ᠡᠯ᠎ᠡ ᠠᠶᠢᠮᠠᠭ ᠬᠤᠳᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠣᠯᠤᠨ ᠪᠡᠶ᠎ᠡ ᠶᠢᠨ ᠲᠠᠮᠢᠷ︶ ᠤᠨ | ᠲᠣᠪᠴᠢᠶ᠎ᠠ᠂ ᠡᠯ᠎ᠡ ᠶᠡᠭᠡ ᠳᠡᠭᠡᠳᠦ ᠰᠤᠷᠭᠠᠭᠤᠯᠢ ᠳᠤ᠄ | 2016 ᠣᠨ ᠤ ᠪᠠᠭᠰᠢ ᠶᠢᠨ ᠬᠢᠷᠢ ᠬᠡᠮ ᠤᠨ ᠲᠦᠷᠢᠮ ᠢ ᠬᠡᠷᠡᠭᠵᠢᠭᠦᠯᠬᠦ ᠠᠵᠢᠯ ᠤᠨ ᠲᠤᠬᠠᠶ ᠰᠤᠷᠭᠠᠨ | ᠬᠥᠮᠦᠵᠢᠯ ᠤᠨ ᠶᠠᠮᠤᠨ ᠤ ᠪᠦᠬᠦᠯᠢ ᠴᠣᠭᠴᠠ ᠶᠢᠨ ᠲᠣᠬᠢᠷᠠᠭᠤᠯᠤᠯᠲᠠ ᠪᠣᠯᠣᠨ ᠮᠠᠨ ᠤ ᠣᠷᠣᠨ ᠤ ᠠᠵᠢᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 | ᠣᠨ ᠤ ᠨᠠᠮᠤᠷ ᠤᠨ ᠤᠯᠠᠷᠢᠯ ᠤᠨ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ᠠᠵᠢᠯ ᠤᠨ ᠬᠤᠯᠪᠣᠭᠳᠠᠯ | ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠴᠠᠭ ᠤᠨ ᠲᠤᠬᠢᠷᠠᠭᠤᠯᠤᠯᠲᠠ | 2016 ᠣᠨ ᠤ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠪᠠᠭᠰᠢ ᠶᠢᠨ ᠬᠢᠷᠢ ᠬᠡᠮ ᠢ | ᠦᠨᠡᠮᠰᠢᠨ ᠲᠣᠭᠲᠠᠭᠠᠬᠤ ᠴᠠᠭ ᠨᠢ10 ᠳ᠋ᠤᠭᠠᠷ ᠰᠠᠷ᠎ᠠ ᠶᠢᠨ 17 ᠤ ᠡᠳᠦᠷ ᠠᠴᠠ 11 ᠳ᠋ᠦ᠋ᠭᠡᠷ ᠰᠠᠷ᠎ᠠ ᠶᠢᠨ 25 ᠤ | ᠡᠳᠦᠷ ᠪᠣᠯᠲᠠᠯ᠎ᠠ ᠶᠠᠪᠤᠭᠳᠠᠨ᠎ᠠ᠃ ᠪᠣᠳᠠᠲᠠᠶ ᠲᠣᠬᠢᠷᠠᠭᠤᠯᠤᠯᠲᠠ ᠨᠢ ᠳᠣᠣᠷᠠᠬᠢ ᠮᠡᠲᠦ᠄ | ︵ᠨᠢᠭᠡ︶ ᠮᠡᠳᠡᠭᠡ ᠵᠠᠩᠭᠢ ᠨᠡᠶᠢᠲᠡᠯᠡᠬᠦ ᠴᠠᠭ᠄ 10 ᠳ᠋ᠤᠭᠠᠷ ᠰᠠᠷ᠎ᠠ ᠶᠢᠨ 11 ᠤ ᠡᠳᠦᠷ ᠠᠴᠠ ᠡᠮᠦᠨ᠎ᠡ | ᠮᠡᠳᠡᠭᠡ ᠵᠠᠩᠭᠢ ᠨᠡᠶᠢᠲᠡᠯᠡᠨ᠎ᠡ᠃ ᠡᠯ᠎ᠡ ᠱᠠᠲᠤᠨ ᠤ ᠦᠨᠡᠮᠰᠢᠨ ᠲᠣᠭᠲᠠᠭᠠᠬᠤ ᠪᠠᠶᠢᠭᠤᠯᠤᠮᠵᠢ ᠨᠤᠭᠤᠳ ᠡᠯ᠎ᠡ | ᠵᠦᠢᠯ ᠤᠨ ᠪᠡᠯᠡᠳᠬᠡᠯ ᠠᠵᠢᠯ ᠢᠶᠠᠨ ᠭᠦᠢᠴᠡᠳ ᠰᠠᠶᠢᠨ ᠬᠢᠵᠦ᠂ ᠨᠡᠶᠢᠭᠡᠮ ᠳᠤ ᠨᠡᠶᠢᠲᠡᠯᠡᠬᠦ ᠮᠡᠳᠡᠭᠳᠡᠯ ᠳᠡᠭᠡᠨ ᠦᠨᠡᠮᠰᠢᠨ | ᠲᠣᠭᠲᠠᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠬᠤ ᠰᠦᠯᠵᠢᠶᠡᠨ ᠬᠠᠶ᠋ᠢᠭ ᠵᠢᠴᠢ ᠮᠡᠳᠡᠭᠡ | ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠠᠭᠤᠯᠭ᠎ᠠ ᠶᠢ ᠪᠠᠭᠲᠠᠭᠠᠵᠤ ᠪᠣᠯᠬᠤ ᠦᠭᠡᠢ᠃ | ︵ᠬᠤᠶᠠᠷ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 10 ᠳ᠋ᠤᠭᠠᠷ ᠰᠠᠷ᠎ᠠ ᠶᠢᠨ 17 ᠤ | ᠡᠳᠦᠷ ᠠᠴᠠ10 ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ ᠡᠳᠦᠷ ᠪᠦᠷᠢ ᠶᠢᠨ 8᠄ 30 ᠠᠴᠠ 17᠄ 30 ᠶᠢᠨ | ᠬᠤᠭᠤᠷᠣᠨᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠤᠨ᠎ᠠ᠃ | ︵ᠭᠤᠷᠪᠠ︶ ᠡᠯ᠎ᠡ ᠱᠠᠲᠤᠨ ᠤ ᠦᠨᠡᠮᠰᠢᠨ ᠲᠣᠭᠲᠠᠭᠠᠬᠤ ᠪᠠᠶᠢᠭᠤᠯᠤᠮᠵᠢ ᠶᠢᠨ ᠦᠨᠡᠮᠰᠢᠨ ᠲᠣᠭᠲᠠᠭᠠᠬᠤ | ᠪᠣᠳᠠᠲᠠᠶ ᠴᠠᠭ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠂ ᠲᠤᠬᠠᠶ ᠶᠢᠨ ᠲᠠᠯᠠᠪᠠᠶ ᠳᠤ ᠨᠤᠲᠠᠯᠠᠬᠤ ᠴᠠᠭ᠂ | ᠮᠠᠲ᠋ᠧᠷᠢᠶᠠᠯ ᠮᠡᠳᠡᠭᠦᠯᠦᠨ ᠬᠦᠷᠭᠡᠬᠦ ᠴᠠᠭ ᠵᠢᠴᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠬᠡᠪ | ᠪᠣᠯᠪᠠᠰᠤᠷᠠᠯ ᠪᠠ ᠴᠢᠳᠠᠪᠤᠷᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ ᠴᠠᠭ ᠢ ᠭᠤᠶᠤᠴᠢᠯᠠᠭᠴᠢᠳ ᠥᠪᠡᠷ ᠤᠨ | ᠰᠣᠩᠭᠤᠭᠰᠠᠨ ᠦᠨᠡᠮᠰᠢᠨ ᠲᠣᠭᠲᠠᠭᠠᠬᠤ ᠪᠠᠶᠢᠭᠤᠯᠤᠮᠵᠢ ︵ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ︶ ᠶᠢᠨ ᠨᠡᠶᠢᠲᠡᠯᠡᠭᠰᠡᠨ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠠᠩᠬᠠᠷᠤᠭᠠᠷᠠᠢ᠃ | ︵ᠲᠦᠷᠪᠡ︶ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ | ᠴᠠᠭ ᠤᠨ ᠲᠣᠬᠢᠷᠠᠭᠤᠯᠤᠯᠲᠠ᠄ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ᠡᠷᠬᠡ ᠲᠠᠢ ᠶᠡᠭᠡ ᠳᠡᠭᠡᠳᠦ | ᠰᠤᠷᠭᠠᠭᠤᠯᠢ ᠨᠤᠭᠤᠳ ᠴᠥᠮ ᠲᠤᠬᠠᠶ ᠶᠢᠨ ᠲᠠᠯᠠᠪᠠᠶ ᠶᠢᠨ ᠨᠤᠲᠠᠯᠠᠭᠴᠢ ᠪᠤᠯᠵᠤ ᠪᠣᠯᠣᠨ᠎ᠠ᠃ ᠡᠯ᠎ᠡ ᠨᠤᠲᠠᠯᠠᠭᠴᠢᠳ | ᠡᠷᠬᠡᠪᠰᠢ 11 ᠳ᠋ᠦ᠋ᠭᠡᠷ ᠰᠠᠷ᠎ᠠ ᠶᠢᠨ 11 ᠤ ᠡᠳᠦᠷ ᠠᠴᠠ ᠡᠮᠦᠨ᠎ᠡ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠲᠤᠭ᠎ᠠ | ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢᠶᠠᠨ ᠳᠠᠭᠤᠰᠬᠠᠬᠤ ᠬᠡᠷᠡᠭᠲᠡᠶ︔ ᠪᠤᠰᠤᠳ ᠶᠡᠭᠡ ᠳᠡᠭᠡᠳᠦ ᠰᠤᠷᠭᠠᠭᠤᠯᠢ ︵ | ᠠᠷᠠᠳ ᠠᠴᠠ ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠪᠠᠭᠲᠠᠨ᠎ᠠ︶ ᠡᠷᠬᠡᠪᠰᠢ 10 ᠳ᠋ᠤᠭᠠᠷ ᠰᠠᠷ᠎ᠠ ᠶᠢᠨ 24 ᠤ | ᠡᠳᠦᠷ ᠠᠴᠠ 11 ᠳ᠋ᠦ᠋ᠭᠡᠷ ᠰᠠᠷ᠎ᠠ ᠶᠢᠨ 11 ᠤ ᠡᠳᠦᠷ ᠪᠣᠯᠲᠠᠯ᠎ᠠ ᠮᠠᠲ᠋ᠧᠷᠢᠶᠠᠯ ᠢ ᠬᠦᠷᠭᠡᠨ ᠬᠢᠨᠠᠭᠤᠯᠬᠤ ᠠᠵᠢᠯ ᠢᠶᠠᠨ | ᠪᠡᠶᠡᠯᠡᠭᠦᠯᠬᠦ ᠬᠡᠷᠡᠭᠲᠡᠶ᠃ | ᠬᠤᠶᠠᠷ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠠᠶ᠋ᠢᠭ | ᠭᠤᠶᠤᠴᠢᠯᠠᠭᠴᠢ ᠶᠢᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠰᠦᠯᠵᠢᠶᠡᠨ ᠬᠠᠶ᠋ᠢᠭ ᠨᠢ᠄ ᠳᠤᠮᠳᠠᠳᠤ | ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠡ ︵http://www.jszg.edu.cn︶ ᠪᠣᠯᠣᠨ᠎ᠠ᠃ | ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠠᠴᠠ ᠣᠯᠭᠤᠭᠰᠠᠨ ︽ᠳᠤᠮᠳᠠᠳᠤ ᠪᠠᠭ᠎ᠠ ᠰᠤᠷᠭᠠᠭᠤᠯᠢ | ᠪᠣᠯᠣᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ︾ | ᠲᠠᠢ ᠭᠤᠶᠤᠴᠢᠯᠠᠭᠴᠢᠳ ᠪᠣᠯ ︽ᠪᠦᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠬᠢᠷᠢ ᠲᠡᠩᠴᠡᠭᠰᠡᠨ | ᠭᠤᠶᠤᠴᠢᠯᠠᠭᠴᠢᠳ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠣᠷᠤᠴᠠ︾ ᠳᠤ ᠣᠷᠣᠵᠤ᠂ ᠪᠤᠰᠤᠳ | ᠭᠤᠶᠤᠴᠢᠯᠠᠭᠴᠢᠳ ︵ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠪᠠᠭᠰᠢ ᠶᠢᠨ ᠬᠢᠷᠢ | ᠬᠡᠮ ᠤᠨ ᠰᠢᠯᠭᠠᠯᠲᠠ ᠶᠢᠨ ᠰᠤᠷᠭᠠᠨ ᠬᠥᠮᠦᠵᠢᠯ ᠤᠨ ᠤᠬᠠᠭᠠᠨ᠂ ᠰᠤᠷᠭᠠᠨ ᠬᠥᠮᠦᠵᠢᠯ ᠤᠨ ᠰᠡᠳᠬᠢᠴᠡ ᠶᠢᠨ | ᠤᠬᠠᠭᠠᠨ ᠳᠤ ᠬᠢᠷᠢ ᠲᠡᠩᠴᠡᠭᠰᠡᠨ ᠬᠥᠮᠥᠰ ᠪᠣᠯᠤᠨ ᠪᠠᠭᠰᠢ ᠶᠢᠨ ᠲᠦᠷᠦᠯ ᠤᠨ ᠰᠤᠷᠭᠠᠭᠤᠯᠢ ᠶᠢᠨ ᠲᠡᠭᠦᠰᠦᠭᠰᠡᠳ︶ | ᠪᠣᠯ ︽ᠪᠦᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠭᠠᠳᠤᠢ ᠭᠤᠶᠤᠴᠢᠯᠠᠭᠴᠢᠳ ᠤᠨ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠬᠦ ᠣᠷᠤᠴᠠ︾ ᠳᠤ ᠣᠷᠣᠵᠤ ᠰᠦᠯᠵᠢᠶᠡᠨ ᠳᠡᠭᠡᠷ᠎ᠡ ᠳᠠᠩᠰᠠᠯᠠᠭᠤᠯᠤᠨ᠂ ᠭᠤᠶᠤᠴᠢᠯᠠᠯ ᠤᠨ | ᠮᠡᠳᠡᠭᠡ ᠵᠠᠩᠭᠢ ᠪᠠᠨ ᠳᠡᠪᠰᠢᠭᠦᠯᠵᠦ᠂ ᠰᠠᠨᠠᠭᠤᠯᠤᠮᠵᠢ ᠶᠣᠰᠣᠭᠠᠷ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠪᠠᠨ | ᠭᠦᠢᠴᠡᠳᠬᠡᠭᠡᠷᠡᠢ᠃ | ᠭᠤᠷᠪᠠ᠂ ᠳᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ | ︵ᠨᠢᠭᠡ︶ ᠲᠤᠰᠬᠠᠶ ᠮᠡᠷᠭᠡᠵᠢᠯ ᠤᠨ ᠱᠠᠭᠠᠷᠳᠠᠯᠭ᠎ᠠ᠃ ᠡᠯ᠎ᠡ ᠳᠡᠰ ᠤᠨ ᠡᠯ᠎ᠡ ᠲᠦᠷᠦᠯ ᠤᠨ ᠪᠠᠭᠰᠢ ᠶᠢᠨ ᠬᠢᠷᠢ | ᠬᠡᠮ ᠢ ᠦᠨᠡᠮᠰᠢᠨ ᠲᠣᠭᠲᠠᠭᠠᠯᠭᠠᠬᠤ ᠪᠠᠷ ᠭᠤᠶᠤᠴᠢᠯᠠᠬᠤ ᠳᠤ᠂ ᠭᠤᠶᠤᠴᠢᠯᠠᠭᠴᠢ ᠶᠢᠨ ᠰᠣᠷᠣᠭᠰᠠᠨ ᠲᠤᠰᠬᠠᠶ | ᠮᠡᠷᠭᠡᠵᠢᠯ ᠨᠢ ᠮᠡᠳᠡᠭᠦᠯᠦᠭᠰᠡᠨ ᠬᠢᠴᠢᠶᠡᠯ ᠲᠥᠷᠥᠯ ᠲᠠᠢ ᠪᠠᠨ ᠠᠳᠠᠯᠢ ᠪᠤᠶᠤ ᠠᠳᠠᠯᠢᠪᠲᠤᠷ ᠪᠠᠶᠢᠬᠤ ᠬᠡᠷᠡᠭᠲᠡᠢ᠃ | ︵ᠬᠤᠶᠠᠷ︶ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ | ᠵᠢᠴᠢ ᠪᠤᠰᠤᠳ ᠡᠮ ᠡᠮᠨᠡᠯᠭᠡ ᠶᠢᠨ ᠪᠠᠶᠢᠭᠤᠯᠤᠮᠵᠢ ᠶᠢᠨ ᠬᠥᠮᠦᠰ ᠤᠨ ᠪᠠᠭᠰᠢ ᠶᠢᠨ ᠬᠢᠷᠢ ᠬᠡᠮ ᠢ ᠦᠨᠡᠮᠰᠢᠨ | ᠲᠣᠭᠲᠠᠭᠠᠯᠭᠠᠬᠤ ᠪᠠᠷ ᠭᠤᠶᠤᠴᠢᠯᠠᠬᠤ ᠠᠰᠠᠭᠤᠳᠠᠯ᠃ ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠢ | ᠦᠨᠳᠦᠰᠦᠯᠡᠨ᠂ ᠡᠮᠨᠡᠯᠭᠡ ᠶᠢᠨ ᠠᠵᠢᠯᠲᠠᠳ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠦᠨᠡᠮᠰᠢᠨ | ᠲᠣᠭᠲᠠᠭᠠᠯᠭᠠᠬᠤ ᠪᠠᠷ ᠭᠤᠶᠤᠴᠢᠯᠠᠬᠤ ᠳᠤ᠂ ᠡᠷᠬᠡᠪᠰᠢ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠳᠤ | ᠤᠷᠢᠭᠳᠠᠵᠤ ᠵᠢᠭᠠᠨ ᠰᠤᠷᠭᠠᠬᠤ ᠠᠵᠢᠯ ᠢ ᠡᠭᠦᠷᠭᠡᠯᠡᠵᠦ ᠪᠠᠶᠢᠭ᠎ᠠ ᠪᠥᠭᠡᠳ ᠵᠢᠭᠠᠨ ᠰᠤᠷᠭᠠᠬᠤ ᠲᠥᠯᠥᠪᠯᠡᠭᠡᠨ ᠳᠠᠬᠢ | ᠨᠢᠭᠡ ᠲᠥᠷᠥᠯ ᠠᠴᠠ ᠳᠡᠭᠡᠭᠰᠢ ᠬᠢᠴᠢᠶᠡᠯ ᠢ ᠰᠢᠰᠲ᠋ᠧᠮ ᠲᠠᠢ ᠵᠢᠭᠠᠭᠰᠠᠨ ᠪᠠᠶᠢᠬᠤ ᠬᠡᠷᠡᠭᠲᠡᠢ ︵ᠪᠠᠭᠰᠢᠯᠠᠵᠤ ᠪᠠᠶᠢᠭ᠎ᠠ | ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠠᠴᠠ ᠬᠢᠵᠤ ᠥᠭᠭᠦᠭᠰᠡᠨ ᠬᠦᠴᠦᠨ ᠪᠦᠬᠦᠢ ᠭᠡᠷᠡᠴᠢ ᠵᠢᠴᠢ | ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠴᠢᠬᠤᠯᠠᠲᠠᠢ︶ ᠪᠦᠭᠡᠳ ᠡᠭᠦᠨ ᠤ ᠬᠠᠮᠲᠤ ᠡᠷᠬᠡᠪᠰᠢ ᠡᠮ | ᠡᠮᠨᠡᠯᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠣᠯᠣᠭᠰᠠᠨ ᠪᠠᠶᠢᠪᠠᠯ ᠰᠠᠶ᠋ᠢ ᠦᠨᠡᠮᠰᠢᠨ | ᠲᠣᠭᠲᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃ ᠨᠠᠶᠢᠳᠠᠯᠭ᠎ᠠ ᠬᠦᠯᠢᠶᠡᠭᠰᠡᠨ ᠦᠨᠡᠮᠰᠢᠨ ᠲᠣᠭᠲᠠᠭᠠᠬᠤ ᠡᠷᠬᠡ ᠲᠠᠢ | ᠶᠡᠭᠡ ᠳᠡᠭᠡᠳᠦ ᠰᠤᠷᠭᠠᠭᠤᠯᠢ ᠨᠤᠭᠤᠳ ᠵᠥᠪᠬᠡᠨ ᠠᠵᠢᠯᠲᠠᠨ ᠤ ᠶᠠᠪᠤᠳᠠᠯ ᠤᠨ ᠰᠢᠭᠤᠳ ᠬᠠᠷᠢᠶᠠᠯᠠᠭᠳᠠᠬᠤ ᠬᠠᠷᠢᠴᠠᠭ᠎ᠠ | ᠲᠠᠢ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠪᠠᠶᠢᠷᠢ ᠳᠡᠭᠡᠷ᠎ᠡ ᠪᠠᠶᠢᠭ᠎ᠠ ᠡᠮᠴᠢᠯᠡᠭᠡᠨ ᠤ ᠠᠵᠢᠯᠲᠠᠳ ᠤᠨ | ᠭᠤᠶᠤᠴᠢᠯᠠᠯ ᠢ ᠬᠦᠯᠢᠶᠡᠨ ᠠᠪᠴᠤ ᠭᠦᠢᠴᠡᠳᠬᠡᠨ᠎ᠡ᠃ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ | ᠠᠵᠢᠯᠲᠠᠳ ᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠯᠭᠠᠬᠤ ᠪᠠᠷ | ᠭᠤᠶᠤᠴᠢᠯᠠᠭᠰᠠᠨ ᠢ ᠰᠤᠷᠭᠠᠨ ᠬᠥᠮᠦᠵᠢᠯ ᠤᠨ ᠲᠢᠩᠬᠢᠮ ᠠᠴᠠ ᠭᠦᠢᠴᠡᠳᠬᠡᠨ᠎ᠡ᠃ | ︵ᠭᠤᠷᠪᠠ︶ ᠠᠷᠠᠳ ᠠᠴᠠ ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠳᠤ ᠬᠠᠷᠢᠶᠠᠯᠠᠭᠳᠠᠬᠤ ᠬᠥᠮᠦᠰ ᠤᠨ | ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠯᠭᠠᠬᠤ ᠠᠰᠠᠭᠤᠳᠠᠯ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠡᠳ ᠡᠷᠬᠢᠯᠡᠭᠰᠡᠨ ᠠᠷᠠᠳ ᠠᠴᠠ ᠡᠷᠬᠢᠯᠡᠭᠰᠡᠨ ᠶᠡᠭᠡ | ᠳᠡᠭᠡᠳᠦ ᠰᠤᠷᠭᠠᠭᠤᠯᠢ ᠳᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ | ᠬᠢᠵᠦ ᠪᠠᠶᠢᠭ᠎ᠠ ᠲᠤᠰᠬᠠᠶ ᠳᠤᠰᠢᠶᠠᠯᠲᠤ ᠪᠠᠭᠰᠢ ᠨᠠᠷ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ | ᠦᠨᠡᠮᠰᠢᠨ ᠲᠣᠭᠲᠠᠭᠠᠯᠭᠠᠬᠤ ᠪᠠᠷ ᠭᠤᠶᠤᠴᠢᠯᠠᠬᠤ ᠳᠤ᠂ ᠡᠷᠬᠡᠪᠰᠢ ᠬᠠᠤᠯᠢ ᠶᠣᠰᠣᠭᠠᠷ ᠭᠠᠷ ᠤᠨ ᠦᠰᠦᠭ | ᠵᠢᠷᠤᠭᠰᠠᠨ ᠭᠤᠷᠪᠠᠨ ᠵᠢᠯ ᠠᠴᠠ ᠳᠡᠭᠡᠭᠰᠢ ᠤᠷᠢᠨ ᠬᠡᠷᠡᠭᠯᠡᠬᠦ ᠭᠡᠷ᠎ᠡ ᠲᠠᠢ ᠪᠠᠶᠢᠬᠤ ᠬᠡᠷᠡᠭᠲᠡᠢ ᠪᠦᠭᠡᠳ ᠭᠤᠶᠤᠴᠢᠯᠠᠬᠤ | ᠦᠶ᠎ᠡ ᠳᠤ ᠭᠡᠷ᠎ᠡ ᠪᠠᠨ ᠬᠡᠷᠡᠭᠵᠢᠭᠦᠯᠦᠭᠡᠳ ᠨᠢᠭᠡ ᠵᠢᠯ ᠠᠴᠠ ᠳᠡᠭᠡᠭᠰᠢ ᠪᠣᠯᠣᠭᠰᠠᠨ ᠪᠠᠶᠢᠬᠤ ᠬᠡᠷᠡᠭᠲᠡᠢ᠃ | ︵ᠲᠦᠷᠪᠡ︶ ᠶᠡᠭᠡ ᠳᠡᠭᠡᠳᠦ ᠰᠤᠷᠭᠠᠭᠤᠯᠢ ᠯᠤᠭ᠎ᠠ ᠠᠵᠢᠯᠲᠠᠨ ᠤ ᠶᠠᠪᠤᠳᠠᠯ ᠤᠨ ᠰᠢᠭᠤᠳ ᠬᠠᠷᠢᠶᠠᠯᠠᠭᠳᠠᠬᠤ | ᠬᠠᠷᠢᠴᠠᠭ᠎ᠠ ᠦᠭᠡᠢ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠲᠠᠢ ᠪᠥᠭᠡᠳ ᠶᠡᠭᠡ ᠳᠡᠭᠡᠳᠦ | ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠭᠰᠡᠨ ᠪᠠᠶᠢᠭᠤᠯᠤᠮᠵᠢ ᠳᠤ ᠬᠠᠷᠢᠶᠠᠯᠠᠭᠳᠠᠬᠤ ᠪᠠᠭᠰᠢ ᠨᠠᠷ ᠶᠡᠭᠡ | ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠯᠭᠠᠬᠤ ᠪᠠᠷ ᠭᠤᠶᠤᠴᠢᠯᠠᠭᠰᠠᠨ ᠪᠣᠯ᠂ | ᠰᠤᠷᠭᠠᠨ ᠬᠥᠮᠦᠵᠢᠯ ᠤᠨ ᠲᠢᠩᠬᠢᠮ ᠠᠴᠠ ᠭᠦᠢᠴᠡᠳᠬᠡᠵᠦ ᠥᠭᠭᠦᠨ᠎ᠡ᠃ ᠶᠡᠭᠡ ᠳᠡᠭᠡᠳᠦ ᠰᠤᠷᠭᠠᠭᠤᠯᠢ ᠨᠢ ᠣᠷᠣᠯᠠᠨ | ᠭᠦᠢᠴᠡᠳᠬᠡᠵᠦ ᠪᠠᠶᠢᠬᠤ ᠶᠢ ᠣᠯᠵᠤ ᠮᠡᠳᠡᠪᠡᠯ᠂ ᠦᠨᠡᠮᠰᠢᠨ ᠲᠣᠭᠲᠠᠭᠠᠯᠭᠠᠬᠤ ᠬᠢᠷᠢ ᠬᠡᠮ ᠢ ᠨᠢ ᠴᠥᠮ ᠬᠦᠴᠦᠨ | ᠤᠢᠭᠡᠢ ᠪᠣᠯᠭᠠᠨ᠎ᠠ᠃ | ︵ᠲᠠᠪᠤ︶ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠣᠯ ᠲᠡᠭᠦᠰᠬᠦ ᠠᠴᠠ | ᠪᠠᠨ ᠡᠮᠦᠨᠡᠬᠢ ᠬᠠᠮᠤᠭ ᠰᠡᠭᠦᠯ ᠤᠨ ᠨᠢᠭᠡ ᠰᠤᠷᠤᠯᠭ᠎ᠠ ᠶᠢᠨ ᠬᠤᠭᠤᠴᠠᠭ᠎ᠠ ᠳᠤ ᠯᠡ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠣᠰᠣᠭᠠᠷ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠣᠨ᠎ᠠ᠃ |