| ᠣᠶᠢᠷ᠎ᠠ ᠳᠤ᠂ ︽ᠥᠪᠥᠷ ᠮᠣᠩᠭᠤᠯ ᠪᠣᠯᠣᠨ ᠡᠾᠧᠪᠸᠢ ᠶᠢᠨ ᠵᠠᠭᠠᠭ ᠱᠤᠭᠤᠮ ᠤᠨ ᠭᠤᠷᠪᠠᠳᠤᠭᠠᠷ ᠡᠭᠡᠯᠵᠢ ᠶᠢᠨ | ᠬᠤᠯᠪᠣᠭᠠᠯᠠᠨ ᠪᠠᠶᠢᠴᠠᠭᠠᠬᠤ ᠮᠠᠲ᠋ᠧᠷᠢᠶᠠᠯ ᠢ ᠬᠤᠷᠢᠶᠠᠩᠭᠤᠶᠢᠯᠠᠵᠤ ᠳ᠋ᠦᠩᠨᠡᠬᠦ ᠬᠤᠷᠠᠯ︾ ᠰᠢᠯᠢ ᠶᠢᠨ ᠭᠤᠣᠯ | ᠠᠶᠢᠮᠠᠭ ᠤᠨ ᠰᠢᠯᠢ ᠶᠢᠨ ᠬᠤᠲᠠ ᠳᠤ ᠬᠤᠷᠠᠯᠳᠤᠪᠠ᠃ ᠬᠤᠶᠠᠷ ᠮᠤᠵᠢ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠢ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢ | ᠭᠠᠵᠠᠷ ᠤᠨ ᠨᠡᠷᠡᠰ ᠤᠨ ᠭᠠᠵᠠᠷ ᠤᠨ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠪᠣᠯᠣᠨ ᠾᠤᠪᠸᠢ ᠶᠢᠨ ᠵᠠᠭᠠᠭ | ᠱᠤᠭᠤᠮ ᠳᠠᠭᠠᠤ 5 ᠠᠶᠢᠮᠠᠭ ᠬᠤᠲᠠ᠂ 20 ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ | ᠶᠠᠪᠤᠳᠠᠯ ᠤᠨ ᠲᠣᠪᠴᠢᠶ᠎ᠠ ᠶᠢᠨ ᠬᠤᠪᠢᠶᠠᠨ ᠬᠠᠮᠢᠶᠠᠷᠴᠤ ᠪᠦᠬᠦᠢ ᠲᠣᠪᠴᠢᠶ᠎ᠠ ᠶᠢᠨ ᠳᠠᠷᠤᠭ᠎ᠠ᠂ ᠵᠠᠰᠠᠭ ᠵᠠᠬᠢᠷᠭᠠᠨ ᠤ | ᠣᠷᠣᠨ ᠤ ᠬᠤᠪᠢᠶᠠᠷᠢ ᠠᠯᠪᠠᠨ ᠭᠡᠷ ᠤᠨ ᠡᠷᠬᠢᠯᠡᠭᠴᠢ ᠨᠡᠶᠢᠲᠡ 66 ᠬᠥᠮᠦᠨ ᠬᠤᠷᠠᠯ ᠳᠤ ᠣᠷᠣᠯᠴᠠᠵᠠᠶ᠃ | ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢ | ᠭᠠᠵᠠᠷ ᠤᠨ ᠨᠡᠷᠡᠰ ᠤᠨ ᠭᠠᠵᠠᠷ ᠤᠨ ᠳᠡᠳ᠋ ᠳᠠᠷᠤᠭ᠎ᠠ ᠵᠠᠩ ᠲᠢᠶᠠᠨ ᠱᠦᠨ ᠬᠤᠷᠠᠯ ᠡᠷᠬᠢᠯᠡᠪᠡ᠃ ᠬᠤᠷᠠᠯ ᠳᠡᠭᠡᠷ᠎ᠡ | ᠭᠠᠵᠠᠷ ᠤᠨ ᠳᠡᠳ᠋ ᠳᠠᠷᠤᠭ᠎ᠠ ᠵᠠᠩ ᠲᠢᠶᠠᠨ ᠱᠦᠨ ᠪᠣᠯᠣᠨ ᠡᠾᠧᠪᠸᠢ ᠮᠤᠵᠢ ᠶᠢᠨ ᠠᠷᠠᠳ ᠤᠨ ᠶᠠᠪᠤᠳᠠᠯ ᠤᠨ | ᠲᠢᠩᠬᠢᠮ ᠤᠨ ᠭᠠᠵᠠᠷ ᠤᠨ ᠳᠡᠳ᠋ ᠳᠠᠷᠤᠭ᠎ᠠ ᠵᠤᠤ ᠯᠠᠨ ᠬᠦᠶ ᠲᠤᠰ ᠲᠤᠰ ᠥᠪᠥᠷ ᠮᠣᠩᠭᠤᠯ ᠡᠾᠧᠪᠸᠢ ᠶᠢᠨ ᠵᠠᠭᠠᠭ | ᠱᠤᠭᠤᠮ ᠤᠨ ᠥᠪᠥᠷ ᠮᠣᠩᠭᠤᠯ ᠤᠨ ᠲᠠᠯ᠎ᠠ᠂ ᠡᠾᠧᠪᠸᠢ ᠶᠢᠨ ᠲᠠᠯ᠎ᠠ ᠶᠢᠨ ᠬᠤᠯᠪᠣᠭᠠᠯᠠᠨ ᠪᠠᠶᠢᠴᠠᠭᠠᠬᠤ ᠠᠵᠢᠯ ᠳᠤ | ᠳ᠋ᠦᠩᠨᠡᠯᠲᠡ ᠬᠢᠭᠰᠡᠨ ᠪᠠᠶᠢᠨ᠎ᠠ᠃ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ | ᠬᠤᠸᠠᠩ ᡁᠢ ᠵᠢᠶᠠᠩ᠂ ᠡᠾᠧᠪᠸᠢ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠤᠤ ᠯᠢ | ᠵᠢᠴᠢ ᠰᠢᠯᠢ ᠶᠢᠨ ᠭᠤᠣᠯ ᠠᠶᠢᠮᠠᠭ ᠤᠨ ᠳᠡᠳ᠋ ᠳᠠᠷᠤᠭ᠎ᠠ ᠵᠠᠩ ᠵᠥᠩ ᠶᠣᠣ ᠬᠤᠷᠠᠯ ᠳᠤ ᠣᠷᠣᠯᠴᠠᠪᠠ᠃ | ᠠᠶᠢᠮᠠᠭ ᠤᠨ ᠳᠡᠳ᠋ ᠳᠠᠷᠤᠭ᠎ᠠ ᠵᠠᠩ ᠵᠥᠩ ᠶᠣᠣ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ | ᠡᠮᠦᠨ᠎ᠡ ᠠᠴᠠ ᠪᠠᠶᠠᠷ ᠤᠨ ᠦᠭᠡ ᠬᠡᠯᠡᠵᠡᠶ᠃ ᠶᠠᠷᠢᠶᠠᠨ ᠳᠠᠭᠠᠨ ᠬᠤᠯᠪᠣᠭᠠᠯᠠᠨ ᠪᠠᠶᠢᠴᠠᠭᠠᠬᠤ ᠠᠵᠢᠯ ᠢ ᠭᠦᠢᠴᠡᠳ | ᠨᠣᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠥᠪᠥᠷ ᠮᠣᠩᠭᠤᠯ ᠡᠾᠧᠪᠸᠢ ᠶᠢᠨ ᠵᠠᠭᠠᠭ ᠱᠤᠭᠤᠮ ᠳᠠᠭᠠᠤ ᠭᠠᠵᠠᠷ | ᠣᠷᠣᠨ ᠨᠤᠭᠤᠳ ᠢᠲᠡᠭᠡᠯᠴᠡᠭᠡ ᠪᠠᠨ ᠲᠠᠰᠤᠷᠠᠯᠳᠠ ᠦᠭᠡᠢ ᠪᠠᠷ ᠨᠡᠮᠡᠭᠳᠡᠭᠦᠯᠦᠨ᠂ ᠬᠤᠷᠰᠢᠯᠴᠠᠭ᠎ᠠ ᠪᠠᠨ | ᠴᠢᠩᠭᠠᠳᠬᠠᠵᠤ᠂ ᠭᠠᠵᠠᠷ ᠣᠷᠣᠨ ᠤ ᠪᠠᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠬᠠᠮᠲᠤ ᠪᠠᠷ ᠲᠦᠯᠬᠢᠨ ᠠᠬᠢᠭᠤᠯᠵᠤ᠂ ᠵᠠᠬ᠎ᠠ ᠬᠢᠵᠠᠭᠠᠷ ᠣᠷᠣᠨ ᠢ ᠲᠣᠭᠲᠠᠭᠤᠨ ᠪᠦᠭᠡᠳ ᠡᠶ᠎ᠡ ᠵᠣᠬᠢᠴᠠᠯ ᠲᠠᠢ | ᠪᠠᠶᠢᠯᠭᠠᠬᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃ | ᠲᠢᠩᠬᠢᠮ ᠤᠨ ᠳᠡᠳ᠋ ᠳᠠᠷᠤᠭ᠎ᠠ ᠬᠤᠸᠠᠩ ᡁᠢ ᠵᠢᠶᠠᠩ ︽ᠡᠭᠦᠷᠭᠡ ᠬᠠᠷᠢᠭᠤᠴᠠᠯᠭ᠎ᠠ ᠪᠠᠨ ᠰᠢᠳᠤᠷᠭᠤ | ᠭᠦᠢᠴᠡᠳᠬᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ︔ ᠬᠠᠤᠯᠢ ᠲᠦᠷᠢᠮ ᠤᠨ ᠦᠵᠡᠯᠲᠡ ᠪᠣᠯᠣᠨ | ᠳᠦᠷᠢᠮ ᠭᠤᠷᠢᠮ ᠤᠨ ᠦᠵᠡᠯ ᠤᠬᠠᠮᠰᠠᠷ ᠢ ᠤᠬᠠᠮᠰᠠᠷ ᠠᠴᠠ ᠪᠠᠨ ᠴᠢᠩᠭᠠᠳᠬᠠᠬᠤ︔ ᠡᠷᠡᠰ ᠴᠢᠩᠭ᠎ᠠ ᠬᠠᠷᠢᠭᠤᠴᠠᠯᠭ᠎ᠠ | ᠪᠣᠯᠣᠨ ᠡᠭᠦᠷᠭᠡ ᠪᠠᠨ ᠵᠣᠷᠢᠭᠲᠠᠢ ᠡᠭᠦᠷᠭᠡᠯᠡᠬᠦ ᠤᠬᠠᠮᠰᠠᠷ ᠲᠠᠢ ᠪᠠᠶᠢᠬᠤ︔ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ | ᠂ ᠶᠡᠭᠡ ᠲᠠᠯ᠎ᠠ ᠳᠤ ᠦᠢᠯᠡᠴᠢᠯᠡᠬᠦ ᠣᠨᠣᠯᠵᠢᠬᠤᠨ ᠢ ᠪᠣᠢ ᠪᠣᠯᠭᠠᠬᠤ︾ ᠵᠡᠷᠭᠡ ᠲᠦᠷᠪᠡᠠ ᠲᠠᠯ᠎ᠠ ᠪᠠᠷ ᠮᠤᠵᠢ ᠣᠷᠣᠨ ᠤ | ᠵᠠᠭᠠᠭ ᠱᠤᠭᠤᠮ ᠤᠨ ᠬᠤᠯᠪᠣᠭᠠᠯᠠᠨ ᠪᠠᠶᠢᠴᠠᠭᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ | ᠦᠭᠦᠯᠡᠭᠰᠡᠨ ᠪᠦᠭᠡᠳ ᠮᠤᠵᠢ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠶᠢᠨ ᠠᠵᠢᠯ ᠢ ᠬᠤᠶᠢᠰᠢᠳᠠ ᠬᠡᠷᠬᠢᠨ | ᠴᠢᠩᠭᠠᠳᠬᠠᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃ | ᠲᠢᠩᠬᠢᠮ ᠤᠨ ᠳᠡᠳ᠋ ᠳᠠᠷᠤᠭ᠎ᠠ ᠵᠣᠣ ᠯᠢ ︽ᠬᠤᠯᠪᠣᠭᠠᠯᠠᠨ ᠪᠠᠶᠢᠴᠠᠭᠠᠬᠤ ᠠᠵᠢᠯ ᠤᠨ ᠴᠢᠬᠤᠯᠠ ᠴᠢᠨᠠᠷ᠂ ᠬᠢᠯᠢ | ᠬᠢᠵᠠᠭᠠᠷ ᠤᠨ ᠡᠶ᠎ᠡ ᠵᠣᠬᠢᠴᠠᠯ᠂ ᠲᠣᠭᠲᠠᠭᠤᠨ ᠪᠠᠶᠢᠳᠠᠯ ᠢ ᠬᠠᠮᠠᠭᠠᠯᠠᠬᠤ ᠶᠡᠭᠡ ᠰᠠᠶᠢᠨ ᠪᠠᠶᠢᠳᠠᠯ ᠢ ᠬᠡᠷᠬᠢᠨ ᠨᠠᠨᠳᠢᠩᠨᠠᠵᠤ | ᠂ ᠨᠥᠬᠦᠷᠯᠡᠯ ᠪᠠ ᠨᠦᠬᠦᠷᠰᠡᠭ ᠬᠠᠷᠢᠴᠠᠭ᠎ᠠ ᠪᠠᠷ ᠬᠤᠶᠠᠷ ᠮᠤᠵᠢ ᠣᠷᠣᠨ ᠤ ᠵᠠᠭᠠᠭ ᠱᠤᠭᠤᠮ ᠢ ᠬᠠᠮᠢᠶᠠᠷᠬᠤ ᠠᠵᠢᠯ ᠤᠨ | ᠬᠤᠯᠪᠣᠭᠠᠰᠤ ᠪᠣᠯᠭᠠᠬᠤ︾ ᠵᠡᠷᠭᠡ ᠭᠤᠷᠪᠠᠨ ᠲᠠᠯ᠎ᠠ ᠪᠠᠷ ᠬᠤᠶᠢᠰᠢᠳᠠ ᠶᠢᠨ ᠬᠤᠯᠪᠣᠭᠠᠯᠠᠨ ᠪᠠᠶᠢᠴᠠᠭᠠᠬᠤ ᠠᠵᠢᠯ ᠤᠨ | ᠲᠤᠬᠠᠶ ᠬᠦᠰᠡᠯ ᠨᠠᠶᠢᠳᠠᠯᠭ᠎ᠠ ᠪᠠᠨ ᠳᠤᠷᠠᠳᠪᠠ᠃ | ᠬᠤᠷᠠᠯ ᠤᠨ ᠳᠠᠷᠠᠭ᠎ᠠ᠂ ᠬᠤᠶᠠᠷ ᠮᠤᠵᠢ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠥᠮᠦᠨ ᠲᠣᠮᠢᠯᠠᠨ | ᠵᠠᠭᠠᠭ ᠱᠤᠭᠤᠮ ᠳᠠᠭᠠᠤ ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠵᠠᠭᠠᠭ ᠱᠤᠭᠤᠮ ᠤᠨ ᠬᠠᠮᠢᠶᠠᠷᠤᠯᠲᠠ ᠶᠢᠨ ᠠᠵᠢᠯᠲᠠᠳ ᠤᠨ ᠬᠠᠮᠲᠤ ᠥᠪᠥᠷ ᠮᠣᠩᠭᠤᠯ ᠡᠾᠧᠪᠸᠢ ᠶᠢᠨ ᠵᠠᠭᠠᠭ | ᠱᠤᠭᠤᠮ ᠳᠠᠬᠢ ᠾᠧᠪᠧᠶ ᠮᠤᠵᠢ ᠶᠢᠨ ᠬᠥ᠋ ᠶᠤᠸᠠᠨ ᠰᠢᠶᠠᠨ ᠪᠣᠯᠣᠨ ᠥᠪᠥᠷ ᠮᠣᠩᠭᠤᠯ ᠤᠨ ᠲᠤᠯᠤᠨᠨᠤᠤᠷ ᠰᠢᠶᠠᠨ ᠤ | ᠮᠠᠷᠭᠤᠯᠳᠤᠭᠠᠨ ᠲᠠᠢ ᠭᠡᠰᠡᠭ ᠤᠨ ᠲᠣᠬᠠᠢ ᠶᠢᠨ ᠭᠠᠵᠠᠷ ᠲᠤᠨᠢ ᠬᠦᠷᠴᠦ ᠪᠠᠶᠢᠳᠠᠯ ᠳᠤ ᠪᠦᠬᠦ ᠲᠠᠯ᠎ᠠ ᠪᠠᠷ ᠪᠠᠶᠢᠴᠠᠭᠠᠨ | ᠰᠤᠳᠤᠯᠤᠯᠲᠠ ᠬᠢᠭᠰᠡᠨ ᠪᠦᠭᠡᠳ ᠰᠢᠢᠳᠪᠦᠷᠢᠯᠡᠬᠦ ᠲᠠᠯ᠎ᠠ ᠪᠠᠷ ᠠᠩᠬ᠎ᠠ ᠠᠯᠬᠤᠮ ᠰᠠᠨᠠᠯ ᠢᠶᠠᠨ ᠨᠢᠭᠡᠳᠬᠡᠪᠡ᠃ | |