2016 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠬᠡᠬᠤᠲᠠ ᠣᠶᠣᠲᠠᠳ ᠤᠨ ᠡᠯ᠎ᠡ | ᠵᠦᠢᠯ ᠤᠨ ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠪᠡ᠃ ᠣᠳᠣᠬᠠᠨ ᠪᠣᠯᠲᠠᠯ᠎ᠠ᠂ | ᠲᠦᠷᠪᠡᠨ ᠵᠦᠢᠯ ᠤᠨ ᠲᠤᠰᠠᠯᠠᠮᠵᠢ ᠶᠢᠨ ᠲᠦᠷᠦᠯ ᠵᠦᠢᠯ ᠢ ᠪᠦᠬᠦᠨ ᠢ ᠪᠡᠶᠡᠯᠡᠭᠦᠯᠵᠡᠢ᠃ ᠡᠭᠦᠨ ᠳᠤ᠂ ᠤᠯᠤᠰ ᠤᠨ | ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ | ᠢᠲᠡᠭᠡᠮᠵᠢᠲᠦ ᠵᠢᠭᠡᠯᠡᠯᠭᠡ ᠶᠢᠨ ᠲᠥᠷᠥᠯ ᠵᠦᠢᠯ ᠨᠢ ᠭᠡᠷ ᠤᠨ ᠠᠮᠢᠳᠤᠷᠠᠯ ᠨᠢ ᠬᠦᠴᠢᠷᠲᠡᠯᠳᠡᠢ 10661 ᠨᠡᠷᠡᠰ | ᠰᠢᠨ᠎ᠡ ᠣᠶᠣᠲᠠᠳ ᠵᠢᠴᠢ ᠰᠤᠷᠭᠠᠭᠤᠯᠢ ᠳᠤ ᠪᠠᠶᠢᠭ᠎ᠠ ᠰᠣᠷᠤᠭᠴᠢᠳ ᠲᠤ6860.2 ᠲᠦᠮᠡᠨ ᠲᠥᠭᠦᠷᠢᠭ ᠤᠨ | ᠰᠤᠷᠤᠯᠭ᠎ᠠ ᠶᠢ ᠲᠡᠳᠬᠦᠬᠦ ᠢᠲᠡᠭᠡᠮᠵᠢᠲᠦ ᠵᠢᠭᠡᠯᠡᠯᠭᠡ ᠲᠠᠯᠪᠢᠵᠠᠢ︔ ᠭᠡᠷ ᠤᠨ ᠠᠮᠢᠳᠤᠷᠠᠯ ᠨᠢ ᠬᠦᠴᠢᠷᠲᠡᠯᠳᠡᠢ | ᠰᠤᠷᠤᠭᠴᠢᠳ ᠠᠴᠠ ᠡᠩ ᠤᠨ ᠶᠡᠭᠡ ᠳᠡᠭᠡᠳᠦ ᠰᠤᠷᠭᠠᠭᠤᠯᠢ ᠳᠤ ᠣᠷᠣᠭᠰᠠᠨ ᠰᠢᠨ᠎ᠡ ᠣᠶᠣᠲᠠᠳ ᠢ ᠲᠤᠰᠠᠯᠠᠬᠤ | ᠲᠦᠷᠦᠯ ᠵᠦᠢᠯ ᠳᠤ ᠨᠡᠶᠢᠲᠡ 1106 ᠬᠥᠮᠥᠨ ᠲᠤᠰᠠᠯᠠᠬᠤ ᠨᠥᠬᠦᠴᠡᠯ ᠳᠤ ᠨᠡᠶᠢᠴᠡᠵᠦ᠂ ᠡᠭᠦᠨ ᠳᠤ 24 | ᠥᠨᠥᠴᠢᠨ ᠬᠡᠦᠬᠡᠳ ᠪᠠᠶᠢᠵᠤ᠂ ᠲᠤᠰᠠᠯᠠᠮᠵᠢ ᠶᠢᠨ ᠮᠥᠩᠭᠦ ᠨᠢ ᠨᠡᠶᠢᠲᠡ 