| | ᠦᠪᠦᠷ ᠮᠣᠩᠭᠤᠯ ᠱᠠᠨ ᠰᠢ ᠾᠧᠪᠸᠢ ︵ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ︶ ᠶᠢᠨ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ | ᠦᠵᠡᠭᠦᠯᠦᠯᠭᠡ ᠤᠯᠠᠭᠠᠨᠴᠠᠪ ᠬᠤᠲᠠ ᠶᠢᠨ ᠮᠦᠽᠧᠶ ᠳᠤ ᠡᠬᠢᠯᠡᠪᠡ᠂ ᠦᠵᠡᠭᠦᠯᠦᠯᠭᠡ ᠶᠢᠨ ᠠᠵᠢᠯᠯᠠᠭ᠎ᠠ 9 ᠡᠳᠦᠷ | ᠦᠷᠭᠦᠯᠵᠢᠯᠡᠵᠦ᠂ ᠰᠣᠨᠢᠷᠬᠠᠭᠴᠢᠳ ᠮᠠᠰᠢ ᠤᠯᠠᠨ ᠪᠠᠶᠢᠯ᠎ᠠ᠃ ᠲᠤᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ | ᠭᠡᠷᠡᠯ ᠵᠢᠷᠤᠭ ᠤᠨ ᠦᠵᠡᠭᠦᠯᠦᠯᠭᠡ ᠨᠢ ᠤᠷᠢᠳ ᠬᠤᠵᠢᠳ ᠭᠤᠷᠪᠠᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠰᠤᠷᠤᠭᠴᠢᠳ ᠤᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠵᠡᠷᠭᠡ ᠭᠤᠷᠪᠠᠨ ᠶᠡᠭᠡ ᠲᠥᠷᠥᠯ | ᠵᠢᠷᠭᠤᠭᠠᠨ ᠰᠢᠷᠢᠰ ᠤᠨ 360 ᠪᠦᠲᠦᠭᠡᠯ ᠢ ᠰᠢᠯᠢᠨ ᠰᠣᠩᠭᠤᠵᠤ ᠡᠯᠰᠡᠪᠡ᠃ ᠡᠳᠡᠭᠡᠷ ᠤᠷᠠᠨ ᠪᠦᠲᠦᠭᠡᠯ ᠨᠢ ᠠᠳᠠᠯᠢ | ᠪᠤᠰᠤ ᠶᠢᠨ ᠬᠡᠪ ᠨᠠᠮᠪᠠ᠂ ᠠᠳᠠᠯᠢ ᠪᠤᠰᠤ ᠬᠠᠷᠠᠭᠠᠰᠤ ᠪᠣᠯᠤᠨ ᠠᠳᠠᠯᠢ ᠪᠤᠰᠤ ᠭᠠᠵᠠᠷ ᠣᠷᠣᠨ ᠤ ᠰᠣᠶᠣᠯ ᠤᠨ | ᠲᠠᠯ᠎ᠠ ᠠᠴᠠ ᠭᠤᠷᠪᠠᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠰᠤᠷᠭᠠᠨ ᠬᠥᠮᠦᠵᠢᠯ ᠪᠠ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠯᠭᠡᠨ | ᠦᠵᠡᠭᠦᠯᠪᠡ᠃ ᠭᠤᠷᠪᠠ ᠭᠠᠵᠠᠷ ᠤᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠲᠤᠰᠬᠠᠶ | ᠮᠡᠷᠭᠡᠵᠢᠯᠲᠡᠨ ᠤ ᠨᠠᠷᠢᠨ ᠬᠢᠨᠠᠮᠠᠭᠠᠶ ᠰᠢᠯᠭᠠᠨ ᠰᠣᠩᠭᠤᠬᠤ ᠪᠠᠷ ᠳᠠᠮᠵᠢᠨ᠂ 189 ᠤᠷᠠᠨ ᠪᠦᠲᠦᠭᠡᠯ ᠨᠢ ᠨᠢᠭᠡ᠂ | ᠬᠤᠶᠠᠷ᠂ ᠭᠤᠷᠪᠠᠳᠤᠭᠠᠷ ᠳᠡᠰ ᠤᠨ ᠱᠠᠩᠨᠠᠯ ᠬᠦᠷᠲᠡᠭᠰᠡᠨ ᠪᠠᠶᠢᠨ᠎ᠠ᠃ ᠳᠠᠭᠠᠭᠠᠴᠢᠯᠠᠨ ᠡᠷᠬᠢᠯᠡᠭᠰᠡᠨ ᠨᠢᠭᠡᠴᠡ ᠶᠢᠨ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠲᠤᠰ ᠤᠳᠠᠭ᠎ᠠ ᠶᠢᠨ ᠤᠷᠠᠨ ᠪᠢᠴᠢᠯᠭᠡ ᠤᠷᠠᠨ ᠵᠢᠷᠤᠭ ᠭᠡᠷᠡᠯ | ᠵᠢᠷᠤᠭ ᠤᠨ ᠦᠵᠡᠭᠦᠯᠦᠯᠭᠡ ᠨᠢ ᠤᠯᠠᠭᠠᠨᠴᠠᠪ ᠬᠤᠳᠠ ᠳᠤ 10 ᠡᠳᠦᠷ ᠦᠵᠡᠭᠦᠯᠦᠭᠰᠡᠨ ᠤ ᠲᠠᠷᠠᠭ᠎ᠠ᠂ ᠪᠠᠰᠠ | ᠴᠢᠭᠤᠯᠤᠯᠳᠤ ᠬᠠᠭᠠᠯᠭ᠎ᠠ ᠪᠣᠯᠤᠨ ᠳ᠋ᠠᠲ᠋ᠦ᠋ᠩ ᠲᠤ ᠬᠦᠷᠴᠦ ᠲᠤᠰ ᠲᠤᠰ 10 ᠡᠳᠦᠷ ᠤᠨ ᠲᠣᠭᠤᠷᠢᠨ ᠦᠵᠡᠭᠦᠯᠦᠯᠭᠡ | ᠬᠢᠨ᠎ᠡ᠃ ᠡᠭᠦᠨ ᠤ ᠬᠠᠮᠲᠤ᠂ ᠭᠤᠷᠪᠠᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠪᠠᠰᠠ | 2017 ᠣᠨ ᠤ ᠦᠪᠦᠷ ᠮᠣᠩᠭᠤᠯ ᠱᠠᠨ ᠰᠢ ᠾᠧᠪᠸᠢ ︵ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ︶ | ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠷᠠᠨ ᠪᠢᠴᠢᠯᠭᠡ ᠤᠷᠠᠨ ᠵᠢᠷᠤᠭ ᠤᠨ | ᠦᠵᠡᠭᠦᠯᠦᠯᠭᠡ ᠶᠢ ᠴᠢᠭᠤᠯᠤᠯᠲᠤ ᠬᠠᠭᠠᠯᠭ᠎ᠠ ᠳᠤ ᠡᠷᠬᠢᠯᠡᠬᠦ ᠪᠠᠷ ᠪᠣᠯᠪᠠ ᠭᠡᠵᠡᠢ᠃ | ᠳᠤᠮᠳᠠᠳᠤ ᠤᠯᠤᠰ ᠤᠨ ᠤᠷᠠᠨ ᠵᠢᠷᠤᠭ ᠤᠷᠠᠨ ᠪᠢᠴᠢᠯᠭᠡ ᠶᠢᠨ ᠤᠷᠠᠯᠢᠭ ᠥᠨᠢ ᠤᠳᠠᠭᠠᠨ ᠲᠡᠥᠬᠡᠨ | ᠤᠯᠠᠮᠵᠢᠯᠠᠯ ᠲᠠᠢ ᠶᠤᠮ᠃ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠨᠢ ᠰᠠᠨᠠᠭ᠎ᠠ ᠰᠡᠳᠭᠢᠯ ᠢ ᠰᠡᠷᠭᠦᠭᠡᠨ᠂ | ᠬᠥᠮᠦᠰ ᠢ ᠡᠷᠡᠯᠬᠡᠭᠯᠡᠨ ᠤᠷᠤᠭᠰᠢᠯᠠᠭᠤᠯᠵᠤ᠂ ᠨᠡᠶᠢᠭᠡᠮ ᠤᠨ ᠬᠡᠪ ᠰᠤᠷᠲᠠᠯ ᠢ ᠴᠡᠪᠡᠷᠰᠢᠭᠦᠯᠦᠨ᠂ ᠬᠦᠮᠦᠰ ᠤᠨ ᠬᠡᠪ | ᠴᠢᠨᠠᠷ ᠢ ᠳᠡᠭᠡᠭᠰᠢᠯᠡᠭᠦᠯᠬᠦ ᠳᠤ ᠡᠴᠡᠨ᠎ᠡ ᠳᠠᠯᠳᠠ ᠨᠦᠯᠦᠭᠡ ᠪᠣᠯᠣᠨ ᠦᠢᠯᠡᠳᠦᠯ ᠲᠠᠢ ᠶᠤᠮ᠃ ᠤᠯᠠᠭᠠᠨᠴᠠᠪ᠂ ᠳ᠋ᠠᠲ᠋ᠦ᠋ᠩ | ᠂ ᠴᠢᠭᠤᠯᠤᠯᠲᠤ ᠬᠠᠭᠠᠯᠭ᠎ᠠ ᠶᠢᠨ ᠭᠠᠵᠠᠷ ᠨᠤᠲᠤᠭ ᠨᠢ ᠬᠥᠷᠰᠢᠯᠡᠨ᠂ ᠵᠠᠩ ᠦᠢᠯᠡ ᠨᠢ ᠣᠶᠢᠷᠠᠯᠴᠠᠭ᠎ᠠ᠂ ᠰᠣᠶᠣᠯ | ᠪᠣᠯᠪᠠᠰᠤᠷᠠᠯ ᠨᠢ ᠬᠠᠷᠢᠯᠴᠠᠨ ᠨᠡᠪᠲᠡᠷᠡᠯᠴᠡᠵᠦ ᠪᠠᠶᠢᠳᠠᠭ᠃ ᠤᠢᠢᠷ᠎ᠠ ᠶᠢᠨ ᠵᠢᠯ ᠤᠳ ᠲᠤ᠂ ᠦᠪᠦᠷ ᠮᠣᠩᠭᠤᠯ ᠱᠠᠨ ᠰᠢ | ᠾᠧᠪᠸᠢ ︵ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ︶ ᠶᠢᠨ ᠤᠷᠲᠤ ᠴᠠᠭᠠᠨ ᠬᠡᠷᠡᠮ ᠤᠨ ᠠᠯᠲᠠᠨ | ᠭᠤᠷᠪᠠᠯᠵᠢᠨ ᠬᠤᠶᠢᠭ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ | ᠲᠠᠰᠤᠷᠠᠯᠲᠠ ᠦᠭᠡᠢ ᠲᠦᠯᠬᠢᠨ ᠠᠬᠢᠬᠤ ᠶᠢ ᠳᠠᠭᠠᠯᠳᠤᠨ᠂ ᠭᠤᠷᠪᠠᠨ ᠭᠠᠵᠠᠷ ᠤᠨ ᠡᠯ᠎ᠡ ᠲᠥᠷᠥᠯ ᠤᠨ ᠰᠣᠯᠢᠯᠴᠠᠭ᠎ᠠ᠂ | ᠦᠢᠯᠡᠳᠦᠯᠴᠡᠭᠡ᠂ ᠬᠠᠮᠲᠤᠷᠠᠯᠴᠠᠭ᠎ᠠ ᠨᠢ ᠶᠠᠭ ᠥᠷᠨᠢᠨ ᠬᠥᠭᠵᠢᠵᠦ ᠪᠠᠶᠢᠨ᠎ᠠ᠃ ᠲᠤᠰ ᠤᠳᠠᠭ᠎ᠠ ᠶᠢᠨ ᠤᠷᠠᠨ ᠪᠢᠴᠢᠯᠭᠡ | ᠤᠷᠠᠨ ᠵᠢᠷᠤᠭ ᠭᠡᠷᠡᠯ ᠵᠢᠷᠤᠭ ᠤᠨ ᠦᠵᠡᠭᠦᠯᠦᠯᠭᠡ ᠨᠢ ᠭᠤᠷᠪᠠᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ | ᠬᠡᠪ ᠴᠢᠨᠠᠷ ᠤᠨ ᠬᠥᠮᠦᠵᠢᠯ ᠪᠠ ᠰᠤᠷᠭᠠᠭᠤᠯᠢ ᠶᠢᠨ ᠬᠦᠷᠢᠶᠡᠨ ᠤ ᠪᠦᠳᠦᠭᠡᠨ ᠪᠠᠶᠢᠭᠤᠯᠤᠯᠲᠠ ᠶᠢᠨ ᠨᠢᠭᠡᠨ ᠦᠪᠡᠳᠡᠭᠰᠢ | ᠶᠡᠭᠡ ᠶᠠᠪᠤᠳᠠᠯ ᠪᠣᠯᠣᠨ᠎ᠠ᠂ ᠮᠦᠨᠴᠦ ᠦᠪᠦᠷ ᠮᠣᠩᠭᠤᠯ ᠱᠠᠨ ᠰᠢ ᠾᠧᠪᠸᠢ ︵ᠤᠯᠠᠭᠠᠨᠴᠠᠪ᠂ ᠳ᠋ᠠᠲ᠋ᠦ᠋ᠩ᠂ | ᠴᠢᠭᠤᠯᠤᠯᠲᠤ ᠬᠠᠭᠠᠯᠭ᠎ᠠ︶ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ | ᠤᠷᠤᠨ ᠤ ᠰᠤᠷᠭᠠᠨ ᠬᠥᠮᠦᠵᠢᠯ ᠤᠨ ᠠᠵᠢᠯ ᠤᠨ ᠬᠠᠮᠲᠤᠷᠠᠯᠴᠠᠭᠠᠨ ᠤ ᠪᠠᠰᠠ ᠨᠢᠭᠡᠨ ᠡᠯᠪᠡᠭ ᠳᠡᠯᠪᠡᠭ ᠦᠷ᠎ᠡ | ᠪᠦᠲᠦᠭᠡᠯ ᠪᠣᠯᠤᠨ᠎ᠠ᠃ |