︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠢ ᠬᠦᠴᠦᠯᠡᠨ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2016/11/11


     ᠰᠤᠷᠪᠤᠯᠵᠢᠯᠠᠭᠰᠠᠨ ᠴᠠᠭ᠄
     2016 ᠣᠨ ᠤ 10 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨᠠᠬᠢ 4 ᠴᠠᠭ
     ᠰᠤᠷᠪᠤᠯᠵᠢᠯᠠᠭᠰᠠᠨ ᠵᠣᠴᠢᠨ᠄
     ᠥᠪᠡᠷᠲᠡᠭᠡᠨ ᠵᠠᠰᠠᠬᠤ ᠤᠷᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ   ᠸᠠᠩ ᠶᠢᠨ ᠪᠣᠥ
     ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄
     ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠢ ᠬᠦᠴᠦᠯᠡᠨ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠦᠯ︾ ᠳᠤ ᠨᠠᠷᠢᠨ ᠲᠠᠶᠢᠯᠤᠮᠵᠢ ᠬᠢᠨ᠎ᠡ

     ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
 
     ᠬᠥᠲᠥᠯᠥᠭᠴᠢ᠄
     ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠨ ᠶᠠᠷᠢᠯᠴᠠᠬᠤ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠭᠢᠯᠡᠭᠴᠢ ᠸᠠᠩ ᠶᠢᠨ ᠪᠤᠣ ᠶᠢ ᠤᠷᠢᠵᠤ᠂ ᠮᠠᠨ ᠤ ᠤᠷᠤᠨ ᠤ ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠢ ᠬᠦᠴᠦᠯᠡᠨ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠦᠯ︾ ᠤᠨ ᠲᠤᠬᠠᠢ ᠣᠯᠠᠨ ᠳᠤ ᠨᠠᠷᠢᠨ ᠲᠠᠶᠢᠯᠤᠮᠵᠢ ᠬᠢᠯᠭᠡᠬᠦ ᠪᠠᠷ ᠪᠠᠶᠢᠨ᠎ᠠ᠃ ᠸᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ︕
     ᠸᠠᠩ ᠶᠢᠨ ᠪᠣᠥ᠄
     ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕
     ᠬᠥᠲᠥᠯᠥᠭᠴᠢ᠄
     ᠸᠠᠩ ᠡᠷᠬᠢᠯᠡᠭᠴᠢ ᠡ᠂ ᠶᠠᠭᠤᠨ ᠤ ᠤᠴᠢᠷ ᠥᠪᠡᠷᠲᠡᠭᠡᠨ ᠵᠠᠰᠠᠬᠤ ᠣᠷᠣᠨ ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠢ ᠬᠦᠴᠦᠯᠡᠨ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ ᠳᠠᠷᠤᠮᠠᠯᠯᠠᠨ ᠲᠠᠷᠬᠠᠭᠠᠭᠰᠠᠨ ᠪᠣᠢ︖
     ᠸᠠᠩ ᠶᠢᠨ ᠪᠣᠥ᠄
     ᠵᠠ ᠲᠡᠭᠡᠶ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ ᠥᠪᠡᠷ ᠤᠨ ᠦᠷᠳᠡᠭ ᠢ ᠬᠦᠴᠦᠯᠡᠨ ᠪᠠᠭᠤᠷᠠᠭᠤᠯᠵᠦ᠂ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠦᠨ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠬᠦ ᠬᠠᠳᠠᠭᠠᠯᠠᠮᠵᠢ ᠶᠢ ᠦᠭᠡᠶᠢᠰᠬᠡᠬᠦ ᠬᠦᠰᠢᠬᠦᠷᠭᠡ ᠶᠢ ᠦᠭᠡᠶᠢᠰᠬᠡᠬᠦ ᠥᠪᠡᠷ ᠤᠨ ᠥᠷᠲᠡᠭ ᠢ ᠪᠠᠭᠤᠷᠠᠭᠤᠯᠬᠤ ᠳᠤᠲᠠᠭᠤᠳᠠᠯ ᠢ ᠨᠥᠬᠦᠪᠥᠷᠢᠯᠡᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠬᠤ ﹇2016﹈ 4 ᠳ᠋ᠦ᠋ᠭᠡᠷ ᠲᠣᠭᠠᠲᠤ︶ ᠤᠨ ᠶᠡᠷᠦᠩᠬᠡᠶ ᠪᠠᠶᠢᠷᠢᠯᠠᠭᠤᠯᠤᠯᠲᠠ ᠶᠣᠰᠤᠭᠠᠷ᠂ ᠲᠤᠰ ︽ᠲᠥᠰᠦᠯ︾ ᠢ ᠣᠨᠴᠠᠭᠠᠶᠢᠯᠠᠨ ᠲᠣᠭᠲᠠᠭᠠᠪᠠ᠃      ᠬᠥᠲᠥᠯᠥᠭᠴᠢ᠄
