᠂ ᠦᠪᠡᠷᠲᠡᠭᠡᠨ ᠵᠠᠰᠠᠬᠤ ᠣᠷᠣᠨ ᠤ 15 ᠰᠠᠯᠠᠭ᠎ᠠ ᠮᠦᠴᠢᠷ ᠠᠴᠠ ᠡᠷᠭᠦᠨ᠎ᠡ ᠬᠤᠲᠠ ᠶᠢᠨ ᠣᠷᠣᠰ ᠦᠨᠳᠦᠰᠦᠲᠡᠨ ᠤ ᠲᠦᠪᠯᠡᠷᠡᠨ ᠰᠠᠭᠤᠭᠰᠠᠨ ᠣᠷᠣᠨ ᠢ ᠬᠠᠪᠰᠤᠷᠤᠨ ᠲᠡᠳᠭᠦᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠣᠨᠴᠠᠯᠢᠭ ᠲᠠᠢ ᠠᠵᠤ ᠦᠢᠯᠡᠰ ᠤᠨ ᠬᠥᠭᠵᠢᠯᠲᠡ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠶᠢᠨ ᠲᠣᠭᠤᠷᠢᠨ ᠳᠤ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠳᠡᠭᠡᠷ᠎ᠡ ᠬᠦᠴᠦ ᠲᠠᠯᠪᠢᠨ᠎ᠠ᠃ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠨᠢᠭᠡᠲᠦᠯᠲᠡᠢ ᠲᠦᠯᠦᠪᠯᠡᠨ ᠲᠣᠬᠢᠷᠠᠭᠤᠯᠤᠭᠰᠠᠨ ᠦᠪᠡᠷᠲᠡᠭᠡᠨ ᠵᠠᠰᠠᠬᠤ ᠣᠷᠣᠨ ᠤ 2834 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠤᠯᠭ᠎ᠠ ᠨᠡᠮᠡᠭᠳᠡᠭᠦᠯᠬᠦ ᠠᠵᠤ ᠦᠢᠯᠡᠰ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ᠂ ᠬᠦᠳᠡᠯᠮᠦᠷᠢ ᠬᠦᠴᠦᠨ ᠤ ᠬᠡᠪ ᠴᠢᠨᠠᠷ ᠢ ᠳᠡᠭᠡᠭᠰᠢᠯᠡᠭᠦᠯᠬᠦ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠪᠣᠯᠣᠨ ︽ᠠᠷᠪᠠ ᠶᠢ ᠪᠦᠷᠢᠨ ᠪᠦᠷᠬᠦᠭᠦᠯᠬᠦ︾ ᠭᠤᠣᠯᠳᠠᠯᠭ᠎ᠠ ᠲᠠᠢ ᠢᠨᠵᠧᠨᠧᠷᠢᠩ ᠤᠨ ᠲᠣᠭᠤᠷᠢᠨ ᠳᠤ ︽ᠨᠢᠭᠡ ᠲᠤᠰᠬᠤᠨ ᠳᠤ ᠨᠢᠭᠡ ᠵᠦᠢᠯ ᠤᠨ ᠲᠥᠷᠥ ᠶᠢᠨ ᠪᠣᠳᠣᠯᠭ᠎ᠠ᠂ ᠨᠢᠭᠡ ᠡᠷᠦᠬᠡ ᠳᠤ ᠨᠢᠭᠡ ᠵᠦᠢᠯ ᠤᠨ ᠠᠷᠭ᠎ᠠ︾᠎ ᠶᠢᠨ ᠪᠣᠲᠠᠲᠠᠢ ᠬᠠᠪᠰᠤᠷᠤᠨ ᠲᠡᠳᠭᠦᠬᠦ ᠠᠷᠭ᠎ᠠ ᠬᠡᠮᠵᠢᠶ᠎ᠡ ᠶᠢ ᠲᠤᠰᠬᠤᠨ ᠪᠠ ᠡᠷᠦᠬᠡ ᠨᠢᠭᠡᠪᠦᠷᠢ ᠳᠤ ᠨᠠᠶᠢᠳᠠᠪᠤᠷᠢᠵᠢᠭᠤᠯᠤᠨ᠎ᠠ᠃      ︵ᠲᠠᠪᠤ︶ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠶᠠᠳᠠᠭᠤ ᠶᠢ ᠲᠡᠳᠭᠦᠬᠦ ᠶᠢ ᠴᠢᠩᠭᠠᠷᠠᠭᠤᠯᠤᠨ᠎ᠠ᠃      ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠨᠢ ︽ᠲᠣᠬᠠᠢ ᠶᠢᠨ ᠭᠠᠵᠠᠷ ᠤᠨ ᠣᠶᠢᠷ᠎ᠠ ᠬᠠᠪᠢ ᠳᠤᠨᠢ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ᠂ ᠴᠢᠳᠠᠯ ᠤᠨ ᠢᠶᠠᠨ ᠬᠢᠷᠢ ᠪᠠᠷ ᠬᠢᠬᠦ᠂ ᠡᠳᠦᠢ ᠲᠡᠳᠦᠢ ᠠᠵᠢᠯ ᠬᠢᠬᠦ︾ ᠵᠠᠷᠴᠢᠮ ᠶᠤᠰᠤᠭᠠᠷ᠂ ᠬᠤᠣᠰᠯᠠᠨ ᠬᠤᠯᠪᠤᠭᠠᠯᠠᠵᠦ ᠶᠠᠳᠠᠭᠤ ᠶᠢ ᠲᠡᠳᠭᠦᠬᠦ᠂ ᠰᠠᠭᠤᠷᠢ ᠪᠡᠯᠡᠳᠭᠡᠮᠵᠢ ᠪᠠᠷ ᠶᠠᠳᠠᠭᠤ ᠶᠢ ᠲᠡᠳᠭᠦᠬᠦ᠂ ᠠᠵᠤ ᠦᠢᠯᠡᠰ ᠢᠶᠠᠷ ᠶᠠᠳᠠᠭᠤ ᠶᠢ ᠲᠡᠳᠭᠦᠬᠦ᠂ ᠪᠣᠯᠪᠠᠰᠤᠷᠠᠭᠤᠯᠤᠯ ᠢᠶᠠᠷ ᠶᠠᠳᠠᠭᠤ ᠶᠢ ᠲᠡᠳᠭᠦᠬᠦ᠂ ᠰᠤᠶᠤᠯ ᠡᠮᠴᠢᠯᠡᠭᠡ ᠪᠠᠷ ᠶᠠᠳᠠᠭᠤ ᠶᠢ ᠲᠡᠳᠭᠦᠬᠦ᠂ ᠰᠤᠷᠤᠯᠭ᠎ᠠ ᠶᠢ ᠲᠤᠰᠠᠯᠠᠨ ᠰᠤᠷᠭᠠᠨ ᠬᠦᠮᠦᠵᠢᠯ ᠢ ᠮᠠᠨᠳᠤᠭᠤᠯᠬᠤ ᠪᠠᠷ ᠶᠠᠳᠠᠭᠤ ᠶᠢ ᠳᠡᠳᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠨ᠎ᠡ᠃      ︵ᠵᠢᠷᠭᠤᠭ᠎ᠠ︶ ᠬᠤᠳᠠᠯᠳᠤᠭᠠᠴᠢᠨ ᠤ ᠡᠪᠯᠡᠯ᠂ ᠠᠵᠤ ᠠᠬᠤᠶᠢᠯᠠᠯ ᠤᠨ ᠶᠠᠳᠠᠭᠤ ᠶᠢ ᠲᠡᠳᠭᠦᠬᠦ ᠳᠤ ᠣᠷᠤᠯᠴᠠᠬᠤ ᠶᠢ ᠳᠠᠶᠢᠴᠢᠯᠠᠨ ᠵᠣᠷᠢᠬᠵᠢᠭᠤᠯᠤᠨ᠎ᠠ᠃      ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠵᠤ ᠦᠢᠯᠡᠰ ᠢ ᠪᠤᠶᠢᠵᠢᠭᠤᠯᠬᠤ᠂ ᠵᠠᠬ᠎ᠠ ᠳᠡᠯᠭᠡᠭᠦᠷ ᠢ ᠨᠡᠭᠡᠭᠡᠨ ᠦᠷᠭᠡᠵᠢᠭᠦᠯᠬᠦ᠂ ᠲᠤᠰᠬᠤᠨ ᠪᠠ ᠠᠵᠤ ᠠᠬᠤᠶᠢᠯᠠᠯ ᠤᠨ ᠬᠠᠮᠲᠤᠪᠠᠷ ᠪᠠᠶᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠵᠢᠴᠢ ᠪᠡᠯᠡ ᠣᠷᠣᠭᠤᠯᠤᠯᠲᠠ ᠠᠷᠠᠯᠵᠢᠶᠠᠨ ᠤ ᠵᠦᠪᠳᠡᠨ ᠬᠡᠯᠡᠯᠴᠡᠬᠦ ᠬᠤᠷᠠᠯ ᠡᠷᠬᠢᠯᠡᠬᠦ᠂ ︽ᠦᠡᠭᠭᠡ ᠭᠡᠷᠡᠯᠲᠦ ᠦᠢᠯᠡ︾ ᠵᠡᠷᠭᠡ ᠠᠵᠢᠯᠯᠠᠭ᠎ᠠ ᠶᠢ ᠦᠷᠨᠢᠭᠦᠯᠬᠦ ᠪᠠᠷ ᠳᠠᠮᠵᠢᠨ᠂ ᠦᠪᠡᠷᠲᠡᠭᠡᠨ ᠵᠠᠰᠠᠬᠤ ᠣᠷᠣᠨ ᠵᠢᠴᠢ ᠤᠯᠤᠰ ᠤᠨ ᠳᠤᠲᠤᠭᠠᠲᠤ ᠭᠠᠳᠠᠭᠠᠲᠤ ᠶᠢᠨ ᠡᠯ᠎ᠡ ᠲᠦᠷᠦᠯ ᠤᠨ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠣᠴᠢᠵᠤ ᠪᠡᠯᠡ ᠣᠷᠤᠯᠠᠭᠤᠯᠤᠨ ᠠᠵᠤ ᠦᠢᠯᠡᠰ ᠬᠥᠭᠵᠢᠭᠦᠯᠬᠦ᠂ ᠮᠡᠷᠭᠡᠵᠢᠯ ᠴᠢᠳᠠᠪᠤᠷᠢ ᠶᠢ ᠪᠣᠯᠪᠠᠰᠤᠷᠠᠭᠤᠯᠬᠤ᠂ ᠠᠵᠢᠯ ᠣᠯᠭᠤᠯᠲᠠ ᠬᠢᠬᠦ᠂ ᠮᠡᠷᠭᠡᠵᠢᠯ ᠢ ᠳᠡᠯᠭᠡᠷᠡᠭᠦᠯᠬᠦ᠂ ᠠᠷᠠᠯᠵᠢᠶ᠎ᠠ ᠶᠢ ᠬᠥᠭᠵᠢᠭᠦᠯᠬᠦ᠂ ᠵᠤᠭᠤᠰ ᠬᠠᠨᠳᠢᠪᠯᠠᠨ ᠶᠠᠳᠠᠭᠤ ᠶᠢ ᠲᠤᠰᠠᠯᠠᠬᠤ ᠶᠢ ᠳᠠᠶᠢᠴᠢᠯᠠᠬᠤ ᠪᠠ ᠵᠣᠷᠢᠬᠵᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠤᠯᠠᠷᠢᠯᠠᠭᠤᠯᠤᠨ᠂ ᠳᠤᠲᠤᠭᠠᠲᠤ ᠶᠢᠨ ᠬᠦᠳᠡᠯᠭᠡᠬᠦ ᠬᠦᠴᠦᠨ ᠢᠶᠠᠨ ᠬᠥᠭᠵᠢᠭᠡᠬᠦ ᠪᠠ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠶᠢ ᠬᠦᠭᠵᠢᠭᠡᠨ ᠠᠬᠢᠭᠤᠯᠤᠨ᠎ᠠ᠃ ︽ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠬᠦ᠂ ᠡᠷᠬᠡ ᠲᠡᠭᠰᠢ ᠬᠠᠷᠢᠯᠴᠠᠨ ᠠᠰᠢᠭᠲᠠᠢ᠂ ᠬᠤᠷᠰᠢᠯᠴᠠᠨ ᠬᠠᠮᠲᠤ ᠪᠠᠷ ᠠᠰᠢᠭ ᠬᠦᠷᠲᠡᠬᠦ︾ ᠵᠠᠷᠴᠢᠮ ᠶᠤᠰᠤᠭᠠᠷ᠂ ᠦᠪᠡᠷᠲᠡᠭᠡᠨ ᠵᠠᠰᠬᠠᠤ ᠣᠷᠣᠨ ᠤ ᠡᠯ᠎ᠡ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠨ ᠤ ᠡᠪᠯᠡᠯ ᠤᠨ ᠲᠤᠰ ᠪᠡᠶ᠎ᠡ ᠶᠢᠨ ᠳᠠᠪᠠᠭᠤᠯᠢᠭ ᠪᠣᠯᠣᠨ ᠨᠦᠯᠦᠭᠡᠯᠡᠬᠦ ᠬᠦᠴᠦᠨ ᠢ ᠭᠦᠢᠴᠡᠳ ᠪᠠᠳᠠᠷᠠᠭᠤᠯᠵᠤ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠨ ᠤ ᠡᠪᠯᠡᠯ᠂ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠢ ᠶᠢᠨ ᠲᠦᠯᠦᠭᠡᠯᠡᠭᠴᠢᠳ ᠤᠨ ᠮᠠᠨ ᠤ ᠣᠷᠣᠨ ᠤ ᠭᠤᠣᠯᠳᠠᠯᠭ᠎ᠠ ᠲᠠᠢ ᠬᠤᠰᠢᠭᠤ ᠰᠢᠶᠠᠨ ︵ᠬᠤᠲᠠ᠂ ᠲᠣᠭᠤᠷᠢᠭ︶᠎ ᠢ ᠰᠢᠰᠲ᠋ᠧᠮ ᠢᠶᠠᠷ ᠢᠶᠠᠨ ᠬᠠᠪᠰᠤᠷᠤᠨ ᠲᠡᠳᠭᠦᠬᠦ ᠶᠢ ᠪᠦᠷᠢᠨ ᠪᠦᠷᠬᠦᠭᠦᠯᠬᠦ ᠶᠢ ᠠᠬᠢᠭᠤᠯᠤᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃      ︵ᠳᠤᠯᠤᠭ᠎ᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠶᠢ ᠲᠡᠳᠭᠦᠬᠦ ᠳᠤ ᠣᠷᠤᠯᠴᠠᠬᠤ ᠶᠢ ᠶᠡᠬᠡᠪᠡᠷ ᠳᠡᠮᠵᠢᠨ᠎ᠡ᠃      ᠨᠡᠶᠢᠭᠡᠮ ᠤᠨ ᠪᠦᠯᠬᠦᠮ᠂ ᠰᠠᠭᠤᠷᠢ ᠮᠦᠩᠭᠦᠨ ᠤ ᠡᠪᠯᠡᠯ ᠵᠡᠷᠭᠡ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠳᠤ ᠢᠳᠡᠪᠬᠢᠲᠡᠢ ᠣᠷᠤᠯᠴᠠᠬᠤ ᠶᠢ ᠳᠡᠮᠵᠢᠨ᠎ᠡ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠦᠢᠯᠡᠴᠢᠯᠡᠭᠡᠨ ᠤ ᠠᠷᠭ᠎ᠠ ᠠᠪᠴᠠᠯ ᠢᠶᠠᠨ ᠲᠡᠭᠦᠯᠳᠡᠷᠵᠢᠭᠦᠯᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠶᠢ ᠲᠡᠳᠭᠦᠬᠦ ᠠᠵᠢᠯᠯᠠᠭ᠎ᠠ ᠦᠷᠨᠢᠭᠦᠯᠬᠦ ᠳᠤ ᠮᠡᠳᠡᠭᠡ ᠵᠠᠩᠭᠢ ᠶᠢᠨ ᠦᠢᠯᠡᠴᠢᠯᠡᠭᠡ᠂ ᠲᠣᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ ᠵᠢᠷᠤᠮᠵᠢᠭᠰᠠᠨ ᠬᠠᠮᠢᠶᠠᠷᠤᠯᠲᠠ ᠶᠢ ᠬᠠᠩᠭᠠᠵᠤ᠂ ᠲᠡᠲᠡᠨ ᠤ ᠨᠡᠶᠢᠭᠡᠮ ᠤᠨ ᠶᠠᠳᠠᠭᠤ ᠶᠢ ᠲᠡᠳᠭᠦᠬᠦ ᠡᠬᠢ ᠪᠠᠶᠠᠯᠢᠭ ᠢ ᠲᠣᠬᠢᠷᠠᠭᠤᠯᠤᠨ ᠬᠡᠷᠡᠭᠯᠡᠬᠦ ᠵᠡᠷᠭᠡ ᠲᠠᠯ᠎ᠠ ᠳᠤ ᠣᠷᠤᠯᠴᠠᠬᠤ ᠶᠢ ᠵᠣᠷᠢᠬᠵᠢᠭᠤᠯᠤᠨ᠂ ᠨᠡᠶᠢᠭᠡᠮ ᠳᠤ ᠬᠠᠨᠳᠤᠭᠤᠯᠤᠨ ᠦᠢᠯᠡᠴᠢᠯᠡᠭᠡ ᠬᠤᠳᠠᠯᠳᠤᠨ ᠠᠪᠬᠤ ᠶᠢ ᠲᠦᠷᠭᠡᠳᠭᠡᠨ ᠠᠬᠢᠭᠤᠯᠵᠤ᠂ ᠨᠡᠶᠢᠭᠡᠮ ᠤᠨ ᠶᠠᠳᠠᠭᠤ ᠶᠢ ᠲᠡᠳᠭᠦᠬᠦ ᠳᠤ ᠣᠷᠤᠯᠴᠠᠬᠤ ᠡᠯ᠎ᠡ ᠲᠦᠷᠦᠯ ᠤᠨ ᠭᠤᠣᠯ ᠴᠤᠭᠴᠠ ᠶᠢᠨ ᠡᠷᠬᠡ ᠲᠡᠭᠰᠢ ᠦᠷᠢᠰᠦᠯᠳᠦᠭᠡᠨ ᠤ ᠠᠷᠭ᠎ᠠ ᠮᠠᠶ᠋ᠢᠭ ᠢᠶᠠᠷ ᠳᠠᠮᠵᠢᠨ᠂ ᠵᠠᠰᠠᠭ ᠤᠨ ᠣᠷᠳᠣᠨ ᠤ ᠨᠡᠶᠢᠭᠡᠮ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯ ᠳᠤ ᠢᠳᠡᠪᠬᠢᠲᠡᠢ ᠣᠷᠤᠯᠴᠠᠬᠤ ᠶᠢ ᠳᠡᠮᠵᠢᠨ᠎ᠡ᠃ ︽ᠦᠡᠭᠭᠡ ᠭᠡᠷᠡᠯᠲᠦ ᠠᠵᠢᠯ ᠦᠢᠯᠡᠰ︾᠂ ︽ᠡᠬᠡᠴᠦᠦᠯ ᠤᠨ ᠬᠠᠶᠢᠷ᠎ᠠ ᠶᠢᠨ ᠤᠰᠤᠨ ᠵᠣᠭᠤᠷᠢ︾᠂ ︽ᠵᠣᠯ ᠵᠢᠷᠭᠠᠯ ᠤᠨ ᠢᠨᠵᠧᠨᠧᠷᠢᠩ︾᠂ ︽ᠤᠶᠤᠨ ᠢᠶᠠᠷ ᠬᠢᠯᠢ ᠬᠢᠵᠠᠭᠠᠷ ᠣᠷᠣᠨ ᠢ ᠳᠡᠮᠵᠢᠬᠦ︾᠂ ︽ᠡᠬᠡᠴᠦᠦᠯ ᠤᠨ ᠡᠷᠡᠭᠦᠯ ᠮᠡᠨᠳᠦ ᠶᠢᠨ ᠲᠦᠷᠭᠡᠨ ᠲᠡᠷᠬᠡ︾᠂ ︽ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ︾᠂ ︽ᠬᠠᠪᠤᠷ ᠤᠨ ᠴᠤᠮᠤᠷᠯᠢᠭ ᠲᠦᠯᠦᠪᠯᠡᠭᠡ︾᠂ ︽ᠬᠠᠶᠢᠷ᠎ᠠ ᠬᠠᠯᠠᠮᠵᠢ ᠬᠦᠷᠭᠡᠬᠦ ᠪᠤᠭᠤᠳᠠᠯ︾᠂ ︽ᠶᠠᠳᠠᠭᠤ ᠶᠢ ᠲᠡᠳᠭᠦᠬᠦ ᠰᠠᠶᠢᠨ ᠳᠤᠷᠠᠴᠤᠳ ᠤᠨ ᠠᠵᠢᠯᠯᠠᠭᠠᠨ ᠤ ᠲᠦᠯᠦᠪᠯᠡᠭᠡ︾ ᠵᠡᠷᠭᠡ ᠶᠠᠳᠠᠭᠤ ᠶᠢ ᠲᠡᠳᠭᠦᠬᠦ ᠣᠯᠠᠨ ᠨᠡᠶᠢᠲᠡ ᠶᠢᠨ ᠠᠰᠠᠷᠠᠮᠵᠢ ᠶᠢᠨ ᠨᠡᠷᠡᠲᠦ ᠲᠦᠷᠦᠯ ᠲᠡᠮᠲᠡᠭᠲᠦ ᠶᠢᠨ ᠨᠦᠯᠦᠭᠡᠯᠡᠯ ᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ ᠬᠦᠲᠦᠯᠦᠨ ᠵᠢᠯᠤᠭᠤᠳᠴᠤ ᠪᠠᠶᠢᠭᠠᠳ ᠶᠠᠳᠠᠭᠤ ᠬᠦᠴᠢᠷᠳᠡᠯᠲᠡᠢ ᠭᠠᠵᠠᠷ ᠣᠷᠣᠨ ᠲᠡᠰᠢ ᠴᠤᠭᠯᠠᠷᠠᠭᠤᠯᠤᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠭᠡᠷ ᠲᠡᠭᠡᠨ ᠬᠤᠴᠤᠷᠤᠭᠰᠠᠨ ᠡᠮᠡᠭᠲᠡᠢ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠤᠭᠤᠢ ᠬᠦᠮᠦᠰ ᠲᠤ ᠴᠢᠭᠯᠡᠭᠦᠯᠦᠭᠰᠡᠨ ᠨᠢᠭᠡ ᠳᠤ ᠨᠢᠭᠡ ᠶᠢ ᠲᠠᠭᠠᠷᠠᠭᠤᠯᠤᠭᠰᠠᠨ᠂ ᠬᠤᠣᠰᠯᠠᠨ ᠬᠤᠯᠪᠣᠭᠠᠯᠠᠵᠤ ᠬᠠᠪᠰᠤᠷᠤᠨ ᠲᠡᠳᠭᠦᠬᠦ ᠵᠡᠷᠭᠡ ᠶᠠᠳᠠᠭᠤ ᠶᠢ ᠲᠡᠳᠭᠦᠬᠦ ᠨᠡᠶᠢᠲᠡ ᠶᠢᠨ ᠠᠰᠠᠷᠠᠮᠵᠢ ᠶᠢᠨ ᠰᠢᠨ᠎ᠡ ᠨᠡᠷᠡᠲᠦ ᠲᠦᠷᠦᠯ ᠲᠡᠮᠲᠡᠭᠲᠦ ᠶᠢ ᠲᠠᠰᠤᠷᠠᠯᠲᠠ ᠦᠭᠡᠢ ᠪᠣᠢ ᠪᠣᠯᠭᠠᠨ᠎ᠠ᠃      ︵ᠨᠠᠢᠮᠠ︶ ᠪᠤᠰᠤᠳ ᠬᠦᠴᠦᠨ ᠪᠠ ᠬᠤᠪᠢ ᠬᠦᠮᠦᠨ ᠢ ᠥᠷᠭᠡᠨ ᠢᠶᠠᠷ ᠳᠠᠶᠢᠴᠢᠯᠠᠵᠤ ᠶᠠᠳᠠᠭᠤ ᠶᠢ ᠲᠡᠳᠭᠦᠬᠦ ᠳᠤ ᠣᠷᠤᠯᠴᠠᠭᠤᠯᠤᠨ᠎ᠠ᠃      ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠬᠠᠷᠢᠶᠠᠲᠤ ᠨᠠᠷ ᠤᠨ ᠬᠤᠯᠪᠣᠭ᠎ᠠ᠂ ᠲᠠᠶᠢᠸᠠᠨ ᠤ ᠠᠬ᠎ᠠ ᠳᠡᠭᠦᠦ ᠨᠠᠷ ᠤᠨ ᠬᠤᠯᠪᠣᠭ᠎ᠠ ᠵᠡᠷᠭᠡ ᠨᠢᠭᠡᠴᠡ ᠶᠢᠨ ᠳᠠᠪᠠᠭᠤᠯᠢᠭ ᠢ ᠪᠠᠳᠠᠷᠠᠭᠤᠯᠵᠤ᠂ ᠨᠡᠶᠢᠭᠡᠮ ᠤᠨ ᠡᠯ᠎ᠡ ᠳᠡᠰ ᠳᠠᠪᠬᠤᠷᠭ᠎ᠠ ᠪᠣᠯᠣᠨ ᠡᠯ᠎ᠡ ᠬᠦᠷᠢᠶᠡᠨ ᠤ ᠬᠦᠮᠦᠰ ᠢ ᠥᠷᠭᠡᠨ ᠢᠶᠠᠷ ᠳᠠᠶᠢᠴᠢᠯᠠᠨ᠂ ᠬᠠᠶᠢᠷ᠎ᠠ ᠬᠠᠯᠠᠮᠵᠢ ᠬᠠᠨᠳᠢᠪᠯᠠᠬᠤ᠂ ᠬᠤᠣᠰᠯᠠᠨ ᠬᠤᠯᠪᠤᠭᠠᠯᠠᠵᠦ ᠬᠠᠪᠰᠤᠷᠤᠨ ᠲᠡᠳᠭᠦᠬᠦ ᠪᠠ ᠨᠠᠶᠢᠲᠡ ᠶᠢᠨ ᠠᠰᠠᠷᠠᠮᠵᠢ ᠶᠢᠨ ᠬᠡᠷᠡᠭᠯᠡᠭᠡ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠨ ᠶᠠᠳᠠᠭᠤ ᠶᠢ ᠲᠡᠳᠭᠦᠬᠦ ᠳᠤ ᠣᠷᠤᠯᠴᠠᠭᠤᠯᠤᠨ᠎ᠠ᠃ ᠶᠠᠳᠠᠭᠤ ᠶᠢ ᠲᠡᠳᠭᠦᠬᠦ ᠰᠠᠶᠢᠨ ᠳᠤᠷᠠᠴᠤᠳ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠶᠠᠳᠠᠭᠤ ᠶᠢ ᠲᠡᠳᠭᠦᠬᠦ ᠰᠠᠶᠢᠨ ᠳᠤᠷᠠᠴᠤᠳ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠨᠡᠶᠢᠭᠡᠮ ᠤᠨ ᠶᠠᠳᠠᠭᠤ ᠶᠢ ᠲᠡᠳᠭᠦᠬᠦ ᠮᠡᠳᠡᠭᠡ ᠵᠠᠩᠭᠢ ᠶᠢᠨ ᠰᠦᠯᠵᠢᠶᠡᠨ ᠤ ᠦᠢᠯᠡᠴᠢᠯᠡᠭᠡᠨ ᠤ ᠲᠡᠪᠴᠡᠩ ᠢ ᠪᠠᠶᠢᠭᠤᠯᠵᠤ᠂ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ᠂ ᠶᠠᠳᠠᠭᠤ ᠬᠦᠴᠢᠷᠳᠡᠯᠲᠡᠢ ᠡᠷᠦᠬᠡ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠰᠠᠭᠤᠷᠢ ᠮᠡᠳᠡᠭᠡ ᠵᠠᠩᠭᠢ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠬᠠᠩᠭᠠᠵᠤ᠂ ᠲᠦᠢᠯ ᠤᠨ ᠣᠨᠣᠪᠴᠢᠯᠠᠭᠰᠠᠨ ᠨᠡᠶᠢᠭᠡᠮ ᠤᠨ ᠶᠠᠳᠠᠭᠤ ᠶᠢ ᠲᠡᠳᠭᠦᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠂ ᠶᠠᠳᠠᠭᠤ ᠶᠢ ᠲᠡᠳᠭᠦᠬᠦ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠬᠢᠭᠡᠳ ᠨᠡᠶᠢᠭᠡᠮ ᠤᠨ ᠡᠯ᠎ᠡ ᠡᠲᠡᠭᠡᠳ ᠤᠨ ᠶᠠᠳᠠᠭᠤ ᠶᠢ ᠲᠡᠳᠭᠦᠬᠦ ᠡᠬᠢ ᠪᠠᠶᠠᠯᠢᠭ᠂ ᠬᠠᠪᠰᠤᠷᠤᠨ ᠲᠡᠳᠭᠦᠬᠦ ᠬᠦᠰᠡᠯ ᠡᠷᠡᠮᠡᠯᠵᠡᠯ ᠤᠨ ᠪᠦᠲᠦᠮᠵᠢᠲᠡᠢ ᠵᠤᠯᠭᠠᠯᠲᠠ ᠶᠢ ᠠᠬᠢᠭᠤᠯᠵᠤ᠂ ᠶᠠᠳᠠᠭᠤ ᠶᠢ ᠲᠡᠳᠭᠦᠬᠦ ᠡᠬᠢ ᠪᠠᠶᠠᠯᠢᠭ ᠤᠨ ᠬᠠᠩᠭᠠᠯᠭ᠎ᠠ᠂ ᠬᠡᠷᠡᠭᠴᠡᠭᠡ ᠱᠠᠭᠠᠷᠳᠠᠯᠭ᠎ᠠ ᠵᠡᠷᠭᠡ ᠮᠡᠳᠡᠭᠡ ᠵᠠᠩᠭᠢ ᠶᠢ ᠬᠠᠮᠲᠤᠪᠠᠷ ᠬᠤᠯᠪᠣᠭᠠᠯᠠᠨ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠵᠠᠯᠠᠭᠤ ᠰᠤᠷᠤᠭᠴᠢᠳ᠂ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠠᠵᠢᠯ ᠠᠴᠠ ᠪᠠᠨ ᠪᠠᠭᠤᠭᠰᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠭᠦᠬᠦ ᠰᠠᠶᠢᠨ ᠳᠤᠷᠠᠴᠤᠳ ᠤᠨ ᠠᠵᠢᠯᠯᠠᠭ᠎ᠠ ᠳᠤ ᠣᠷᠤᠯᠴᠠᠬᠤ ᠶᠢ ᠵᠣᠷᠢᠬᠵᠢᠭᠤᠯᠤᠨ ᠳᠡᠮᠵᠢᠨ᠎ᠡ᠃ ᠡᠯ᠎ᠡ ᠲᠦᠷᠦᠯ ᠤᠨ ᠰᠠᠶᠢᠨ ᠳᠤᠷᠠᠴᠤᠳ ᠤᠨ ᠶᠠᠳᠠᠭᠤ ᠶᠢ ᠲᠡᠳᠭᠦᠬᠦ ᠶᠢ ᠪᠠᠶᠢᠴᠠᠭᠠᠨ ᠰᠤᠳᠤᠯᠬᠤ᠂ ᠰᠤᠷᠭᠠᠨ ᠬᠦᠮᠦᠵᠢᠯ ᠡᠮᠴᠢᠯᠡᠭᠡ ᠶᠢ ᠳᠡᠮᠵᠢᠬᠦ᠂ ᠰᠤᠶᠤᠯ ᠢ ᠬᠦᠳᠡᠭᠡ ᠳᠤ ᠬᠦᠷᠭᠡᠬᠦ᠂ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ᠂ ᠠᠳᠠᠯ ᠦᠢᠯᠡᠰ ᠴᠣᠭᠴᠠᠯᠠᠬᠤ ᠶᠢ ᠬᠦᠲᠦᠯᠦᠨ ᠳᠠᠭᠠᠭᠤᠯᠬᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠡᠷᠭᠡ ᠶᠠᠳᠠᠭᠤ ᠶᠢ ᠲᠡᠳᠭᠦᠬᠦ ᠠᠵᠢᠯᠯᠠᠭ᠎ᠠ ᠳᠤ ᠣᠷᠤᠯᠴᠠᠬᠤ ᠶᠢ ᠵᠣᠬᠢᠶᠠᠨ ᠪᠠᠶᠢᠭᠤᠯᠬᠤ ᠪᠠ ᠳᠡᠮᠵᠢᠨ᠎ᠡ᠃ ᠶᠠᠳᠠᠭᠤ ᠬᠦᠴᠢᠷᠳᠡᠯᠲᠡᠢ ᠰᠢᠶᠠᠩ᠂ ᠲᠤᠰᠬᠤᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ ᠶᠠᠳᠠᠭᠤ ᠶᠢ ᠲᠡᠳᠭᠦᠬᠦ᠂ ᠵᠢᠭᠤᠯᠴᠢᠯᠠᠯ ᠢᠶᠠᠷ ᠶᠠᠳᠠᠭᠤ ᠶᠢ ᠲᠡᠳᠭᠦᠬᠦ ᠶᠢ ᠵᠣᠷᠢᠬᠵᠢᠭᠤᠯᠤᠨ ᠳᠡᠮᠵᠢᠨ᠎ᠡ᠃      ᠳᠥᠷᠪᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ      ︵ᠨᠢᠭᠡ︶ ᠣᠷᠣᠨ ᠤ ᠳᠤᠳᠤᠷ᠎ᠠ ᠭᠠᠳᠠᠨᠠᠬᠢ᠂ ᠤᠯᠤᠰ ᠤᠨ ᠳᠤᠲᠤᠭᠠᠲᠤ ᠭᠠᠳᠠᠭᠠᠲᠤ ᠶᠢᠨ ᠡᠯ᠎ᠡ ᠲᠦᠷᠦᠯ ᠤᠨ ᠨᠡᠶᠢᠭᠡᠮ ᠤᠨ ᠬᠦᠴᠦᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠣᠴᠢᠵᠤ ᠪᠡᠯᠡ ᠣᠷᠤᠭᠤᠯᠤᠨ ᠠᠵᠤ ᠦᠢᠯᠡᠰ ᠬᠥᠭᠵᠢᠭᠦᠯᠬᠦ ᠶᠢ ᠳᠡᠮᠵᠢᠨ᠎ᠡ᠃      ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠡᠯᠪᠡᠷᠢ ᠶᠢᠨ ᠠᠵᠤ ᠠᠬᠤᠶᠢᠯᠠᠯ ᠢ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠢᠳᠡᠪᠬᠢᠲᠡᠢ ᠪᠠᠷ ᠲᠠᠲᠠᠨ ᠣᠷᠤᠭᠤᠯᠵᠤ ᠭᠠᠵᠠᠷ ᠣᠷᠣᠨ ᠤ ᠶᠡᠷᠦᠩᠬᠡᠢ ᠬᠡᠯᠲᠡᠰ ᠪᠣᠯᠣᠨ ᠬᠤᠪᠢᠶᠠᠷᠢ ᠦᠢᠯᠡᠳᠪᠦᠷᠢ ᠶᠢ ᠪᠠᠶᠢᠭᠤᠯᠬᠤ ᠪᠠ ᠡᠳ᠋ᠰᠢᠭᠦᠯᠦᠨ ᠳᠦᠬᠦᠷᠵᠢᠭᠦᠯᠵᠦ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ ᠵᠠᠯᠭᠠᠭᠤᠯᠤᠨ᠎ᠠ᠃      1. ᠨᠡᠶᠢᠭᠡᠮ ᠤᠨ ᠬᠦᠴᠦᠨ ᠢ ᠳᠠᠮᠵᠢᠵᠦ ᠪᠠᠶᠢᠭᠠᠳ ᠲᠠᠷᠢᠶᠠᠴᠢᠳ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠪᠡᠯᠡᠳᠭᠡᠮᠵᠢᠲᠦ ᠲᠠᠷᠢᠶᠠᠯᠠᠩ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠢᠳᠡᠪᠬᠢᠲᠡᠢ ᠣᠷᠤᠯᠴᠠᠭᠤᠯᠤᠨ᠎ᠡ᠃      2. ᠨᠡᠶᠢᠭᠡᠮ ᠤᠨ ᠬᠦᠴᠦᠨ ᠢ ᠲᠠᠮᠵᠢᠵᠦ ᠪᠠᠶᠢᠭᠠᠳ ᠤᠨᠳᠤᠤ ᠭᠠᠵᠠᠷ ᠲᠤ ᠶᠠᠳᠠᠭᠤ ᠶᠢ ᠲᠡᠳᠭᠦᠬᠦ ᠪᠠᠷ ᠰᠢᠯᠵᠢᠭᠦᠯᠦᠨ ᠨᠡᠭᠦᠯᠭᠡᠬᠦ᠂ ᠠᠮᠢ ᠠᠬᠤᠢ ᠶᠢᠨ ᠨᠡᠭᠦᠳᠡᠯ ᠠᠷᠠᠳ ᠵᠡᠷᠭᠡ ᠲᠦᠷᠦᠯ ᠵᠦᠢᠯ ᠤᠨ ᠪᠠᠶᠢᠭᠤᠯᠤᠯᠲᠠ ᠳᠤ ᠤᠷᠤᠯᠴᠠᠭᠤᠯᠤᠨ᠎ᠠ᠃ ᠨᠡᠶᠢᠭᠡᠮ ᠤᠨ ᠬᠦᠴᠦᠨ ᠤ ᠪᠡᠯᠡ ᠣᠷᠤᠭᠤᠯᠤᠭᠰᠠᠨ ᠪᠣᠶᠣ ᠡᠷᠬᠢᠯᠡᠨ ᠪᠠᠶᠢᠭᠤᠯᠬᠤ ᠳᠤ ᠣᠷᠤᠯᠴᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠳ᠋ᠰᠢᠭᠦᠯᠬᠦ ᠪᠠ ᠭᠦᠢᠯᠭᠡᠭᠡᠬᠦ ᠠᠵᠤ ᠠᠬᠤᠶᠢᠯᠡᠯ ᠨᠢ ᠵᠣᠬᠢᠬᠤ ᠬᠡᠪᠴᠢᠶᠡᠵᠢᠯ ᠳᠤ ᠬᠦᠷᠦᠭᠰᠡᠨ ᠪᠠᠶᠢᠪᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠳ᠋ᠰᠢᠭᠦᠯᠬᠦ ᠬᠦᠲᠦᠴᠢ ᠠᠵᠤ ᠠᠬᠤᠶᠢᠯᠠᠯ ᠤᠨ ᠡᠯ᠎ᠡ ᠵᠦᠢᠯ ᠤᠨ ᠬᠠᠷᠠᠭᠠᠯᠵᠠᠯ ᠤᠨ ᠲᠦᠷᠥ ᠶᠢᠨ ᠪᠣᠳᠣᠯᠭ᠎ᠠ ᠶᠢ ᠬᠦᠷᠲᠡᠭᠡᠨ᠎ᠡ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠢᠭᠡᠯᠡᠯᠭᠡ ᠵᠢᠭᠡᠯᠡᠪᠡᠯ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠠᠵᠤ ᠦᠢᠯᠡᠰ ᠤᠨ ᠲᠤᠯᠭᠠᠭᠤᠷᠢᠯᠠᠬᠤ ᠲᠦᠷᠦᠯ ᠵᠦᠢᠯ ᠤᠨ ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠳ ᠦᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠦᠷᠲᠡᠭᠡᠨ᠎ᠡ᠃      3. ᠣᠨᠴᠠᠯᠢᠭ ᠲᠠᠢ ᠡᠳ᠋ᠰᠢᠭᠦᠯᠦᠨ ᠦᠢᠯᠡᠳᠬᠦ ᠦᠢᠯᠡᠰ ᠪᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠢ ᠡᠭᠦᠳᠦᠨ ᠡᠷᠬᠢᠯᠡᠬᠦ ᠶᠢ ᠳᠡᠮᠵᠢᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠠᠷᠢᠴᠠᠩᠭᠤᠢ ᠳᠠᠪᠠᠭᠤᠯᠢᠭ ᠪᠣᠯᠣᠨ ᠠᠵᠤ ᠠᠬᠤᠶᠢᠯᠠᠯ ᠤᠨ ᠲᠤᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠨ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶᠡᠵᠢᠯ ᠢᠶᠠᠨ ᠤᠷᠲᠤᠳᠬᠠᠬᠤ ᠶᠢ ᠵᠣᠷᠢᠬᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠠᠩᠬᠠᠨ ᠤ ᠪᠦᠲᠦᠭᠡᠭᠳᠡᠭᠦᠨ ᠪᠠ ᠬᠠᠮᠢᠶ᠎ᠠ ᠪᠦᠬᠦᠢ ᠦᠢᠯᠡᠴᠢᠯᠡᠭᠡ ᠬᠠᠩᠭᠠᠬᠤ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠠᠵᠤ ᠦᠢᠯᠡᠰ ᠢ ᠡᠷᠬᠢᠯᠡᠨ ᠪᠠᠶᠢᠭᠤᠯᠤᠨ᠎ᠠ︔ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ ᠵᠠᠯᠭᠠᠵᠤ᠂ ᠵᠣᠬᠢᠬᠤ ᠮᠡᠷᠭᠡᠵᠢᠯ ᠤᠨ ᠠᠭᠤᠯᠤᠭᠳᠠᠬᠤᠨ ᠲᠠᠢ ᠪᠠ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦᠨ ᠤ ᠠᠵᠢᠯ ᠣᠯᠭᠤᠯᠲᠠ ᠶᠢ ᠰᠢᠩᠭᠡᠭᠡᠨ ᠳᠠᠶᠢᠴᠢᠯᠠᠵᠤ ᠳᠡᠶᠢᠯᠬᠦ ᠣᠨᠴᠠᠯᠢᠭ ᠲᠠᠢ ᠡᠳ᠋ᠰᠢᠭᠦᠯᠦᠨ ᠦᠢᠯᠡᠳᠬᠦ ᠦᠢᠯᠡᠰ ᠢ ᠡᠭᠦᠳᠦᠨ ᠪᠠᠶᠢᠭᠤᠯᠵᠤ ᠬᠥᠭᠵᠢᠭᠦᠯᠦᠨ᠎ᠡ︔ ᠠᠵᠤ ᠦᠢᠯᠡᠰ ᠢ ᠨᠡᠭᠡᠭᠡᠨ ᠬᠥᠭᠵᠢᠭᠦᠯᠬᠦ ᠲᠠᠢ ᠤᠶᠠᠯᠳᠤᠭᠤᠯᠤᠨ᠂ ᠲᠣᠭᠤᠷᠢᠨ ᠦᠵᠡᠵᠦ ᠵᠢᠭᠤᠯᠴᠢᠯᠠᠬᠤ᠂ ᠰᠡᠯᠡᠭᠦᠴᠡᠨ ᠵᠢᠭᠤᠯᠴᠢᠯᠠᠬᠤ ᠵᠡᠷᠭᠡ ᠰᠢᠶᠠᠨ ᠤ ᠬᠡᠪᠴᠢᠶᠡᠨ ᠤ ᠠᠵᠤ ᠦᠢᠯᠡᠰ ᠤᠨ ᠲᠤᠯᠭᠠᠭᠤᠷᠢᠯᠠᠬᠤ ᠲᠦᠷᠦᠯ ᠵᠦᠢᠯ ᠢ ᠬᠥᠭᠵᠢᠭᠦᠯᠵᠦ᠂ ᠲᠣᠬᠠᠢ ᠶᠢᠨ ᠭᠠᠵᠠᠷ ᠤᠨ ᠣᠯᠠᠨ ᠲᠦᠮᠡᠨ ᠳᠤ ᠠᠵᠢᠯ ᠣᠯᠭᠤᠬᠤ ᠳᠣᠬᠢᠶᠠᠯ ᠡᠭᠦᠳᠴᠦ ᠥᠭᠭᠦᠨ᠎ᠡ︔ ᠲᠠᠷᠢᠶᠠᠯᠠᠩ ᠤᠨ ᠪᠦᠲᠦᠭᠡᠭᠳᠡᠭᠦᠨ ᠢ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠ ᠬᠤᠲᠠ ᠪᠠᠯᠭᠠᠰᠤ ᠶᠢᠨ ᠰᠢᠭᠤᠳ ᠪᠣᠷᠤᠯᠠᠭᠤᠯᠬᠤ ᠲᠣᠣᠷ ᠴᠢᠬ ᠢ ᠪᠠᠶᠢᠭᠤᠯᠵᠤ᠂ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠤ ᠲᠣᠮᠤ ᠳᠤᠮᠳᠠ ᠬᠤᠲᠠ ᠪᠠ ᠲᠤᠮᠤ ᠬᠡᠯᠪᠡᠷᠢ ᠶᠢᠨ ᠬᠡᠳᠦ ᠳᠡᠯᠭᠡᠭᠦᠷ ᠲᠤ ᠰᠢᠭᠤᠳ ᠣᠷᠤᠬᠤ ᠶᠢ ᠬᠠᠪᠰᠤᠷᠤᠨ᠎ᠠ᠃      ︵ᠬᠤᠶᠠᠷ︶ ᠭᠠᠵᠠᠷ ᠰᠢᠷᠤᠢ ᠶᠢᠨ ᠲᠥᠷᠥ ᠶᠢᠨ ᠪᠣᠳᠣᠯᠭ᠎ᠠ ᠪᠠᠷ ᠳᠡᠮᠵᠢᠨ᠎ᠡ᠃      ᠠᠵᠤ ᠠᠬᠤᠶᠢᠯᠠᠯ ᠤᠳ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠠᠵᠤ ᠦᠢᠯᠡᠰ ᠤᠨ ᠲᠦᠷᠦᠯ ᠵᠦᠢᠯ ᠳᠤ ᠭᠠᠵᠠᠷ ᠰᠢᠷᠤᠢ ᠲᠠᠲᠠᠪᠤᠷᠢᠯᠠᠬᠤ ᠪᠣᠶᠣ ᠲᠠᠲᠠᠪᠤᠷᠢᠯᠠᠨ ᠬᠡᠷᠡᠭᠯᠡᠬᠦ ᠴᠢᠬᠤᠯᠠᠲᠠᠢ ᠪᠠᠶᠢᠪᠠᠯ᠂ ᠭᠠᠵᠠᠷ ᠰᠢᠷᠤᠢ ᠬᠡᠷᠡᠭᠯᠡᠬᠦ ᠲᠦᠯᠦᠪᠯᠡᠭᠡ ᠶᠢᠨ ᠭᠦᠢᠴᠡᠳᠭᠡᠯ ᠲᠤᠭ᠎ᠠ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠵᠦ ᠬᠠᠰᠤᠭᠳᠠᠬᠤ ᠲᠠᠢ ᠬᠤᠯᠪᠣᠭᠰᠠᠨ ᠡᠷᠬᠢᠯᠲᠡ ᠶᠢᠨ ᠭᠦᠢᠴᠡᠳᠭᠡᠯ ᠲᠤᠭ᠎ᠠ ᠶᠢ ᠬᠡᠷᠡᠭᠯᠡᠬᠦ ᠪᠠᠷ ᠳᠡᠭᠡᠳᠦ ᠬᠢᠵᠠᠭᠠᠷ ᠤᠨ ᠬᠢᠵᠠᠭᠠᠷᠯᠠᠯ ᠳᠤ ᠪᠠᠷᠢᠬᠳᠠᠬᠤ ᠦᠭᠡᠢ ᠪᠠᠶᠢᠬᠤ ᠶᠢᠨ ᠬᠠᠮᠲᠤ᠂ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠭᠡᠬᠦ ᠳᠤ ᠳᠡᠮᠵᠢᠯᠭᠡ ᠣᠯᠭᠤᠨ᠎ᠠ᠃ ᠠᠵᠤ ᠠᠬᠤᠶᠢᠯᠠᠯ ᠤᠳ ᠨᠡᠭᠦᠳᠡᠯ ᠠᠷᠠᠳ ᠤᠨ ᠨᠡᠭᠦᠨ ᠰᠢᠯᠵᠢᠭᠰᠡᠨ ᠬᠠᠭᠤᠴᠢᠨ ᠲᠤᠰᠬᠤᠨ ᠤ ᠭᠡᠷ ᠪᠠᠷᠢᠬᠤ ᠰᠠᠭᠤᠷᠢ ᠭᠠᠵᠠᠷ ᠢ ᠳᠠᠬᠢᠨ ᠬᠠᠭᠠᠯᠪᠤᠷᠢᠯᠠᠬᠤ ᠳᠤ ᠲᠤᠰ ᠭᠠᠵᠠᠷ ᠣᠷᠣᠨ ᠤ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠵᠦ ᠬᠠᠰᠤᠭᠳᠠᠬᠤ ᠶᠢ ᠬᠤᠯᠪᠣᠬᠤ ᠳᠤ ᠤᠷᠢᠳᠠᠪᠠᠷ ᠵᠢᠭᠰᠠᠭᠠᠨ᠎ᠠ᠃ ᠠᠵᠤ ᠠᠬᠤᠶᠢᠯᠠᠯ ᠤᠳ ᠭᠠᠵᠠᠷ ᠰᠢᠷᠤᠢ ᠶᠢ ᠳᠠᠬᠢᠨ ᠬᠠᠭᠠᠯᠪᠤᠷᠢᠯᠠᠬᠤ ᠪᠠᠷ ᠳᠠᠮᠵᠢᠨ ᠰᠤᠯᠢᠵᠤ ᠣᠯᠣᠭᠰᠠᠨ ᠭᠠᠵᠠᠷ ᠰᠢᠷᠤᠢ ᠶᠢᠨ ᠭᠦᠢᠴᠡᠳᠭᠡᠯ ᠲᠤᠭ᠎ᠠ ᠶᠢ ᠨᠡᠭᠦᠳᠡᠯ ᠠᠷᠠᠳ ᠤᠨ ᠨᠡᠭᠦᠨ ᠰᠢᠯᠵᠢᠭᠰᠡᠨ ᠰᠢᠨ᠎ᠡ ᠲᠤᠰᠬᠤᠨ ᠳᠤ ᠬᠡᠷᠡᠭᠯᠡᠬᠦ ᠭᠠᠵᠠᠷ ᠢ ᠬᠠᠩᠭᠠᠭᠰᠠᠨ ᠤ ᠳᠠᠷᠠᠭ᠎ᠠ᠂ ᠦᠯᠡᠳᠡᠭᠰᠡᠨ ᠭᠦᠢᠴᠡᠳᠭᠡᠯ ᠲᠤᠭ᠎ᠠ ᠶᠢ ᠠᠵᠤ ᠠᠬᠤᠶᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠲᠦᠷᠦᠯ ᠵᠦᠢᠯ ᠳᠤ ᠬᠡᠷᠡᠭᠯᠡᠬᠦ ᠭᠠᠵᠠᠷ ᠵᠢᠴᠢ ᠬᠠᠤᠯᠢ ᠴᠠᠭᠠᠵᠠ᠂ ᠲᠥᠷᠥ ᠶᠢᠨ ᠪᠣᠳᠣᠯᠭ᠎ᠠ ᠶᠢᠨ ᠵᠥᠪᠰᠢᠶᠡᠷᠡᠭᠰᠡᠨ ᠪᠤᠰᠤᠳ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠲᠤ ᠬᠡᠷᠡᠭᠯᠡᠵᠦ ᠪᠣᠯᠣᠨ᠎ᠠ᠃      ︵ᠭᠤᠷᠪᠠ︶ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠪᠠᠷ ᠳᠡᠮᠵᠢᠨ᠎ᠡ᠃      ᠤᠯᠤᠰ ᠤᠨ ᠭᠠᠶᠢᠯᠢ ᠶᠢᠨ ᠲᠠᠲᠠᠪᠦᠷᠢ ᠶᠢᠨ ᠬᠠᠤᠯᠢ ᠴᠠᠭᠠᠵᠠ ᠵᠢᠴᠢ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ᠂ ᠶᠠᠳᠠᠭᠤ ᠶᠢ ᠲᠡᠳᠭᠦᠬᠦ ᠳᠤ ᠲᠤᠰᠠᠯᠠᠨ ᠬᠠᠨᠳᠢᠪᠢᠯᠠᠬᠰᠠᠨ ᠵᠦᠢᠯᠡᠰ ᠢ ᠭᠠᠶᠢᠯᠢ ᠲᠤᠰᠢᠶᠠᠬᠤ ᠠᠴᠠ ᠡᠮᠦᠨ᠎ᠡ ᠬᠠᠰᠤᠵᠤ ᠭᠠᠷᠭᠠᠬᠤ᠂ ᠭᠠᠶᠢᠯᠢ ᠲᠠᠲᠠᠪᠦᠷᠢ ᠶᠢ ᠬᠠᠰᠤᠵᠤ ᠬᠡᠯᠲᠦᠷᠢᠭᠦᠯᠬᠦ ᠵᠡᠷᠭᠡ ᠶᠠᠳᠠᠭᠤ ᠶᠢ ᠲᠡᠳᠭᠦᠬᠦ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠭᠠᠶᠢᠯᠢ ᠲᠠᠲᠠᠪᠦᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠣᠴᠢᠵᠤ ᠪᠡᠯᠡ ᠣᠷᠤᠭᠤᠯᠤᠨ ᠠᠵᠤ ᠦᠢᠯᠡᠰ ᠬᠥᠭᠵᠢᠭᠦᠯᠬᠦ᠂ ᠠᠵᠢᠯ ᠣᠯᠭᠤᠯᠲᠠ ᠣᠷᠤᠯᠭ᠎ᠠ ᠶᠢᠨ ᠨᠡᠮᠡᠭᠳᠡᠯ ᠢ ᠳᠠᠶᠢᠴᠢᠯᠠᠬᠤ ᠬᠠᠮᠢᠶ᠎ᠠ ᠪᠦᠬᠦᠢ ᠳᠡᠮᠵᠢᠯᠭᠡ ᠣᠯᠭᠤᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠦᠬᠦᠴᠡᠯ ᠳᠤ ᠨᠡᠶᠢᠴᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠶᠢᠯᠢ ᠠᠴᠠ ᠡᠮᠦᠨ᠎ᠡ ᠬᠠᠰᠤᠵᠤ ᠭᠠᠷᠭᠠᠬᠤ ᠬᠢᠷᠢ ᠭᠡᠮ ᠣᠯᠭᠤᠨ᠎ᠠ᠃      ︵ᠳᠥᠷᠪᠡ︶ ᠮᠦᠩᠭᠦᠨ ᠭᠦᠢᠯᠭᠡᠭᠡᠨ ᠳᠠᠭᠠᠳᠬᠠᠯ ᠤᠨ ᠦᠢᠯᠡᠴᠢᠯᠡᠭᠡ ᠪᠠᠷ ᠳᠡᠮᠵᠢᠨ᠎ᠡ᠃      ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠭᠢ᠂ ᠲᠤᠮᠤ ᠬᠡᠯᠪᠡᠷᠢ ᠶᠢᠨ ᠬᠤᠳᠠᠯᠳᠤᠭᠠᠨ ᠤ ᠪᠠᠩᠭᠢ᠂ ᠬᠦᠳᠡᠭᠡ ᠲᠤᠰᠬᠤᠨ ᠤ ᠳᠤᠮᠳᠠ ᠵᠢᠵᠢᠭ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠠᠯᠵᠢᠬᠤ ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠦᠨᠳᠦᠰᠦᠯᠡᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠰᠢᠯᠢᠳᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠮᠦᠩᠭᠦᠨ ᠭᠦᠢᠯᠭᠡᠭᠡᠨ ᠢᠶᠠᠷ ᠳᠡᠮᠵᠢᠭᠦ ᠶᠢ ᠲᠦᠷᠭᠡᠳᠭᠡᠵᠦ᠂ ᠮᠦᠩᠭᠦᠨ ᠭᠦᠢᠯᠭᠡᠭᠡᠨ ᠤ ᠨᠡᠷᠡᠳᠭᠦᠨ ᠳᠤ ᠰᠢᠨ᠎ᠡ ᠶᠢ ᠡᠭᠦᠳᠦᠨ᠂ ᠦᠢᠯᠡᠴᠢᠯᠡᠭᠡᠨ ᠤ ᠪᠣᠳᠠᠳᠣ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠵᠣᠷᠢᠬᠵᠢᠭᠤᠯᠤᠨ᠎ᠠ᠃ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠭᠦᠬᠦ ᠢᠨᠵᠧᠨᠧᠷᠢᠩ ᠢ ᠢᠳᠡᠪᠬᠢᠲᠡᠢ ᠬᠡᠷᠡᠭᠵᠢᠭᠦᠯᠵᠦ᠂ ᠶᠠᠳᠠᠭᠤ ᠶᠢ ᠲᠡᠳᠭᠦᠬᠦ ᠠᠵᠤ ᠦᠢᠯᠡᠰ ᠪᠣᠯᠣᠨ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ᠂ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠵᠢᠭᠡᠯᠡᠯᠭᠡ ᠶᠢᠨ ᠵᠠᠭᠪᠣᠷ ᠲᠤ ᠰᠢᠨ᠎ᠡ ᠶᠢ ᠡᠭᠦᠳᠴᠦ᠂ ᠲᠤᠮᠤ ᠬᠡᠯᠪᠡᠷᠢ ᠶᠢᠨ ᠮᠠᠯᠵᠢᠯ ᠲᠠᠷᠢᠶᠠᠯᠠᠩ ᠤᠨ ᠮᠠᠰᠢᠨ ᠬᠡᠷᠡᠭᠰᠡᠯ᠂ ᠭᠠᠵᠠᠷ ᠰᠢᠷᠤᠢ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ᠂ ᠠᠮᠢᠳᠤ ᠮᠠᠯ ᠵᠡᠷᠭᠡ ᠦᠢᠯᠡᠳᠪᠦᠷᠢᠯᠡᠯ ᠤᠨ ᠬᠡᠷᠡᠭᠰᠡᠯ ᠢ ᠪᠠᠷᠢᠴᠠᠭᠠᠯᠠᠬᠤ ︵ᠳᠠᠨᠵᠢᠯᠠᠬᠤ︶ ᠵᠢᠭᠡᠯᠡᠯᠭᠡ ᠶᠢᠨ ᠲᠣᠬᠠᠶᠢᠯᠠᠭᠰᠠᠨ ᠠᠵᠢᠯ ᠦᠷᠨᠢᠭᠦᠯᠬᠦ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠳᠤ ᠬᠤᠪᠢ ᠣᠷᠤᠭᠤᠯᠤᠨ ᠬᠥᠭᠵᠢᠭᠦᠯᠬᠦ ᠶᠢ ᠵᠣᠷᠢᠬᠵᠢᠭᠤᠯᠤᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠵᠦᠢᠯ ᠳᠤ ᠰᠢᠨ᠎ᠡ ᠶᠢ ᠡᠭᠦᠳᠬᠦ ᠶᠢ ᠵᠣᠷᠢᠬᠵᠢᠭᠤᠯᠵᠤ᠂ ᠶᠠᠳᠠᠭᠤ ᠶᠢ ᠲᠡᠳᠭᠦᠬᠦ ᠠᠵᠤ ᠦᠢᠯᠡᠰ ᠤᠨ ᠬᠥᠭᠵᠢᠯᠲᠡ ᠳᠤ ᠵᠣᠬᠢᠴᠠᠭᠰᠠᠨ ᠣᠨᠴᠠᠯᠢᠭ ᠲᠠᠢ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ᠂ ᠶᠠᠳᠠᠭᠤ ᠶᠢ ᠲᠡᠳᠭᠦᠬᠦ ᠪᠠᠭ᠎ᠠ ᠲᠣᠭᠠᠨ ᠤ ᠳᠠᠭᠠᠳᠬᠠᠯ ᠵᠡᠷᠭᠡ ᠳᠠᠭᠠᠳᠬᠠᠯ ᠤᠨ ᠵᠦᠢᠯ ᠢ ᠨᠡᠭᠡᠭᠡᠨ ᠬᠥᠭᠵᠢᠭᠦᠯᠦᠨ᠎ᠡ᠃ ᠲᠠᠷᠢᠶᠠᠯᠠᠩ ᠳᠤ ᠬᠤᠯᠪᠣᠭᠳᠠᠭᠰᠠᠨ ᠢᠲᠡᠭᠡᠮᠵᠢᠲᠦ ᠵᠢᠭᠡᠯᠡᠯᠭᠡ ᠶᠢᠨ ᠪᠠᠲᠤᠯᠠᠭᠠᠲᠦ ᠳᠠᠭᠠᠳᠬᠠᠯ ᠤᠨ ᠵᠦᠢᠯ ᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠲᠠᠯᠪᠢᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠨᠴᠠᠯᠢᠭ ᠲᠤ ᠲᠣᠬᠢᠷᠠᠬᠤ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠦᠨᠳᠦ ᠭᠠᠮᠰᠢᠭ ᠤᠨ ᠲᠥᠭᠰᠢᠭᠦᠷᠢ ᠶᠢ ᠲᠠᠷᠬᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠳᠡᠮᠵᠢᠵᠦ᠂ ᠳᠠᠭᠠᠳᠬᠠᠯ ᠤᠨ ᠪᠡᠯᠡ ᠮᠦᠩᠭᠦ ᠶᠢ ᠬᠡᠷᠡᠭᠯᠡᠬᠦ ᠬᠡᠪᠴᠢᠶ᠎ᠡ ᠶᠢ ᠥᠷᠭᠡᠳᠭᠡᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠪᠣᠯᠣᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤᠮᠳᠠ ᠳᠠᠭᠠᠳᠬᠠᠯ ᠤᠨ ᠦᠵᠡᠭᠦᠯᠬᠦ ᠢᠳᠡᠪᠬᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠪᠡᠯᠡ ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠ ᠶᠢᠨ ᠺᠤᠮᠫᠠᠨᠢ ᠶᠢ ᠪᠤᠶᠢᠵᠢᠭᠤᠯᠤᠨ ᠬᠥᠭᠵᠢᠭᠦᠯᠵᠦ᠂ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠠᠬᠢᠨᠲᠠ ᠳᠠᠭᠠᠠᠭᠠᠯᠲᠠ ᠬᠢᠬᠦ ᠺᠤᠮᠫᠠᠨᠢ ᠶᠢ ᠡᠭᠦᠰᠭᠡᠨ ᠪᠠᠶᠢᠭᠤᠯᠬᠤ ᠶᠢ ᠵᠣᠷᠢᠬᠵᠢᠭᠤᠯᠤᠨ᠎ᠠ᠃      ︵ᠲᠠᠪᠤ︶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠪᠠᠷ ᠳᠡᠮᠵᠢᠨ᠎ᠡ᠃      ᠠᠵᠤ ᠠᠬᠤᠶᠢᠯᠠᠯ ᠤᠳ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠣᠴᠢᠵᠤ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦ ᠶᠢ ᠡᠯᠰᠡᠨ ᠠᠪᠬᠤ ᠶᠢᠨ ᠬᠠᠮᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠦᠷᠨᠢᠭᠦᠯᠦᠭᠰᠡᠨ ᠪᠤᠯ ᠣᠨ ᠤ ᠠᠵᠢᠯ ᠣᠯᠭᠤᠯᠲᠠ ᠶᠢᠨ ᠲᠡᠳᠭᠦᠨ ᠠᠬᠢᠭᠤᠯᠬᠤ ᠲᠦᠯᠦᠪᠯᠡᠭᠡ ᠳᠤ ᠵᠢᠭᠰᠠᠭᠠᠨ ᠣᠷᠤᠭᠤᠯᠵᠤ᠂ ᠲᠣᠭᠲᠠᠭᠠᠯ ᠶᠤᠰᠤᠭᠠᠷ ᠠᠵᠢᠯ ᠣᠯᠭᠤᠬᠤ ᠲᠤᠰᠬᠠᠢ ᠪᠡᠯᠡ ᠮᠦᠩᠭᠦ ᠳᠤᠲᠤᠷ᠎ᠠ ᠠᠴᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠦᠬᠦᠪᠦᠷᠢ ᠣᠯᠭᠤᠨ᠎ᠠ᠃ ᠠᠯᠪᠠᠨ ᠲᠤᠰᠢᠶᠠᠯᠲᠠᠳ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠠᠵᠤ ᠦᠢᠯᠡᠰ ᠢᠶᠠᠷ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠳᠤ ᠬᠡᠷᠡᠭᠰᠡᠬᠦ ᠮᠡᠷᠭᠡᠵᠢᠯ ᠪᠣᠯᠣᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠬᠤ ᠶᠢ ᠳᠠᠮᠵᠢᠵᠦ ᠵᠣᠷᠢᠬᠵᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠣᠴᠢᠵᠤ ᠠᠳᠠᠯ ᠦᠢᠯᠡᠰ ᠴᠣᠭᠴᠠᠯᠠᠬᠤ ᠪᠠᠷ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠶᠢ ᠵᠣᠷᠢᠬᠵᠢᠭᠤᠯᠤᠨ ᠳᠡᠮᠵᠢᠨ᠎ᠡ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠪᠰᠤᠷᠤᠨ ᠲᠡᠳᠭᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ᠦᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠶᠢᠨ ᠤᠳᠤᠷᠢᠳᠬᠤ ᠳᠤᠭᠤᠶᠢᠯᠠᠩ ᠨᠢ ᠪᠦᠬᠦ ᠣᠷᠣᠨ ᠤ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠪᠠ ᠬᠤᠯᠪᠤᠭᠳᠠᠯ ᠪᠦᠬᠦᠢ ᠨᠢᠭᠡᠴᠡ ᠨᠦᠭᠦᠳ ᠨᠢᠭᠲᠠ ᠬᠠᠮᠲᠤᠷᠠᠯᠴᠠᠵᠤ᠂ ᠲᠤᠰ ᠨᠢᠭᠡᠴᠡ᠂ ᠲᠤᠰ ᠰᠢᠰᠲ᠋ᠧᠮ᠂ ᠲᠤᠰ ᠠᠵᠢᠯ ᠲᠦᠷᠦᠯ ᠢᠶᠠᠨ ᠵᠣᠬᠢᠴᠠᠭᠤᠯᠤᠨ ᠳᠠᠶᠢᠴᠢᠯᠠᠬᠤ ᠶᠢ ᠴᠢᠩᠭᠠᠳᠬᠠᠨ᠂ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠭᠦᠬᠦ ᠠᠯᠪᠠᠨ ᠭᠡᠷ ᠨᠢ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ᠂ ᠵᠣᠬᠢᠴᠠᠭᠤᠯᠤᠨ ᠦᠢᠯᠡᠴᠢᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠡᠳᠦᠷ ᠲᠤᠳᠤᠮ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠥᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠢ ᠰᠢᠭᠤᠢ᠂ ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠭᠠᠶᠢᠯᠢ ᠶᠢᠨ ᠶᠠᠪᠤᠳᠠᠯ᠂ ᠮᠦᠩᠭᠦᠨ ᠭᠦᠢᠯᠭᠡᠭᠡᠨ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠲᠣᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠨᠠᠷᠢᠯᠢᠬᠵᠢᠭᠤᠯᠤᠨ᠎ᠠ᠃ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠤᠳ ᠲᠤᠰᠬᠤᠨ ᠳᠤ ᠰᠠᠭᠤᠭ᠎ᠠ ᠬᠠᠪᠰᠤᠷᠤᠨ ᠲᠡᠳᠭᠦᠬᠦ ᠠᠵᠢᠯ ᠬᠢᠵᠦ ᠪᠦᠬᠦᠢ ᠺᠠᠳ᠋ᠷ ᠪᠣᠯᠣᠨ ᠨᠢᠭᠡᠳᠦᠭᠡᠷ ᠱᠦᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠶᠠᠳᠠᠭᠤ ᠶᠢ ᠲᠡᠳᠭᠦᠨ ᠬᠦᠴᠢᠷᠳᠡᠯᠲᠡᠢ ᠶᠢ ᠬᠠᠪᠰᠤᠷᠤᠨ ᠲᠤᠰᠠᠯᠠᠬᠤ ᠪᠠᠨ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠬᠠᠭᠤᠯᠬᠤ ᠰᠠᠯᠠᠭ᠎ᠠ ᠮᠦᠴᠢᠷ ᠤᠳ ᠨᠡᠶᠢᠭᠡᠮ ᠤᠨ ᠶᠠᠳᠠᠭᠤ ᠶᠢ ᠲᠡᠳᠭᠦᠭᠰᠡᠨ ᠲᠡᠷᠢᠭᠦᠨ ᠤ ᠦᠢᠯᠡ ᠶᠠᠪᠤᠳᠠᠯ᠂ ᠨᠡᠶᠢᠲᠡᠯᠢᠭ ᠵᠢᠱᠢᠶ᠎ᠡ ᠪᠤᠯᠬᠤ ᠬᠦᠮᠦᠰ ᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ ᠨᠤᠭᠤᠳ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠰᠠᠨᠠᠯ ᠤᠨ ᠵᠣᠷᠢᠭ ᠰᠠᠨᠠᠭ᠎ᠠ ᠶᠤᠰᠤᠭᠠᠷ᠂ ᠲᠤᠰ ᠭᠠᠵᠠᠷ ᠣᠷᠣᠨ ᠤ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠤᠨ ᠲᠦᠰᠦᠯ ᠢ ᠲᠣᠭᠲᠠᠭᠠᠨ᠂ ᠶᠠᠳᠠᠭᠤ ᠶᠢ ᠲᠡᠳᠭᠦᠬᠦ ᠠᠵᠢᠯ ᠳᠤ ᠣᠷᠤᠯᠴᠠᠭᠰᠠᠨ ᠡᠯ᠎ᠡ ᠨᠢᠭᠡᠴᠡ ᠯᠦᠭᠡ ᠶᠢᠨ ᠬᠠᠷᠢᠯᠴᠠᠭ᠎ᠠ ᠪᠣᠯᠣᠨ ᠣᠶᠢᠯᠠᠭᠠᠯᠴᠠᠭ᠎ᠠ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃      ︵ᠬᠤᠶᠠᠷ︶ ᠲᠣᠭᠲᠠᠴᠠ ᠳᠤ ᠰᠢᠨ᠎ᠡ ᠶᠢ ᠡᠭᠦᠳᠴᠦ᠂ ᠤᠷᠮᠠᠰᠢᠭᠤᠯᠬᠤ ᠰᠢᠰᠲ᠋ᠧᠮᠵᠢ ᠶᠢ ᠪᠠᠶᠢᠭᠤᠯᠤᠨ᠎ᠠ᠃      ᠡᠯ᠎ᠡ ᠨᠡᠶᠢᠭᠡᠮ ᠤᠨ ᠪᠦᠯᠬᠦᠮ᠂ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠨᠤᠭᠤᠳ ᠨᠢᠭᠡᠨᠲᠡ ᠪᠠᠶᠢᠭ᠎ᠠ ᠶᠠᠳᠠᠭᠤ ᠶᠢ ᠲᠡᠳᠭᠦᠬᠦ ᠲᠦᠷᠦᠯ ᠵᠦᠢᠯ᠂ ᠨᠡᠷᠡᠲᠦ ᠲᠦᠷᠦᠯ ᠲᠡᠮᠲᠡᠭᠲᠦ ᠪᠠᠷ ᠨᠡᠶᠢᠭᠡᠮ ᠤᠨ ᠶᠠᠳᠠᠭᠤ ᠶᠢ ᠲᠡᠳᠭᠦᠬᠦ ᠶᠢᠨ ᠦᠢᠯᠡᠳᠦᠯ ᠢ ᠨᠢ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠰᠢᠨ᠎ᠡ ᠪᠠᠷ ᠨᠡᠭᠡᠭᠡᠨ ᠬᠥᠭᠵᠢᠭᠦᠯᠬᠦ ᠪᠠ ᠥᠷᠭᠡᠳᠭᠡᠨ᠎ᠡ᠃ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠳᠡᠭᠡᠳᠦ ᠵᠡᠷᠭᠡ ᠶᠢᠨ ᠰᠤᠷᠭᠠᠭᠤᠯᠢ᠂ ᠤᠯᠤᠰ ᠤᠨ ᠦᠮᠴᠢᠯᠡᠯᠲᠦ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠮᠲᠤᠷᠠᠯᠴᠠᠬᠤ ᠂ ᠪᠡᠯᠡ ᠨᠡᠶᠢᠯᠡᠭᠦᠯᠬᠦ᠂ ᠬᠤᠪᠢ ᠣᠷᠤᠬᠤ ᠶᠢ ᠡᠷᠬᠢᠮᠯᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠦᠢᠯᠡᠳᠭᠦᠨ ᠡᠳ᠋ᠰᠢᠭᠦᠯᠬᠦ ᠳᠤ ᠢᠳᠡᠪᠬᠢᠲᠡᠢ ᠣᠷᠤᠯᠴᠠᠨ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ ᠠᠵᠢᠯ ᠣᠯᠭᠤᠭᠠᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭ ᠬᠦᠷᠲᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠣᠯᠵᠠᠪᠦᠷᠢ ᠬᠦᠷᠲᠡᠬᠦ ᠶᠢ ᠪᠡᠶᠡᠯᠡᠭᠦᠯᠦᠨ᠎ᠡ᠃ ︽10 · 17︾᠎ ᠶᠢᠨ ᠪᠦᠬᠦ ᠤᠯᠤᠰ ᠤᠨ ᠶᠠᠳᠠᠭᠤ ᠶᠢ ᠲᠡᠳᠭᠦᠬᠦ ᠡᠳᠦᠷ ᠤᠨ ᠲᠡᠪᠴᠡᠩ ᠢ ᠭᠦᠢᠴᠡᠳ ᠠᠰᠢᠭᠯᠠᠨ᠂ ᠨᠡᠶᠢᠭᠡᠮ ᠤᠨ ᠶᠠᠳᠠᠭᠤ ᠶᠢ ᠲᠡᠳᠭᠦᠬᠦ ᠡᠯ᠎ᠡ ᠲᠦᠷᠦᠯ ᠤᠨ ᠰᠢᠷᠢᠰ ᠠᠵᠢᠯᠯᠠᠭ᠎ᠠ ᠶᠢ ᠨᠢᠮᠪᠠᠢ ᠲᠦᠯᠦᠪᠯᠡᠨ ᠬᠢᠵᠦ᠂ ᠨᠡᠶᠢᠭᠡᠮ ᠤᠨ ᠬᠢᠨ ᠤ ᠣᠷᠤᠯᠴᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ ᠪᠠᠶᠢᠭᠠᠳ ᠶᠠᠳᠠᠭᠤ ᠶᠢ ᠲᠡᠳᠭᠦᠨ ᠬᠦᠴᠢᠷᠳᠡᠯᠲᠡᠢ ᠶᠢ ᠬᠠᠪᠰᠤᠷᠤᠨ ᠲᠤᠰᠠᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠶᠢᠷ᠎ᠠ ᠬᠠᠯᠠᠮᠵᠢ ᠶᠢᠨ ᠣᠨᠣᠯᠵᠢᠬᠤᠨ ᠢ ᠬᠦᠮᠦᠰ ᠤᠨ ᠰᠡᠳᠬᠢᠯ ᠳᠤ ᠲᠠᠰᠤᠷᠠᠯᠲᠠ ᠦᠭᠡᠢ ᠬᠠᠳᠠᠩᠰᠢᠭᠤᠯᠤᠨ᠎ᠠ᠃ ᠨᠡᠶᠢᠭᠡᠮ ᠤᠨ ᠶᠠᠳᠠᠭᠤ ᠶᠢ ᠲᠡᠳᠭᠦᠬᠦ ᠳᠤ ᠣᠷᠤᠯᠴᠠᠭᠰᠠᠨ ᠭᠤᠣᠯ ᠴᠣᠭᠴᠠ ᠶᠢ ᠬᠦᠬᠢᠭᠦᠯᠦᠨ ᠰᠠᠶᠢᠰᠢᠶᠠᠬᠤ ᠪᠠᠷ ᠳᠠᠮᠵᠢᠨ᠂ ᠨᠡᠶᠢᠭᠡᠮ ᠤᠨ ᠶᠠᠳᠠᠭᠤ ᠶᠢ ᠲᠡᠳᠭᠦᠬᠦ ᠳᠤ ᠢᠳᠡᠪᠬᠢᠲᠡᠢ ᠣᠷᠤᠯᠴᠠᠭᠰᠠᠨ ᠡᠯ᠎ᠡ ᠲᠦᠷᠦᠯ ᠤᠨ ᠭᠤᠣᠯ ᠴᠤᠭᠴᠠ ᠶᠢ ᠤᠯᠤᠰ ᠲᠥᠷᠥ ᠶᠢᠨ ᠲᠠᠯ᠎ᠠ ᠪᠠᠷ ᠢᠷᠠᠭᠤ ᠠᠯᠳᠠᠷᠲᠠᠢ᠂ ᠠᠵᠢᠯ ᠦᠢᠯᠡᠰ ᠤᠨ ᠲᠠᠯ᠎ᠠ ᠪᠠᠷ ᠬᠥᠭᠵᠢᠯᠲᠡ ᠲᠠᠢ᠂ ᠨᠡᠶᠢᠭᠡᠮ ᠳᠡᠭᠡᠷ᠎ᠡ ᠬᠦᠨᠳᠦᠳᠭᠡᠭᠳᠡᠬᠦ ᠪᠣᠯᠭᠠᠨ᠎ᠠ᠃ ᠬᠤᠪᠢ ᠨᠡᠮᠡᠷᠢ ᠪᠠᠷ ᠳᠣᠪᠤᠶᠢᠮ᠎ᠠ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠡᠲᠡᠭᠡᠳ ᠤᠨ ᠬᠦᠮᠦᠰ ᠲᠤ ᠲᠡᠳᠡᠨ ᠤ ᠬᠦᠰᠡᠯ ᠡᠷᠡᠮᠡᠯᠵᠡᠯ ᠢ ᠨᠢ ᠬᠦᠨᠳᠦᠳᠭᠡᠭᠰᠡᠨ ᠤᠷᠢᠳᠠᠯ ᠳᠣᠣᠷ᠎ᠠ ᠲᠦᠷᠦᠯ ᠵᠦᠢᠯ ᠳᠤ ᠨᠡᠷ᠎ᠡ ᠬᠠᠳᠠᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃ ᠲᠤᠰᠬᠤᠨ ᠳᠤ ᠰᠠᠭᠤᠭ᠎ᠠ ᠬᠠᠪᠰᠤᠷᠤᠨ ᠲᠡᠳᠭᠦᠬᠦ ᠠᠵᠢᠯ ᠬᠢᠵᠦ ᠪᠠᠶᠢᠭ᠎ᠠ ᠺᠠᠳ᠋ᠷ ᠪᠣᠯᠣᠨ ᠨᠢᠭᠡᠳᠦᠭᠡᠷ ᠱᠦᠵᠢ ᠶᠢᠨ ᠠᠵᠢᠯ ᠠᠮᠢᠳᠤᠷᠠᠯ ᠢ ᠬᠠᠯᠠᠮᠵᠢᠯᠠᠵᠦ᠂ ᠰᠢᠯᠢᠳᠡᠭ ᠢᠯᠡᠷᠡᠯ ᠲᠠᠢ ᠨᠦᠬᠦᠳ ᠢ ᠠᠳᠠᠯᠢᠬᠠᠨ ᠨᠦᠬᠦᠴᠡᠯ ᠳᠣᠣᠷ᠎ᠠ ᠤᠷᠢᠳᠠᠪᠠᠷ ᠲᠤᠰᠢᠶᠠᠯ ᠳᠤ ᠳᠡᠪᠰᠢᠭᠦᠯᠦᠨ ᠬᠡᠷᠡᠭᠯᠡᠨ᠎ᠡ᠃      ︵ᠭᠤᠷᠪᠠ︶ ᠦᠢᠯᠡᠴᠢᠯᠡᠭᠡ ᠶᠢ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠨᠡᠶᠢᠭᠡᠮ ᠤᠨ ᠬᠢᠨ ᠤ ᠣᠷᠤᠯᠴᠠᠬᠤ ᠲᠡᠪᠴᠡᠩ ᠢ ᠪᠠᠶᠢᠭᠤᠯᠤᠨ᠂ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠤᠨ ᠵᠣᠬᠢᠶᠠᠨ ᠪᠠᠶᠢᠭᠤᠯᠤᠨ ᠳᠠᠶᠢᠴᠢᠯᠠᠬᠤ ᠪᠠ ᠵᠣᠬᠢᠴᠠᠭᠤᠯᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠤᠨ ᠮᠡᠳᠡᠭᠡ ᠵᠠᠩᠭᠢ ᠶᠢ ᠪᠦᠷᠢᠳᠭᠡᠬᠦ᠂ ᠰᠢᠯᠭᠠᠨ ᠬᠢᠨᠠᠵᠤ ᠦᠨᠡᠯᠡᠬᠦ ᠪᠠ ᠮᠡᠳᠡᠭᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠦᠮᠦᠨ ᠤ ᠶᠠᠳᠠᠭᠤ ᠶᠢ ᠲᠡᠳᠭᠦᠭᠰᠡᠨ ᠢ ᠨᠢ ᠬᠢᠨᠠᠨ ᠰᠢᠯᠭᠠᠵᠤ ᠦᠨᠡᠯᠡᠨ ᠵᠢᠱᠢᠬᠦ ᠰᠢᠰᠲ᠋ᠧᠮᠵᠢ ᠶᠢ ᠪᠠᠶᠢᠭᠤᠯᠤᠨ᠎ᠠ᠃ ᠨᠡᠶᠢᠭᠡᠮ ᠤᠨ ᠶᠠᠳᠠᠭᠤ ᠶᠢ ᠲᠡᠳᠭᠦᠬᠦ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ ᠪᠠ ᠨᠡᠶᠢᠭᠡᠮ ᠤᠨ ᠶᠠᠳᠠᠭᠤ ᠶᠢ ᠲᠡᠳᠭᠦᠬᠦ ᠪᠡᠯᠡ ᠮᠦᠩᠭᠦ ︵ᠡᠳ᠋ ᠪᠠᠷᠠᠭ᠎ᠠ︶᠎ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠨᠡᠶᠢᠭᠡᠮ ᠤᠨ ᠶᠠᠳᠠᠭᠤ ᠶᠢ ᠲᠡᠳᠭᠦᠬᠦ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠳᠦᠷᠢᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠣᠯᠬᠤ᠂ ᠭᠤᠷᠪᠠᠳᠡᠬᠢ ᠡᠲᠡᠭᠡᠳ ᠤᠨ ᠦᠨᠡᠯᠡᠨ ᠵᠢᠱᠢᠬᠦ᠂ ᠬᠢᠨᠠᠨ ᠪᠤᠳᠤᠬᠤ ᠵᠡᠷᠭᠡ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠶᠠᠳᠠᠭᠤ ᠶᠢ ᠲᠡᠳᠭᠦᠬᠦ ᠳᠤ ᠣᠷᠤᠯᠴᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠯᠡ ᠲᠤᠳᠤ ᠶᠢᠨ ᠬᠡᠮᠵᠢᠶ᠎ᠡ ᠶᠢ ᠨᠡᠮᠡᠭᠳᠡᠭᠦᠯᠬᠦ᠂ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ᠂ ᠨᠦᠯᠦᠭᠡᠯᠡᠬᠦ ᠬᠦᠴᠦᠨ ᠢᠶᠠᠨ ᠥᠷᠭᠡᠳᠭᠡᠬᠦ ᠶᠢ ᠠᠬᠢᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠪᠠᠶᠠᠵᠢᠭᠤᠯᠬᠤ ᠳᠠᠭᠠᠭᠤᠯᠤᠭᠴᠢ ᠪᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠠᠳᠠᠯ ᠦᠢᠯᠡᠰ ᠴᠣᠭᠴᠠᠯᠠᠨ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠢ ᠣᠯᠠᠨ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠭᠦᠢᠴᠡᠳ ᠬᠦᠨᠳᠦᠳᠭᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠳᠣᠲᠤᠭᠠᠲᠤ ᠶᠢᠨ ᠬᠦᠳᠡᠯᠭᠡᠬᠦ ᠬᠦᠴᠦᠨ ᠪᠣᠯᠣᠨ ᠭᠠᠳᠠᠷ ᠲᠠᠯ᠎ᠠ ᠠᠴᠠ ᠬᠠᠪᠰᠤᠷᠤᠨ ᠲᠡᠳᠭᠦᠬᠦ ᠶᠢ ᠤᠷᠭᠠᠨᠢᠭ ᠢᠶᠠᠷ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠪᠠ ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠪᠡᠷ ᠢ ᠪᠠᠨ ᠬᠥᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ︵ᠳᠥᠷᠪᠡ︶ ᠤᠬᠠᠭᠤᠯᠭ᠎ᠠ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃      ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠶᠢ ᠣᠷᠣᠨ ᠤ ᠦᠨᠳᠦᠰᠦᠨ ᠪᠠᠶᠢᠳᠠᠯ ᠤᠨ ᠬᠦᠮᠦᠵᠢᠯ ᠤᠨ ᠬᠡᠪᠴᠢᠶᠡᠨ ᠳᠤ ᠣᠷᠤᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠎ᠠ᠃ ᠨᠡᠶᠢᠭᠡᠮ ᠤᠨ ᠶᠠᠳᠠᠭᠤ ᠶᠢ ᠲᠡᠳᠭᠦᠬᠦ ᠤᠬᠠᠭᠤᠯᠭ᠎ᠠ ᠶᠢᠨ ᠬᠡᠯᠪᠡᠷᠢ ᠮᠠᠶ᠋ᠢᠭ ᠲᠤ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠵᠠᠮ ᠮᠥᠷ ᠢ ᠦᠷᠭᠡᠳᠭᠡᠨ᠂ ᠶᠠᠷᠢᠶ᠎ᠠ ᠬᠡᠯᠡᠯᠴᠡᠭᠡᠨ ᠢᠶᠠᠷ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠨᠡᠶᠢᠭᠡᠮ ᠤᠨ ᠶᠠᠳᠠᠭᠤ ᠶᠢ ᠲᠡᠳᠭᠦᠭᠰᠡᠨ ᠲᠡᠷᠢᠭᠦᠨ ᠤ ᠦᠢᠯᠡ ᠶᠠᠪᠤᠳᠠᠯ ᠢ ᠤᠬᠠᠭᠤᠯᠤᠨ ᠮᠡᠳᠡᠭᠡᠯᠡᠬᠦ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠵᠤ᠂ ᠨᠡᠶᠢᠭᠡᠮ ᠤᠨ ᠶᠠᠳᠠᠭᠤ ᠶᠢ ᠲᠡᠳᠭᠦᠬᠦ ᠳᠤ ᠣᠷᠤᠯᠴᠠᠭᠰᠠᠨ ᠡᠯ᠎ᠡ ᠲᠦᠷᠦᠯ ᠤᠨ ᠭᠤᠣᠯ ᠴᠣᠭᠴᠠ ᠶᠢ ᠰᠣᠨᠢᠨ ᠳᠡᠭᠡᠷ᠎ᠡ ᠨᠡᠷ᠎ᠡ ᠲᠠᠢ᠂ ᠷᠠᠳᠢᠣ᠋ ᠨᠡᠪᠲᠡᠷᠡᠭᠦᠯᠭᠡ ᠳᠤ ᠳᠠᠭᠤ ᠬᠤᠭᠤᠯᠠᠢ ᠲᠠᠢ᠂ ᠲᠧᠯᠸᠢᠰ ᠳᠡᠭᠡᠷ᠎ᠡ ᠳᠦᠷᠢ ᠰᠡᠭᠦᠳᠡᠷ ᠲᠠᠢ᠂ ᠰᠦᠯᠵᠢᠶᠡᠨ ᠳᠡᠭᠡᠷ᠎ᠡ ᠮᠠᠭᠲᠠᠭᠠᠯ ᠰᠠᠶᠢᠰᠢᠶᠠᠯ ᠲᠠᠢ ᠪᠣᠯᠭᠠᠨ᠎ᠠ᠃ ᠶᠠᠳᠠᠭᠤ ᠶᠢ ᠲᠡᠳᠭᠦᠬᠦ ᠶᠢ ᠤᠬᠠᠭᠤᠯᠬᠤ ᠡᠯᠴᠢ ᠶᠢ ᠤᠷᠢᠨ ᠵᠠᠯᠠᠬᠤ᠂ ᠶᠠᠳᠠᠭᠤ ᠶᠢ ᠲᠡᠳᠭᠦᠭᠰᠡᠨ ᠬᠠᠮᠤᠭ ᠤᠨ ᠰᠠᠶᠢᠬᠠᠨ ᠬᠦᠮᠦᠨ᠂ ᠲᠤᠰᠬᠤᠨ ᠳᠤ ᠰᠠᠭᠤᠭ᠎ᠠ ᠬᠠᠮᠤᠭ ᠰᠠᠶᠢᠬᠠᠨ ᠺᠠᠳ᠋ᠷ᠂ ᠶᠠᠳᠠᠭᠤ ᠶᠢ ᠲᠡᠳᠭᠦᠬᠦ ᠨᠡᠶᠢᠲᠡ ᠶᠢᠨ ᠠᠰᠠᠷᠠᠮᠵᠢ ᠶᠢᠨ ᠵᠠᠷ ᠭᠠᠷᠭᠠᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠨ᠂ ᠪᠦᠬᠦ ᠨᠡᠶᠢᠭᠡᠮ ᠤᠨ ᠬᠢᠨ ᠤ ᠶᠠᠳᠠᠭᠤ ᠶᠢ ᠲᠡᠳᠭᠦᠬᠦ ᠳᠤ ᠣᠷᠤᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠪᠦᠬᠦ ᠣᠷᠣᠨ ᠤ ᠬᠦᠴᠦᠨ ᠢ ᠨᠢᠭᠲᠠᠷᠠᠭᠤᠯᠤᠨ᠂ ᠡᠯ᠎ᠡ ᠲᠠᠯ᠎ᠠ ᠶᠢᠨ ᠡᠳ᠋ ᠬᠦᠷᠦᠩᠭᠡ ᠶᠢ ᠬᠤᠷᠠᠮᠳᠤᠭᠤᠯᠤᠨ᠂ ᠪᠦᠬᠦ ᠠᠷᠠᠳ ᠤᠨ ᠤᠶᠣᠨ ᠤᠬᠠᠭᠠᠨ ᠢ ᠲᠦᠪᠯᠡᠷᠡᠭᠦᠯᠦᠨ᠂ ᠶᠠᠳᠠᠭᠤ ᠶᠢ ᠲᠡᠳᠭᠦᠨ ᠬᠦᠴᠢᠷᠳᠡᠯᠲᠡᠢ ᠶᠢ ᠬᠠᠪᠰᠤᠷᠤᠨ ᠲᠤᠰᠠᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号