| | 10 ᠳ᠋ᠤᠭᠠᠷ ᠰᠠᠷ᠎ᠠ ᠶᠢᠨ 7 ᠤ ᠡᠳᠦᠷ ᠤᠨ 6 ᠴᠠᠭ 36 ᠮᠢᠨᠦ᠋ᠲ ᠳᠤ᠂ ᠳᠤᠮᠳᠠᠳᠤ ᠤᠯᠤᠰ ᠤᠨ ᠲᠡᠮᠦᠷ | ᠵᠠᠮ ᠤᠨ ᠠᠷᠪᠠᠨ ᠳᠥᠷᠪᠡᠳᠦᠭᠡᠷ ᠲᠣᠪᠴᠢᠶᠠᠨ ᠤ ᠪᠦᠯᠦᠭᠯᠡᠯ ᠤᠨ ᠳᠠᠭᠠᠭᠠᠴᠢᠯᠠᠨ ᠪᠠᠶᠢᠭᠤᠯᠬᠤ ᠲᠦᠩᠯᠢᠶᠣᠤ ᠠᠴᠠ | ᠰᠢᠨ ᠮᠢᠨ ᠤ ᠬᠤᠶᠢᠲᠤ ᠦᠷᠲᠡᠭᠡ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠬᠢᠵᠠᠭᠠᠷᠯᠠᠬᠤ ᠴᠢᠨᠠᠷᠲᠠᠶ | ᠢᠨᠵᠧᠨᠧᠷᠢᠩ — — 304 ᠤᠯᠤᠰ ᠤᠨ ᠵᠠᠮ ᠢ ᠰᠤᠨᠳᠠᠯᠠᠭᠰᠠᠨ ᠪᠠ ᠳ᠋ᠠ ᠵᠧᠩ ᠲᠡᠮᠦᠷ ᠵᠠᠮ ᠤᠨ ᠤᠨᠴᠠ | ᠲᠤᠮᠤ ᠬᠥᠭᠦᠷᠭᠡ ᠶᠢᠨ ᠡᠷᠭᠢᠯᠲᠡ ᠨᠢᠷᠤᠭᠤ ᠶᠢᠨ 89 ᠨᠤᠮᠧᠷᠲᠤ ᠭᠤᠣᠯ ᠲᠤᠯᠭᠠᠭᠤᠷᠢ ᠶᠢᠨ 0 ᠨᠣᠮᠧᠷᠲᠤ ᠬᠡᠰᠡᠭ ᠨᠢ | ᠡᠬᠢᠯᠡᠨ ᠪᠧᠲ᠋ᠤᠨ ᠴᠢᠳᠬᠤᠨ ᠴᠤᠭᠴᠠᠯᠠᠪᠠ᠃ ᠡᠨᠡ ᠪᠣᠯ ᠲᠦᠩᠯᠢᠶᠣᠤ ᠠᠴᠠ ᠰᠢᠨ ᠮᠢᠨ ᠬᠤᠶᠢᠲᠤ ᠦᠷᠲᠡᠭᠡ ᠬᠦᠷᠬᠦ | ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠪᠦᠬᠦ ᠱᠤᠭᠤᠮ ᠢᠶᠠᠷ ᠴᠢᠳᠬᠤᠨ ᠴᠤᠭᠴᠠᠯᠠᠭᠰᠠᠨ ᠠᠩᠬᠠᠳᠠᠭᠴᠢ 0 | ᠨᠣᠮᠧᠷᠲᠤ ᠬᠡᠰᠡᠭ ᠪᠤᠯᠤᠨ᠎ᠠ᠂ ᠡᠨᠡ ᠨᠢ ᠲᠤᠰ ᠬᠦᠭᠦᠷᠭᠡ ᠶᠢᠨ ᠡᠷᠬᠢᠯᠲᠡ ᠨᠢᠷᠤᠭᠤ ᠬᠦᠭᠦᠷᠭᠡ ᠶᠢᠨ ᠳᠡᠭᠡᠳᠦ | ᠬᠡᠰᠡᠭ ᠤᠨ ᠪᠠᠷᠢᠯᠭ᠎ᠠ ᠶᠢᠨ ᠵᠠᠩᠭᠢᠯᠠᠭ᠎ᠠ ᠶᠢᠨ ᠭᠤᠭᠴᠤᠭ᠎ᠠ ᠳᠤ ᠤᠷᠤᠵᠤ᠂ ᠥᠪᠥᠷ ᠮᠣᠩᠭᠤᠯ ᠤᠨ ᠵᠡᠭᠦᠨ ᠬᠡᠰᠡᠭ ᠤᠨ | ᠠᠩᠬᠠᠳᠠᠭᠴᠢ ᠲᠦᠷᠭᠡᠨ ᠬᠤᠷᠳᠤᠴᠠᠲᠤ ᠲᠡᠮᠦᠷ ᠵᠠᠮ ᠪᠦᠬᠦ ᠱᠤᠭᠤᠮ ᠢᠶᠠᠷ ᠢᠶᠠᠨ ᠳᠡᠭᠡᠳᠦ ᠬᠡᠰᠡᠭ ᠤᠨ ᠪᠦᠲᠦᠴᠡ ᠶᠢᠨ | ᠪᠠᠷᠢᠯᠭ᠎ᠠ ᠶᠢ ᠡᠬᠢᠯᠡᠭᠦᠯᠦᠭᠰᠡᠨ ᠰᠢᠨ᠎ᠡ ᠪᠠᠶᠢᠳᠠᠯ ᠢ ᠬᠠᠷᠠᠭᠤᠯᠤᠭᠰᠠᠨ ᠪᠠᠶᠢᠨ᠎ᠠ᠃ | 304 ᠤᠯᠤᠰ ᠤᠨ ᠵᠠᠮ ᠢ ᠰᠤᠨᠳᠠᠯᠠᠭᠰᠠᠨ ᠪᠠ ᠳ᠋ᠠ ᠵᠧᠩ ᠲᠡᠮᠦᠷ ᠵᠠᠮ ᠤᠨ ᠣᠨᠴᠠ ᠶᠡᠭᠡ ᠬᠥᠭᠦᠷᠭᠡ ᠶᠢᠨ | ᠡᠷᠭᠢᠯᠲᠡ ᠨᠢᠷᠤᠭᠤ ᠨᠢ ᠲᠦᠩᠯᠢᠶᠣᠤ ᠠᠴᠠ ᠰᠢᠨ ᠮᠢᠨ ᠬᠤᠶᠢᠲᠤ ᠦᠷᠲᠡᠭᠡ ᠬᠦᠷᠬᠦ ᠠᠶᠠᠨᠴᠢᠳ ᠤᠨ ᠲᠡᠭᠡᠭᠡᠪᠦᠷᠢ ᠶᠢᠨ | ᠲᠤᠰᠬᠠᠶ ᠪᠦᠬᠦ ᠱᠤᠭᠤᠮ ᠤᠨ ᠪᠣᠭᠤᠮᠢ ᠪᠠᠷᠢᠯᠭ᠎ᠠ ᠮᠦᠨ᠂ ᠪᠦᠬᠦ ᠱᠤᠭᠤᠮ ᠤᠨ ᠬᠢᠵᠠᠭᠠᠷᠯᠠᠬᠤ ᠴᠢᠨᠠᠷᠲᠠᠶ | ᠪᠠᠷᠢᠯᠭ᠎ᠠ ᠶᠢᠨ ᠨᠢᠭᠡ ᠨᠢ ᠪᠣᠯᠤᠨ᠎ᠠ᠃ ᠲᠦᠩᠯᠢᠶᠣᠤ ᠠᠴᠠ ᠰᠢᠨ ᠮᠢᠨ ᠬᠤᠶᠢᠲᠤ ᠦᠷᠲᠡᠭᠡ ᠬᠦᠷᠬᠦ ᠠᠶᠠᠨᠴᠢᠳ ᠤᠨ | ᠲᠡᠭᠡᠭᠡᠪᠦᠷᠢ ᠶᠢᠨ ᠲᠤᠰᠬᠠᠶ ᠪᠦᠬᠦ ᠱᠤᠭᠤᠮ ᠤᠨ ᠴᠢᠳᠬᠤᠮᠠᠯ ᠨᠢᠷᠤᠭᠤ ᠶᠢᠨ ᠠᠩᠬᠠᠳᠠᠭᠴᠢ ᠢᠨᠵᠧᠨᠧᠷᠢᠩ | ᠪᠣᠯᠤᠭᠰᠠᠨ ᠤ ᠬᠤᠪᠢ ᠳᠤ᠂ ᠠᠩᠬᠠᠳᠠᠭᠴᠢ 0 ᠨᠣᠮᠧᠷᠲᠤ ᠬᠡᠰᠡᠭ ᠤᠨ ᠪᠧᠲ᠋ᠤᠨ ᠢ ᠤᠷᠤᠭᠰᠢᠲᠠᠶ ᠴᠢᠳᠬᠤᠨ | ᠴᠤᠭᠴᠠᠯᠠᠭᠰᠠᠨ ᠨᠢ ᠲᠠᠷᠠᠭᠠᠴᠢ ᠶᠢᠨ ᠠᠯᠬᠤᠮ ᠤᠨ ᠪᠠᠷᠢᠯᠭ᠎ᠠ ᠳᠤ ᠪᠠᠲᠤ ᠪᠠᠬᠢ ᠰᠠᠭᠤᠷᠢ ᠶᠢ ᠲᠠᠯᠪᠢᠨ ᠦᠭᠭᠦᠭᠰᠡᠨ ᠤ | ᠬᠠᠮᠲᠤ ᠦᠷᠬᠦᠯᠵᠢᠯᠡᠭᠰᠡᠨ ᠨᠢᠷᠤᠭᠤ ᠶᠢᠨ ᠪᠤᠰᠤᠳ ᠬᠡᠰᠡᠭ ᠢ ᠴᠢᠳᠬᠤᠨ ᠴᠣᠭᠴᠠᠯᠠᠬᠤ ᠳᠤ ᠲᠤᠭ᠎ᠠ ᠪᠠᠷᠢᠮᠲᠠ ᠶᠢᠨ | ᠵᠢᠯᠤᠭᠤᠳᠤᠯᠭ᠎ᠠ ᠪᠣᠯᠤᠨ ᠮᠡᠷᠭᠡᠵᠢᠯ ᠤᠨ ᠬᠦᠴᠦᠲᠡᠶ ᠲᠦᠰᠢᠭ ᠲᠤᠯᠭᠠᠭᠤᠷᠢ ᠤᠯᠭᠤᠭᠰᠠᠨ ᠪᠠᠶᠢᠨ᠎ᠠ᠃ |