ᠤᠶᠢᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠠᠷᠠᠳ ᠤᠨ | ᠶᠠᠪᠤᠳᠠᠯ ᠤᠨ ᠶᠠᠮᠤᠨ ᠬᠠᠮᠲᠤᠷᠠᠨ ᠮᠡᠳᠡᠭᠳᠡᠯ ᠪᠠᠭᠤᠯᠭᠠᠵᠤ᠂ ᠪᠦᠭᠦ ᠤᠯᠤᠰ ᠤᠨ 40 ᠬᠤᠲᠠ ︵ᠲᠣᠭᠤᠷᠢᠭ︶ ᠶᠢ | ᠤᠯᠤᠰ ᠤᠨ ᠳᠡᠰ ᠤᠨ ᠡᠮᠴᠢᠯᠡᠬᠦ ᠪᠠ ᠠᠰᠠᠷᠠᠬᠤ ᠶᠢ ᠤᠶᠠᠯᠳᠤᠭᠤᠯᠬᠤ ᠬᠤᠶᠠᠳᠤᠭᠠᠷ ᠪᠦᠯᠦᠭ ᠤᠨ ᠲᠤᠷᠰᠢᠯᠲᠠ ᠶᠢᠨ | ᠨᠢᠭᠡᠴᠡ ᠪᠠᠷ ᠲᠤᠭᠲᠠᠭᠠᠪᠠ᠃ ᠦᠬᠠᠶ ᠬᠤᠳᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠤᠷ ᠤᠨ ᠭᠠᠭᠴᠠ ᠲᠤᠷᠰᠢᠯᠲᠠ ᠶᠢᠨ ᠬᠤᠲᠠ ᠪᠠᠷ ᠲᠤᠭᠲᠠᠭᠠᠭᠳᠠᠪᠠ᠃ ᠦᠬᠠᠶ ᠬᠤᠳᠠ ᠡᠮᠴᠢᠯᠡᠬᠦ ᠪᠠ ᠠᠰᠠᠷᠠᠬᠤ ᠶᠢ | ᠤᠶᠠᠯᠳᠤᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠨᠠᠰᠤᠵᠢᠯ ᠤᠨ ᠠᠰᠠᠷᠠᠮᠵᠢ᠂ ᠡᠷᠡᠭᠦᠯ | ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠡᠷᠦᠩᠬᠡᠶ ᠪᠠᠶᠢᠷᠢᠯᠠᠭᠤᠯᠤᠯᠲᠠ ᠳᠠᠭᠠᠨ | ᠤᠷᠤᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ | ᠬᠢᠨᠠᠮᠠᠭᠠᠶ ᠲᠤᠤᠱᠯᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ ᠬᠦᠲᠦᠯᠦᠯᠴᠡᠵᠦ᠂ ᠡᠮᠴᠢᠯᠡᠬᠦ ᠪᠠ | ᠠᠰᠠᠷᠠᠬᠤ ᠶᠢ ᠤᠶᠠᠯᠳᠤᠭᠤᠯᠬᠤ ᠠᠵᠢᠯ ᠤᠨ ᠲᠥᠰᠦᠯ᠂ ᠬᠤᠯᠪᠣᠭᠳᠠᠯ ᠪᠦᠬᠦᠢ ᠲᠥᠯᠥᠪᠵᠢᠭᠦᠯᠭᠡ ᠪᠣᠯᠤᠨ ᠢᠵᠢ | ᠪᠦᠷᠢᠯᠳᠦᠭᠦᠯᠦᠨ ᠲᠡᠳᠬᠦᠨ ᠳᠡᠮᠵᠢᠬᠦ ᠠᠯᠢ ᠤᠯᠠᠨ ᠲᠦᠷᠦ ᠶᠢᠨ ᠪᠤᠳᠤᠯᠭ᠎ᠠ ᠶᠢ ᠲᠤᠭᠲᠠᠭᠠᠨ ᠨᠡᠶᠢᠲᠡᠯᠡᠪᠡ᠃ ᠦᠬᠠᠶ | ᠬᠤᠳᠠ ᠡᠮᠴᠢᠯᠡᠬᠦ ᠪᠠ ᠠᠰᠠᠷᠠᠬᠤ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠡᠮᠴᠢᠯᠡᠭᠡᠨ ᠤ ᠪᠠᠶᠢᠭᠤᠯᠤᠮᠵᠢ ᠬᠢᠭᠡᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ | ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ᠂ ᠡᠮᠴᠢᠯᠡᠭᠡᠨ ᠤ ᠪᠠᠶᠢᠭᠤᠯᠤᠮᠵᠢ ᠳᠤ ᠨᠠᠰᠤᠲᠠᠶᠢᠴᠤᠳ ᠤᠨ ᠡᠪᠡᠳᠴᠢᠨ ᠤ | ᠰᠠᠯᠠᠭ᠎ᠠ ᠪᠠᠶᠢᠭᠤᠯᠬᠤ ᠪᠠᠷ ᠳᠠᠮᠵᠢᠭᠤᠯᠵᠤ᠂ ᠬᠡᠰᠡᠭ ᠡᠮᠨᠡᠯᠭᠡ ᠶᠢᠨ ᠬᠤᠷᠢᠶᠠᠨ ᠤ ᠬᠡᠯᠪᠡᠷᠢ ᠪᠠᠨ ᠬᠤᠪᠢᠷᠠᠭᠤᠯᠤᠨ | ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠳ ᠤᠨ ᠡᠮᠨᠡᠯᠭᠡ ᠶᠢᠨ ᠬᠤᠷᠢᠶ᠎ᠠ ᠪᠠᠶᠢᠭᠤᠯᠬᠤ ᠵᠡᠷᠭᠡ ᠠᠷᠭ᠎ᠠ | ᠬᠡᠯᠪᠡᠷᠢ ᠶᠢ ᠨᠢ ᠵᠤᠷᠢᠭᠵᠢᠭᠤᠯᠵᠤ᠂ ᠨᠠᠰᠤᠵᠢᠯ ᠤᠨ ᠠᠰᠠᠷᠠᠮᠵᠢ ᠪᠠ ᠡᠮ ᠡᠮᠨᠡᠯᠭᠡ ᠶᠢᠨ ᠬᠤᠶᠠᠷ ᠲᠠᠯ᠎ᠠ ᠶᠢᠨ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠨᠢᠭᠡᠳᠦᠯᠲᠡᠶ ᠲᠥᠯᠥᠪᠯᠡᠨ᠂ ᠡᠮ ᠡᠮᠨᠡᠯᠭᠡ ᠡᠷᠡᠭᠦᠯ ᠬᠠᠮᠠᠭᠠᠯᠠᠯ | ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠠᠭᠤᠰᠤᠯᠴᠠᠭᠤᠯᠤᠨ ᠬᠦᠭᠵᠢᠭᠦᠯᠬᠦ ᠶᠢ ᠪᠦᠬᠦ ᠲᠠᠯ᠎ᠠ ᠪᠠᠷ | ᠳᠥᠯᠭᠢᠨ ᠠᠬᠢᠭᠤᠯᠵᠠᠢ︔ ᠭᠡᠷ ᠪᠦᠯᠢ ᠳᠡᠭᠡᠨ ᠠᠰᠠᠷᠠᠬᠤ ᠶᠢ ᠨᠢ ᠵᠣᠷᠢᠭᠵᠢᠭᠤᠯᠵᠤ᠂ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠪᠠ ᠨᠡᠶᠢᠭᠡᠮᠴᠢᠯᠡᠭᠰᠡᠨ ᠨᠠᠰᠤᠲᠠᠨ ᠢ ᠲᠤᠰᠠᠯᠠᠬᠤ ᠪᠠᠷ ᠠᠷᠭ᠎ᠠ ᠪᠠᠷᠢᠯ ᠪᠣᠯᠭᠠᠨ᠂ ᠭᠡᠷ ᠪᠦᠯᠢ | ᠨᠢ ᠦᠪᠡᠷ ᠢ ᠪᠠᠨ ᠲᠤᠰᠠᠯᠠᠬᠤ᠂ ᠨᠡᠶᠢᠭᠡᠮ ᠲᠣᠭᠤᠷᠢᠭ ᠲᠡᠳᠬᠦᠨ ᠳᠡᠮᠵᠢᠬᠦ᠂ ᠰᠠᠶᠢᠨ ᠳᠤᠷ᠎ᠠ ᠠᠴᠠ ᠪᠠᠨ ᠬᠠᠪᠰᠤᠷᠬᠤ᠂ | ᠨᠡᠶᠢᠭᠡᠮ ᠠᠴᠠ ᠲᠤᠰᠠᠯᠠᠬᠤ᠂ ᠵᠠᠰᠠᠭ ᠤᠨ ᠣᠷᠳᠣᠨ ᠪᠡᠯᠡ ᠮᠥᠩᠭᠦ ᠪᠠᠷ ᠲᠤᠰᠠᠯᠠᠬᠤ ᠵᠡᠷᠭᠡ ᠤᠯᠠᠨ ᠵᠦᠢᠯ ᠤᠨ | ᠦᠢᠯᠡᠴᠢᠯᠡᠭᠡᠨ ᠤ ᠬᠡᠯᠪᠡᠷᠢ ᠶᠢ ᠠᠪᠴᠤ᠂ ᠥᠲᠡᠭᠦᠰ ᠤᠨ ᠭᠡᠷ ᠪᠦᠯᠢ ᠶᠢᠨ ᠠᠮᠢᠳᠤᠷᠠᠯ ᠢ ᠨᠢ ᠬᠠᠷᠠᠭᠠᠯᠵᠠᠬᠤ᠂ ᠡᠮ | ᠡᠮᠨᠡᠯᠭᠡ ᠪᠠᠷ ᠠᠪᠤᠷᠠᠨ ᠵᠠᠰᠠᠬᠤ ᠵᠡᠷᠭᠡ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠨᠠᠰᠤᠲᠠᠶᠢᠴᠤᠳ ᠤᠨ ᠡᠮ | ᠡᠮᠨᠡᠯᠭᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ | ᠬᠠᠩᠭᠠᠵᠠᠢ᠃ |