ᠯᠢ ᠵᠢᠢ ᠡᡁᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ ᠲᠠᠪᠤᠨ ᠶᠡᠭᠡ ᠬᠦᠭᠵᠢᠯᠳᠠ ᠶᠢᠨ ᠤᠨᠤᠯᠵᠢᠬᠤᠨ ᠢ ᠲᠤᠤᠱᠯᠠᠭᠤᠯᠵᠤ ᠠᠷᠠᠳ ᠢ ᠪᠠᠶᠠᠵᠢᠭᠤᠯᠵᠤ ᠬᠤᠳᠠ ᠪᠠᠨ ᠬᠦᠴᠦᠷᠭᠡᠭᠵᠢᠬᠦᠯᠬᠦ ᠶᠢ ᠬᠦᠴᠦᠯᠡᠨ ᠪᠡᠶᠡᠯᠡᠬᠦᠯᠬᠦ ᠭᠡᠷᠡᠭᠳᠠᠢ
ᠨᠡᠶᠢᠲᠡᠯᠡᠭᠰᠡᠨ ᠴᠠᠭ᠄
2016/10/9
     10 ᠳ᠋ᠤᠭᠠᠷ ᠰᠠᠷ᠎ᠠ ᠶᠢᠨ 7᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠪᠠᠶᠠᠨᠨᠠᠭᠤᠷ ᠬᠤᠳᠠ ᠳᠤ ᠬᠦᠷᠴᠦ᠂ ᠬᠤᠳᠠ ᠶᠢᠨ ᠪᠦᠳᠦᠬᠡᠨ ᠪᠠᠶᠢᠭᠤᠯᠤᠯᠳᠠ᠂ ᠠᠵᠤ ᠠᠬᠤᠢᠢᠯᠠᠯ ᠤᠨ ᠬᠦᠭᠵᠢᠯᠳᠡ ᠪᠤᠯᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠦᠢᠯᠡᠳᠪᠤᠷᠢᠯᠡᠯ ᠡᠳ᠋ᠰᠢᠬᠦᠯᠤᠯᠳᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      10 ᠳ᠋ᠤᠭᠠᠷ ᠰᠠᠷ᠎ᠠ ᠶᠢᠨ 7᠎ ᠠᠴᠠ 8᠎ ᠤ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠭᠰᠠᠨ ᠨᠢ᠂ ᠲᠠᠪᠤᠨ ᠶᠡᠭᠡ ᠬᠦᠭᠵᠢᠯᠳᠠ ᠶᠢᠨ ᠤᠨᠤᠯᠵᠢᠬᠤᠨ ᠢ ᠪᠠᠷᠢᠮᠳᠠᠯᠠᠨ ᠰᠢᠨ᠎ᠠ ᠬᠡᠯᠪᠡᠷᠢ ᠶᠢᠨ ᠠᠵᠤ ᠤᠢᠢᠯᠡᠰᠵᠢᠯᠳᠠ᠂ ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠠ ᠪᠤᠬᠢᠷᠳᠤᠯ ᠦᠬᠡᠢ ᠬᠦᠭᠵᠢᠯᠳᠡ ᠶᠢ ᠵᠡᠷᠬᠡᠪᠡᠷ ᠬᠦᠭᠵᠢᠬᠦᠯᠵᠤ᠂ ᠠᠮᠢ ᠠᠬᠤᠢ ᠬᠡᠬᠦ ᠬᠤᠷᠢᠭ᠎ᠠ ᠱᠤᠭᠤᠮ ᠢ ᠪᠠᠲᠤ ᠰᠠᠬᠢᠨ ᠬᠦᠭᠵᠢᠯᠳᠠ ᠶᠢᠨ ᠴᠢᠨᠠᠷ ᠴᠢᠨᠰᠠᠭ᠎ᠠ ᠪᠤᠯᠤᠨ ᠦᠷ᠎ᠠ ᠠᠰᠢᠬ ᠢ ᠦᠨᠡᠨᠬᠦ ᠳᠡᠭᠡᠭᠰᠢᠯᠡᠬᠦᠯᠵᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠳᠤᠴᠠ ᠶᠢ ᠲᠤᠬᠢᠷᠠᠭᠤᠯᠬᠤ᠂ ᠦᠬᠡᠷᠡᠴᠢᠯᠠᠯᠳᠠ ᠶᠢ ᠠᠬᠢᠭᠤᠯᠬᠤ ᠪᠠ ᠠᠷᠠᠳ ᠲᠤ ᠠᠰᠢᠬ ᠬᠦᠷᠳᠡᠬᠡᠬᠦ ᠲᠠᠯ᠎ᠠ ᠪᠠᠷ ᠲᠠᠰᠤᠷᠠᠯᠳᠠ ᠦᠬᠡᠢ ᠰᠢᠨ᠎ᠠ ᠦᠷ᠎ᠠ ᠪᠦᠳᠤᠮᠵᠢ ᠤᠯᠬᠤ ᠪᠠᠷ ᠴᠢᠷᠮᠠᠶᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠠᠮᠡᠴᠡᠵᠤ᠂ ᠵᠤᠷᠢᠬᠳᠠᠢ ᠪᠠᠷ ᠡᠬᠦᠷᠬᠡᠯᠡᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠠᠳ ᠢ ᠪᠠᠶᠠᠵᠢᠭᠤᠯᠵᠤ ᠬᠤᠳᠠ ᠪᠠᠨ ᠬᠦᠴᠦᠷᠬᠡᠭᠵᠢᠬᠦᠯᠬᠦ ᠶᠢ ᠬᠦᠴᠦᠯᠡᠨ ᠪᠡᠶᠡᠯᠡᠬᠦᠯᠬᠦ ᠭᠡᠷᠡᠭᠳᠠᠢ ᠬᠡᠪᠡ᠃      ᠵᠤᠦ ᠹᠧᠩ ᠪᠤᠷᠤᠳᠤᠬᠤᠢ ᠭᠤᠯᠢᠷ ᠤᠨ ᠬᠢᠵᠠᠭᠠᠷᠲᠤ ᠺᠤᠮᠫᠠᠨᠢ ᠳᠤ᠂ ᠯᠢ ᠵᠢᠢ ᠡᡁᠧᠩ ᠠᠵᠤ ᠠᠬᠤᠢᠢᠯᠠᠯ ᠤᠨ ᠤᠢᠢᠯᠡᠳᠪᠤᠷᠢᠯᠠᠯ ᠤᠨ ᠲᠠᠰᠤᠬ ᠢᠶᠠᠷ ᠲᠤᠭᠤᠷᠢᠨ ᠦᠵᠡᠵᠤ᠂ ᠴᠢᠯᠠᠭᠤᠨ ᠲᠡᠭᠡᠷᠮ᠎ᠠ ᠪᠠᠷ ᠭᠤᠯᠢᠷ ᠲᠡᠭᠡᠷᠮᠡᠳᠡᠬᠦ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠪᠤᠯᠤᠨ ᠤᠢᠢᠯᠡᠳᠬᠦᠨ ᠤ ᠦᠪᠡᠷᠮᠢᠴᠠ ᠴᠢᠨᠠᠷ ᠵᠡᠷᠬᠡ ᠶᠢ ᠤᠢᠢᠯᠠᠭᠠᠪᠠ᠃ ᠠᠵᠤ ᠠᠬᠤᠢᠢᠯᠠᠯ ᠨᠢ ᠲᠤᠬᠠᠢ ᠶᠢᠨ ᠭᠠᠵᠠᠷ ᠤᠨ ᠲᠠᠭᠠᠭᠤᠯᠤᠬᠴᠢ ᠠᠵᠤ ᠠᠬᠤᠢᠢᠯᠠᠯ ᠪᠠᠶᠢᠵᠤ᠂ ︽ᠺᠤᠮᠫᠠᠨᠢ + ᠰᠠᠭᠤᠷᠢᠨ + ᠲᠠᠷᠢᠶᠠᠯᠠᠬᠤ ᠡᠷᠤᠬᠡ︾᠎ ᠶᠢᠨ ᠠᠵᠤ ᠠᠬᠤᠢᠢᠯᠠᠯ ᠬᠢᠬᠡᠳ ᠲᠠᠷᠢᠶᠠᠯᠠᠬᠤ ᠡᠷᠦᠬᠡ ᠶᠢᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠨᠢᠬᠡᠨᠳᠡ ᠪᠤᠢ ᠪᠤᠯᠭᠠᠭᠰᠠᠨ ᠢ ᠮᠡᠳᠡᠬᠡᠳ ᠯᠢ ᠵᠢᠢ ᠡᡁᠧᠩ ᠵᠢᠭᠠᠵᠤ ᠭᠠᠷᠭᠠᠭᠰᠠᠨ ᠨᠢ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠶᠠᠨ ᠳᠤ ᠨᠢᠬᠡ ᠭᠠᠵᠠᠷ ᠤᠷᠤᠨ᠂ ᠨᠢᠬᠡ ᠴᠦᠬᠡᠨ ᠲᠤᠭᠠᠲᠤ ᠦᠨᠳᠤᠰᠤᠳᠠᠨ ᠢ ᠴᠤ ᠡᠩᠨᠡᠭᠡ ᠠᠴᠠ ᠪᠠᠨ ᠦᠯᠦ ᠬᠤᠴᠤᠷᠭᠠᠬᠤ ᠪᠤᠯ ᠨᠠᠮ ᠤᠨ ᠲᠦᠪ ᠬᠤᠷᠢᠶ᠎ᠠ ᠠᠴᠠ ᠪᠦᠬᠦ ᠤᠯᠤᠰ ᠤᠨ ᠠᠷᠠᠳ ᠲᠦᠮᠡᠨ ᠳᠤ ᠠᠮᠠᠯᠠᠬᠰᠠᠨ ᠲᠦᠪ ᠴᠢᠩᠭ᠎ᠠ ᠠᠮᠠᠯᠠᠯᠳᠠ ᠮᠦᠨ᠃ ᠡᠯ᠎ᠠ ᠱᠠᠲᠤ ᠡᠯ᠎ᠠ ᠭᠠᠵᠠᠷ ᠤᠨ ᠬᠢᠨ ᠡᠷᠬᠡᠪᠰᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠠᠷᠠᠳ ᠤᠨ ᠠᠮᠢᠳᠤᠷᠠᠯ ᠤᠨ ᠲᠡᠷᠢᠬᠦᠨ ᠴᠢᠬᠤᠯᠠ ᠢᠨᠵᠧᠨᠧᠷᠢᠩ ᠪᠤᠯᠭᠠᠨ ᠠᠳᠬᠤᠵᠤ᠂ ᠤᠨᠢᠨ ᠲᠡᠭᠡᠷ᠎ᠠ ᠨᠢ ᠶᠠᠳᠠᠭᠤ ᠶᠢ ᠲᠡᠳᠭᠦᠵᠤ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠦᠨᠳᠤᠰᠤᠨ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠬᠦᠮᠤᠨ ᠪᠤᠯᠤᠨ ᠭᠠᠵᠠᠷ ᠤᠷᠤᠨ ᠢ ᠦᠨᠳᠤᠰᠤᠯᠠᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ︽ᠲᠠᠪᠤᠨ ᠨᠢᠬᠡ ᠪᠦᠯᠦᠭ︾᠎ ᠤᠨ ᠠᠷᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠨᠢᠬᠡ ᠡᠷᠤᠬᠡ ᠨᠢᠬᠡ ᠬᠦᠮᠤᠨ ᠢ ᠴᠤ ᠭᠤᠭᠤᠵᠢᠭᠤᠯᠬᠤ ᠦᠬᠡᠢ ᠪᠠᠶᠢᠬᠤ ᠶᠢ ᠪᠠᠲᠤᠯᠠᠬᠤ ᠭᠡᠷᠡᠭᠳᠠᠢ ᠬᠡᠵᠠᠢ᠃      ᠪᠤᠷᠤᠲᠤᠬᠤᠢ ᠠᠷᠢᠬᠢᠨ ᠤ ᠦᠢᠯᠡᠰ ᠤᠨ ᠪᠦᠯᠦᠭᠯᠡᠯ ᠳᠤ᠂ ᠯᠢ ᠵᠢᠢ ᠾᠧᠩ ᠠᠵᠦ ᠠᠬᠤᠢᠢᠯᠠᠯ ᠤᠨ ᠦᠢᠯᠡᠳᠪᠤᠷᠢᠯᠡᠯ ᠤᠨ ᠴᠢᠳᠠᠪᠤᠷᠢ᠂ ᠮᠡᠷᠭᠡᠵᠢᠯ ᠤᠨ ᠲᠤᠯᠭᠠᠭᠤᠷᠢᠯᠠᠯ᠂ ᠦᠢᠯᠡᠳᠬᠦᠨ ᠤ ᠲᠦᠷᠦᠯ ᠵᠦᠢᠯ᠂ ᠦᠢᠯᠡᠳᠬᠦᠨ ᠤ ᠦᠷᠲᠡᠭ ᠵᠢᠴᠢ ᠠᠰᠢᠭ ᠭᠠᠶᠢᠯᠢ ᠪᠤᠯᠤᠨ ᠤᠯᠤᠭᠰᠠᠨ ᠢᠷᠠᠭᠤ ᠠᠯᠳᠠᠷ ᠵᠡᠷᠭᠡ ᠦᠢᠯᠡᠳᠪᠤᠷᠢᠯᠡᠯ ᠡᠵᠡᠩᠨᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠠᠲᠤᠨ ᠭᠤᠤᠯ ᠤᠨ ᠤᠰᠤᠨ ᠠᠰᠢᠬᠯᠠᠯᠲᠠ ᠶᠢᠨ ᠰᠤᠶᠤᠯ ᠤᠨ ᠮᠦᠽᠧᠢ ᠳᠤ᠂ ᠯᠢ ᠵᠢᠢ ᠾᠧᠩ ᠬᠠᠲᠤᠨ ᠭᠤᠤᠯ ᠤᠨ ᠰᠠᠪᠠ ᠭᠠᠵᠠᠷ ᠵᠢᠴᠢ ᠪᠤᠷᠤᠲᠤᠬᠤᠢ ᠶᠢᠨ ᠤᠰᠤᠯᠠᠯᠲᠠ ᠶᠢᠨ ᠤᠷᠤᠨ ᠤ ᠬᠡᠷᠡᠯ ᠰᠠᠴᠤᠷᠠᠩᠭᠤᠢ ᠤᠰᠤᠨ ᠠᠰᠢᠬᠯᠠᠯᠲᠠ ᠶᠢᠨ ᠰᠤᠶᠤᠯ ᠪᠤᠯᠤᠨ ᠦᠶ᠎ᠡ ᠤᠯᠠᠮᠵᠢᠯᠠᠭᠰᠠᠨ ᠤᠰᠤᠨ ᠠᠰᠢᠬᠯᠠᠯᠲᠠ ᠶᠢᠨ ᠦᠢᠯᠡᠰ ᠢ ᠨᠠᠷᠢᠨ ᠨᠢᠮᠪᠠᠢ ᠤᠢᠢᠯᠠᠭᠠᠭᠰᠠᠨ ᠪᠠᠶᠢᠨ᠎ᠠ᠃      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠢ ᠵᠢᠢ ᠾᠧᠩ ᠪᠠᠶᠠᠨᠨᠠᠭᠤᠷ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠲᠡᠷᠡ ᠴᠢᠬᠤᠯᠠᠴᠢᠯᠠᠭᠰᠠᠨ ᠨᠢ᠂ ᠪᠤᠬᠢᠷᠳᠤᠯ ᠦᠭᠡᠢ ᠬᠦᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠨ ᠲᠡᠷᠢᠭᠦᠨ ᠳᠤᠨᠢ ᠭᠠᠷᠬᠤ ᠪᠠᠷ ᠨᠢᠭᠡ ᠰᠡᠳᠭᠢᠯ ᠢᠶᠠᠷ ᠴᠢᠷᠮᠠᠶᠢᠨ ᠲᠡᠮᠡᠴᠡᠵᠦ᠂ ᠠᠵᠦ ᠠᠬᠤᠢ ᠶᠢᠨ ᠡᠷᠡᠬᠦᠯ ᠲᠤᠭᠲᠠᠭᠤᠨ ᠬᠦᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠠᠢ᠃ ᠪᠤᠬᠢᠷᠳᠤᠯ ᠦᠭᠡᠢ ᠲᠦᠷᠦᠯ ᠲᠡᠮᠳᠡᠭ ᠢ ᠡᠭᠦᠳᠴᠦ᠂ ᠪᠦᠬᠦ ᠤᠷᠤᠨ ᠤ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠬᠦᠯᠵᠤ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠤ ᠬᠤᠰᠢᠭᠤᠴᠢ ᠪᠠᠶᠢᠯᠳᠤᠭᠴᠢ ᠪᠤᠯᠵᠦ᠂ ᠲᠠᠷᠢᠶᠠᠯᠠᠩ ᠤᠨ ᠤᠰᠤᠨ ᠠᠰᠢᠬᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠢᠲᠡᠪᠬᠢᠲᠠᠢ ᠠᠬᠢᠭᠤᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢ ᠪᠤᠶᠢᠵᠢᠭᠤᠯᠤᠨ ᠲᠠᠭᠠᠭᠤᠯᠤᠭᠴᠢ ᠠᠵᠦ ᠠᠬᠤᠢᠢᠯᠠᠯ ᠬᠢᠬᠡᠳ ᠮᠠᠯᠵᠢᠬᠤ ᠲᠠᠷᠢᠶᠠᠯᠠᠬᠤ ᠡᠷᠦᠬᠡ ᠶᠢᠨ ᠠᠰᠢᠬ ᠲᠤᠰᠠ ᠶᠢᠨ ᠬᠤᠯᠪᠤᠭᠠᠨ ᠤ ᠲᠤᠭᠲᠠᠴᠠ ᠶᠢ ᠤᠯᠠᠮ ᠲᠡᠭᠦᠯᠳᠡᠷᠵᠢᠭᠦᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠪᠤᠯᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠲᠠ ᠶᠢ ᠴᠢᠷᠮᠠᠶᠢᠨ ᠠᠬᠢᠭᠤᠯᠬᠤ ᠬᠡᠷᠡᠭᠲᠠᠢ᠃ ᠤᠨᠴᠠᠯᠢᠬᠲᠦ ᠵᠠᠮ ᠢᠶᠠᠷ ᠵᠠᠮᠨᠠᠨ ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠲᠡ ᠶᠢ ᠠᠬᠢᠭᠤᠯᠵᠦ᠂ ᠠᠵᠦ ᠦᠢᠯᠡᠰ ᠤᠨ ᠪᠠᠶᠢᠷᠢᠰᠢᠯ ᠤᠨ ᠲᠤᠬᠢᠷᠠᠭᠤᠯᠤᠯᠲᠠ ᠶᠢ ᠲᠦᠷᠭᠡᠳᠭᠡᠨ ᠠᠵᠦ ᠦᠢᠯᠡᠰ ᠤᠨ ᠲᠦᠪᠯᠡᠷᠡᠬᠦ ᠬᠡᠮᠵᠢᠶ᠎ᠡ ᠪᠤᠯᠤᠨ ᠠᠵᠦ ᠠᠬᠤᠢᠢᠯᠠᠯ ᠤᠨ ᠦᠷᠢᠰᠦᠯᠳᠦᠬᠦ ᠴᠢᠳᠠᠪᠤᠷᠢ ᠶᠢ ᠲᠡᠭᠡᠭᠰᠢᠯᠡᠭᠦᠯᠵᠦ᠂ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠳᠡᠬᠦᠨ ᠢ ᠡᠳ᠋ᠰᠢᠭᠦᠯᠬᠦ ᠵᠡᠷᠭᠡ ᠠᠵᠦ ᠦᠢᠯᠡᠰ ᠢ ᠦᠭᠡᠷᠡᠴᠢᠯᠡᠨ ᠲᠡᠰ ᠳᠡᠪᠰᠢᠬᠦᠯᠵᠤ᠂ ᠨᠠᠷᠢᠯᠢᠭ ᠡᠳ᠋ᠰᠢᠬᠦᠯᠤᠯᠳᠠ ᠶᠢᠨ ᠦᠢᠯᠡᠰ ᠢ ᠢᠳᠡᠪᠬᠢᠳᠠᠢ ᠬᠦᠭᠵᠢᠬᠦᠯᠦᠨ ᠠᠵᠦ ᠠᠬᠤᠢᠢᠯᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠰᠢᠭᠯᠠᠬᠤ ᠲᠦᠪᠰᠢᠨ ᠢᠶᠠᠨ ᠲᠡᠭᠡᠭᠰᠢᠯᠡᠬᠦᠯᠬᠦ ᠶᠢ ᠨᠢ ᠲᠡᠮᠵᠢᠬᠦ ᠬᠡᠷᠡᠭᠲᠠᠢ ᠬᠡᠪᠡ᠃      ᠯᠢ ᠵᠢᠢ ᠾᠧᠩ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠤᠷᠴᠢᠨ ᠲᠤᠭᠤᠷᠢᠨ ᠪᠤᠯᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠨ᠂ ᠭᠠᠳᠠᠭᠠᠳᠦ ᠨᠡᠭᠡᠭᠡᠯᠲᠡ ᠶᠢ ᠦᠷᠭᠡᠳᠭᠡᠵᠦ᠂ ᠬᠦᠭᠵᠢᠯᠲᠡ ᠶᠢᠨ ᠵᠠᠭᠠᠮᠵᠢ ᠬᠦᠴᠦᠨ ᠪᠤᠯᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠠᠢ᠃ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠬᠤ ᠠᠵᠢᠯ ᠢ ᠨᠢᠭᠡᠳᠦᠯᠲᠠᠢ ᠲᠦᠯᠦᠪᠵᠢᠬᠦᠯᠦᠨ ᠰᠠᠶᠢᠲᠤᠷ ᠠᠳᠬᠤᠵᠦ᠂ ᠤᠳᠤᠬᠢᠴᠢᠯᠠᠭᠰᠠᠨ ᠪᠤᠰᠤᠭ᠎ᠠ ᠴᠤᠭᠴᠠᠲᠦ ᠵᠠᠮ ᠲᠡᠭᠡᠭᠡᠪᠤᠷᠢ ᠶᠢᠨ ᠰᠢᠰᠲ᠋ᠧᠮ ᠢ ᠴᠢᠷᠮᠠᠶᠢᠨ ᠪᠠᠶᠢᠭᠤᠯᠵᠦ᠂ ᠪᠤᠷᠤᠲᠤᠬᠤᠢ ᠶᠢᠨ ᠲᠠᠯ᠎ᠠ ᠭᠠᠵᠠᠷ ᠤᠨ ᠲᠠᠷᠢᠶᠠᠯᠠᠩ ᠤᠨ ᠤᠰᠤᠯᠠᠯᠲᠠ᠂ ᠤᠰᠤ ᠵᠠᠯᠠᠬᠤ ᠰᠢᠰᠲ᠋ᠧᠮ ᠤᠨ ᠦᠭᠡᠷᠡᠴᠢᠯᠡᠯᠲᠡ ᠪᠤᠯᠤᠨ ᠬᠠᠲᠤᠨ ᠭᠤᠤᠯ ᠤᠨ ᠬᠠᠰᠢᠯᠭ᠎ᠠ ᠲᠠᠯᠠᠩ ᠢ ᠦᠬᠡᠷᠡᠴᠢᠯᠡᠨ ᠲᠡᠰ ᠲᠡᠪᠰᠢᠭᠦᠯᠬᠦ ᠢᠨᠵᠧᠨᠧᠷᠢᠩ ᠢ ᠰᠠᠶᠢᠲᠤᠷ ᠬᠢᠵᠦ᠂ ᠴᠠᠬᠢᠯᠭᠠᠨ ᠤ ᠲᠦᠰᠢᠭ ᠲᠤᠯᠭᠠᠭᠤᠷᠢᠯᠠᠯ ᠢ ᠴᠢᠩᠭᠠᠳᠬᠠᠨ ᠦᠢᠯᠡᠳᠪᠤᠷᠢᠯᠡᠯ ᠤᠨ ᠦᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠠᠢ᠃ ᠭᠠᠭᠴᠠᠮᠤᠲᠦ ᠪᠤᠭᠤᠮᠲᠠ ᠶᠢᠨ ᠥᠪᠡᠷᠳᠡᠭᠡᠨ ᠵᠠᠰᠠᠬᠤ ᠤᠷᠤᠨ ᠤ ᠲᠡᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠡᠬᠢᠯᠡᠬᠦᠯᠵᠦ᠂ ᠳᠤᠮᠳᠠᠳᠦ ᠮᠤᠩᠭᠤᠯ ᠤᠨ ᠵᠠᠬ᠎ᠠ ᠲᠠᠯᠬᠡᠬᠦᠷ ᠤᠨ ᠠᠷᠠᠯᠵᠢᠶᠠᠨ ᠤ ᠲᠤᠭᠤᠷᠢᠭ᠂ ᠠᠵᠦ ᠠᠬᠤᠢ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠤᠷᠤᠨ ᠪᠦᠰᠡ ᠶᠢᠨ ᠬᠠᠮᠵᠢᠯᠴᠠᠭ᠎ᠠ ᠶᠢ ᠠᠬᠢᠭᠤᠯᠤᠨ ᠬᠦᠬᠡᠬᠤᠲᠠ ᠪᠤᠭᠤᠲᠦ ᠢᠷᠭᠠᠢ ᠲᠠᠮᠡᠬᠡᠳᠤ ᠶᠢᠨ ᠠᠵᠦ ᠠᠬᠤᠢ ᠶᠢᠨ ᠲᠤᠭᠤᠷᠢᠭ ᠲᠤ ᠭᠦᠨᠵᠡᠭᠡᠢ ᠠᠭᠤᠰᠤᠯᠴᠠᠨ ᠤᠷᠤᠵᠦ᠂ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠤᠨ ᠭᠤᠷᠪᠠᠯᠵᠢᠨ ᠬᠤᠶᠢᠭ ᠵᠡᠷᠭᠡ ᠭᠠᠵᠠᠷ ᠤᠷᠤᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠦ᠂ ᠤᠯᠠᠨ ᠤᠯᠤᠰ ᠤᠨ ᠤᠷᠤᠨ ᠪᠦᠰᠡ ᠶᠢᠨ ᠬᠠᠮᠲᠤᠷᠠᠯᠴᠠᠭ᠎ᠠ ᠳᠤ ᠢᠲᠡᠪᠬᠢᠲᠠᠢ ᠤᠷᠤᠯᠴᠠᠬᠤ ᠬᠡᠷᠡᠭᠲᠠᠢ ᠬᠡᠵᠠᠢ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠪᠠᠷᠢᠮᠲᠠᠯᠠᠨ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ ᠪᠤᠯᠤᠨ ᠵᠢᠷᠭᠠᠯᠲᠦ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠦᠮᠦᠵᠢᠯ᠂ ᠡᠮ ᠡᠮᠨᠡᠯᠭᠡ᠂ ᠰᠤᠶᠤᠯ᠂ ᠪᠡᠶ᠎ᠠ ᠶᠢᠨ ᠲᠠᠮᠢᠷ ᠵᠡᠷᠭᠡ ᠡᠯ᠎ᠠ ᠵᠦᠢᠯ ᠤᠨ ᠨᠡᠶᠢᠭᠡᠮ ᠤᠨ ᠠᠵᠢᠯ ᠦᠢᠯᠡᠰ ᠤᠨ ᠬᠦᠭᠵᠢᠯᠲᠠ ᠶᠢ ᠲᠦᠷᠭᠡᠳᠭᠡᠵᠤ᠂ ᠬᠤᠲᠠ ᠬᠦᠳᠡᠭᠡ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠯᠡᠭᠡ ᠶᠢ ᠳᠡᠭᠡᠭᠰᠢᠯᠡᠭᠦᠯᠬᠦ᠂ ᠦᠢᠯᠡᠰ ᠪᠤᠰᠬᠠᠬᠤ ᠪᠠᠷ ᠠᠵᠢᠯ ᠤᠯᠭᠤᠯᠲᠠ ᠶᠢ ᠠᠬᠢᠭᠤᠯᠬᠤ ᠪᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠪᠠᠷᠢᠮᠲᠠᠯᠠᠨ ᠨᠡᠶᠢᠭᠡᠮ ᠤᠨ ᠲᠤᠭᠳᠠᠭᠤᠨ ᠢ ᠦᠨᠡᠨᠬᠦ ᠬᠠᠮᠠᠭᠠᠯᠠᠵᠤ᠂ ᠡᠬᠡ ᠤᠯᠤᠰ ᠤᠨ ᠤᠮᠠᠷᠠᠲᠦ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠤᠯᠭᠠᠵᠤ᠂ ᠶᠡᠷᠤᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠨᠦᠬᠦᠳ ᠤᠨ ᠠᠷᠠᠳ ᠲᠦᠮᠡᠨ ᠳᠤ ᠲᠠᠯᠪᠢᠭᠰᠠᠨ ︽ᠬᠠᠷᠢᠯᠴᠠᠨ ᠬᠠᠪᠰᠤᠷᠤᠯᠴᠠᠵᠤ ᠰᠠᠬᠢᠨ ᠪᠠᠷᠠᠯᠠᠶ᠎ᠠ︾ ᠭᠡᠬᠦ ᠨᠠᠨᠳᠢᠨ ᠬᠦᠰᠡᠯ ᠢ ᠪᠤᠳᠠᠳᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠵᠤ᠂ ᠠᠶᠤᠯ ᠦᠭᠡᠢ ᠦᠢᠯᠡᠳᠪᠦᠷᠢᠯᠡᠯ᠂ ᠢᠳᠡᠭᠡᠨ ᠤ ᠵᠦᠢᠯᠡᠰ ᠤᠨ ᠠᠮᠤᠷ ᠲᠦᠪᠰᠢᠨ᠂ ᠵᠠᠮ ᠬᠠᠷᠢᠯᠴᠠᠭ᠎ᠠ ᠶᠢᠨ ᠠᠮᠤᠷ ᠲᠦᠪᠰᠢᠨ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠤ᠂ ᠰᠢᠨ᠎ᠠ ᠪᠠᠶᠢᠳᠠᠯ ᠳᠤᠤᠷᠠᠬᠢ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ᠂ ᠤᠯᠠᠨ ᠲᠦᠮᠡᠨ ᠤ ᠠᠰᠢᠭ ᠲᠤᠰᠠ ᠲᠠᠢ ᠬᠤᠯᠪᠤᠭᠳᠠᠬᠤ ᠪᠤᠳᠠᠳᠠᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠤ᠂ ᠬᠠᠤᠯᠢᠵᠢᠯ ᠤᠨ ᠦᠪᠦᠷ ᠮᠤᠩᠭᠤᠯ᠂ ᠠᠮᠤᠷ ᠲᠤᠭᠳᠠᠭᠤᠨ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠤᠰᠤᠭ᠎ᠠ ᠴᠤᠭᠴᠠᠲᠦ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠵᠤ ᠰᠡᠷᠭᠡᠶᠢᠯᠡᠨ ᠬᠢᠵᠠᠭᠠᠷᠯᠠᠬᠤ   ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠠᠵᠤ ᠠᠬᠤᠢ ᠨᠡᠶᠢᠭᠡᠮ ᠤᠨ ᠬᠦᠭᠵᠢᠯᠲᠠ ᠳᠤ ᠡᠷᠡᠰ ᠬᠠᠳᠠᠭᠤ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠭᠡᠨ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠰᠠᠶᠢᠲᠤᠷ ᠠᠳᠬᠤᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠲᠦ ᠶᠢ ᠴᠢᠩᠭᠠᠳᠬᠠᠨ ᠬᠦᠮᠦᠨ ᠬᠡᠷᠡᠭᠯᠡᠬᠦ ᠵᠦᠪ ᠤᠨᠤᠪᠴᠢᠳᠠᠢ ᠤᠳᠤᠷᠢᠳᠤᠮᠵᠢ ᠶᠢ ᠪᠠᠷᠢᠮᠲᠠᠯᠠᠵᠤ᠂ ᠨᠠᠮ ᠪᠤᠯᠤᠨ ᠠᠷᠠᠳ ᠲᠦᠮᠡᠨ ᠤ ᠬᠡᠷᠡᠭᠰᠡᠬᠦ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠲᠠᠢ ᠰᠠᠶᠢᠨ ᠺᠠᠳ᠋ᠷ ᠢ ᠬᠦᠮᠦᠵᠢᠬᠦᠯᠵᠤ ᠰᠤᠩᠭᠤᠨ ᠲᠡᠪᠰᠢᠬᠦᠯᠬᠦ ᠬᠡᠷᠡᠭᠲᠡᠢ᠃ ᠰᠠᠬᠢᠯᠭ᠎ᠠ ᠪᠠᠲᠦ ᠶᠢ ᠬᠦᠨᠳᠦ ᠨᠤᠴᠢᠲᠠᠢ ᠵᠦᠷᠢᠴᠡᠭᠰᠡᠨ ᠬᠡᠷᠡᠭ ᠤᠨ ᠬᠠᠷᠠᠰᠠᠯᠲᠦ ᠰᠤᠷᠭᠠᠮᠵᠢ ᠶᠢ ᠠᠪᠴᠦ᠂ ᠨᠢᠭᠡ ᠲᠠᠯ᠎ᠠ ᠪᠠᠷ ᠠᠵᠤ ᠠᠬᠤᠢ ᠨᠡᠶᠢᠭᠡᠮ ᠤᠨ ᠬᠦᠭᠵᠢᠯᠲᠠ ᠶᠢ ᠠᠳᠬᠤᠨ ᠨᠦᠭᠦᠭᠡ ᠲᠠᠯ᠎ᠠ ᠪᠠᠷ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠳᠬᠤᠵᠤ᠂ ᠺᠠᠳ᠋ᠷ ᠲᠦᠪ ᠰᠢᠳᠤᠷᠭᠤ᠂ ᠵᠠᠰᠠᠭ ᠤᠨ ᠤᠷᠳᠤᠨ ᠠᠷᠢᠭᠤᠨ ᠴᠢᠭᠡᠴᠢ᠂ ᠤᠯᠤᠰ ᠲᠦᠷᠦ ᠠᠷᠢᠭᠤᠨ ᠲᠤᠩᠭᠠᠯᠠᠭ ᠪᠠᠶᠢᠬᠤ ᠶᠢ ᠪᠡᠶᠡᠯᠡᠭᠦᠯᠬᠦ ᠬᠡᠷᠡᠭᠲᠡᠢ ᠬᠡᠪᠡ᠃      ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠯᠢᠦ ᠰᠢᠨ ᠯᠧ᠂ ᠸᠠᠩ ᠬᠤᠸᠠᠨ ᠴᠧᠩ ᠪᠠᠷ᠎ᠠ ᠪᠤᠯᠵᠤ ᠪᠠᠶᠢᠴᠠᠭᠠᠨ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号