3824 ᠲᠦᠮᠡᠨ ᠲᠥᠭᠦᠷᠢᠭ ᠲᠤ ᠬᠦᠷᠴᠦ᠂ | ᠨᠢᠭᠡᠳᠦᠭᠡᠷ ᠪᠦᠯᠦᠭ ᠲᠤ 1844 ᠲᠦᠮᠡᠨ ᠲᠦᠬᠦᠷᠢᠭ ᠢ ᠨᠢᠭᠡᠨᠲᠡ ᠣᠯᠭᠤᠵᠤ᠂ ᠦᠯᠡᠳᠡᠭᠰᠡᠨ ᠪᠡᠯᠡ ᠮᠥᠩᠭᠦ ᠶᠢ | ᠳᠣᠷᠣᠭᠰᠢ ᠪᠠᠭᠤᠯᠭᠠᠭᠰᠠᠨ ᠤ ᠲᠠᠷᠠᠭ᠎ᠠ ᠬᠤᠶᠠᠳᠤᠭᠠᠷ ᠪᠦᠯᠦᠭ ᠲᠤ ᠣᠯᠭᠤᠨ᠎ᠠ︔ ᠲᠤᠰ ᠬᠤᠲᠠ ᠶᠢᠨ ᠭᠡᠷ ᠤᠨ | ᠠᠮᠢᠳᠤᠷᠠᠯ ᠨᠢ ᠬᠦᠴᠢᠷᠳᠡᠯᠲᠡᠶ ᠣᠶᠣᠲᠠᠳ ᠤᠨ ᠵᠠᠰᠠᠭ ᠤᠨ ᠣᠷᠳᠣᠨ ᠠᠴᠠ ᠲᠤᠰᠠᠯᠠᠬᠤ ᠲᠦᠷᠦᠯ ᠵᠦᠢᠯ ᠳᠤ | ᠨᠡᠶᠢᠲᠡ 770 ᠬᠥᠮᠥᠨ ᠲᠤᠰᠠᠯᠠᠬᠤ ᠨᠥᠬᠦᠴᠡᠯ ᠳᠤ ᠨᠡᠶᠢᠴᠡᠵᠦ ᠪᠤᠢ᠂ ᠡᠭᠦᠨ ᠳᠤ᠂ 2016 ᠣᠨ ᠳᠤ ᠰᠢᠨ᠎ᠡ | ᠪᠠᠷ ᠲᠤᠰᠠᠯᠠᠮᠵᠢ ᠭᠤᠶᠤᠴᠢᠯᠠᠭᠰᠠᠨ ᠰᠤᠷᠤᠭᠴᠢ 281᠂ ᠦᠷᠭᠦᠯᠵᠢᠯᠡᠨ ᠲᠤᠰᠠᠯᠠᠮᠵᠢ ᠬᠦᠷᠲᠡᠬᠦ ᠰᠤᠷᠤᠭᠴᠢ 489 | ᠪᠠᠶᠢᠵᠤ᠂ ᠲᠤᠰᠠᠯᠠᠮᠵᠢ ᠶᠢᠨ ᠮᠥᠩᠭᠦ ᠨᠢ 462 ᠲᠦᠮᠡᠨ ᠲᠥᠭᠦᠷᠢᠭ ᠲᠤ ᠬᠦᠷᠴᠦ᠂ ᠡᠯ᠎ᠡ ᠬᠤᠰᠢᠭᠤ ᠰᠢᠶᠠᠨ | ᠲᠣᠭᠤᠷᠢᠭ ᠴᠥᠮ ᠪᠠᠩᠬᠢ ᠶᠢᠨ ᠺᠠᠷᠲ ᠢᠶᠠᠷ ᠳᠠᠮᠵᠢᠭᠤᠯᠤᠨ ᠪᠡᠯᠡ ᠮᠥᠩᠭᠦ ᠣᠯᠭᠤᠵᠤ ᠪᠠᠶᠢᠨ᠎ᠠ︔ ᠰᠢᠨ᠎ᠡ | ᠣᠶᠤᠲᠠᠨ ᠤ ᠰᠤᠷᠭᠠᠭᠤᠯᠢ ᠳᠤ ᠣᠷᠣᠬᠤ ︵ᠵᠠᠮ ᠤᠨ ᠵᠠᠷᠤᠳᠠᠯ︶ ᠶᠢ ᠲᠤᠰᠠᠯᠠᠬᠤ ᠲᠦᠷᠦᠯ ᠵᠦᠢᠯ ᠠᠴᠠ 12 | ᠲᠦᠮᠡᠨ ᠲᠥᠭᠦᠷᠢᠭ ᠢ ᠨᠢᠭᠡᠨᠲᠡ ᠬᠥᠬᠡᠬᠤᠲᠠ ᠶᠢᠨ ᠴᠢᠩ ᠱᠦᠢ ᠾᠧ ᠰᠢᠶᠠᠨ ᠪᠣᠯᠤᠨ ᠦᠴᠦᠸᠠᠨ ᠰᠢᠶᠠᠨ ᠳᠤ | ᠪᠠᠭᠤᠯᠭᠠᠪᠠ᠃ | | |