     ᠲᠤᠰ ︽ᠲᠥᠰᠦᠯ︾ ᠳᠤ ᠶᠠᠮᠠᠷ ᠶᠠᠮᠠᠷ ᠪᠣᠳᠠᠲᠠᠢ ᠠᠭᠤᠯᠭ᠎ᠠ ᠪᠠᠶᠢᠬᠤ ᠪᠤᠢ︖ ᠶᠠᠮᠠᠷ ᠶᠠᠮᠠᠷ ᠬᠠᠷᠢᠭᠤᠴᠠᠯᠭᠠᠲᠤ ᠨᠢᠭᠡᠴᠡ ᠳᠤ ᠬᠤᠯᠪᠤᠭᠳᠠᠬᠤ ᠪᠣᠢ︖
     ᠸᠠᠩ ᠶᠢᠨ ᠪᠣᠥ᠄
     ᠲᠤᠰ ︽ᠲᠥᠰᠦᠯ︾ ᠨᠢ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠤᠨ ᠥᠪᠡᠷ ᠤᠨ ᠦᠷᠳᠡᠭ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ᠂ ᠳᠦᠷᠢᠮ ᠤᠨ ᠴᠢᠨᠠᠷᠲᠠᠶ ᠠᠷᠠᠯᠵᠢᠶ᠎ᠠ ᠰᠣᠯᠢᠯᠴᠠᠭᠠᠨ ᠤ ᠥᠪᠡᠷ ᠤᠨ ᠦᠷᠳᠡᠭ᠂ ᠠᠵᠢᠯᠴᠢᠨ ᠬᠡᠷᠡᠭᠯᠡᠬᠦ ᠥᠪᠡᠷ ᠤᠨ ᠥᠷᠲᠡᠭ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠳᠡᠭ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ ᠥᠪᠡᠷ ᠤᠨ ᠦᠷᠳᠡᠭ᠂ ᠠᠵᠤ ᠠᠬᠤᠶᠢᠯᠠᠯ ᠤᠨ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠪᠡᠯᠡ ᠮᠦᠩᠭᠦᠨ ᠤ ᠡᠷᠭᠢᠯᠲᠡ ᠶᠢ ᠲᠦᠷᠭᠡᠳᠬᠡᠨ᠂ ᠠᠵᠤ ᠠᠬᠤᠶᠢᠯᠠᠯ ᠤᠨ ᠳᠣᠲᠣᠭᠠᠳᠤ ᠶᠢᠨ ᠲᠠᠯᠳᠠ ᠬᠦᠴᠦᠨ ᠢᠶᠠᠨ ᠪᠠᠳᠠᠷᠠᠭᠤᠯᠬᠤ ᠶᠢ ᠵᠣᠷᠢᠭᠵᠢᠭᠤᠯᠬᠤ ᠵᠡᠷᠭᠡ 10 ᠲᠠᠯ᠎ᠠ ᠪᠠᠷ 49 ᠵᠦᠢᠯ ᠤᠨ ᠠᠷᠭ᠎ᠠ ᠬᠡᠮᠵᠢᠶ᠎ᠡ ᠳᠤᠷᠠᠳᠴᠤ᠂ ᠠᠭᠤᠯᠭ᠎ᠠ ᠨᠢ ᠲᠦᠢᠯ ᠤᠨ ᠪᠠᠶᠠᠯᠢᠭ᠂ ᠬᠠᠮᠤᠷᠬᠤ ᠬᠡᠪᠴᠢᠶ᠎ᠡ ᠨᠢ ᠮᠠᠰᠢ ᠥᠷᠭᠡᠨ ᠳᠡᠯᠭᠡᠷ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠬᠤ ᠲᠠᠯ᠎ᠠ ᠪᠠᠷ ︽ᠤᠭᠰᠠᠷᠠᠭ᠎ᠠ ᠨᠢᠳᠤᠷᠭ᠎ᠠ︾ ᠬᠡᠷᠡᠭᠯᠡᠭᠰᠡᠨ ᠪᠠᠶᠢᠨ᠎ᠠ᠃ ᠪᠦᠬᠦᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠠᠵᠤ ᠠᠬᠤᠶ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠮᠥᠩᠭᠦᠨ ᠭᠦᠢᠯᠭᠡᠭᠡᠨ ᠤ ᠠᠯᠪᠠᠨ ᠭᠡᠷ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠤᠷᠤᠨ ᠲᠤᠭ᠎ᠠ ᠶᠢᠨ ᠠᠯᠪᠠᠨ ᠭᠡᠷ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ᠂ ᠠᠷᠠᠳ ᠤᠨ ᠶᠠᠪᠤᠳᠠᠯ ᠤᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠲᠢᠩᠬᠢᠮ᠂ ᠵᠠᠮ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠬᠡᠬᠤᠲᠠ ᠪᠣᠭᠤᠮᠲᠠ᠂ ᠬᠥᠬᠡᠬᠤᠲᠠ ᠳᠡᠮᠦᠷ ᠵᠠᠮ ᠤᠨ ᠲᠣᠪᠴᠢᠶ᠎ᠠ ᠵᠡᠷᠭᠡ 27 ᠬᠠᠷᠢᠭᠤᠴᠠᠯᠭᠠᠲᠤ ᠨᠢᠭᠡᠴᠡ ᠵᠢᠴᠢ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠬᠤᠯᠪᠤᠭᠳᠠᠨ᠎ᠠ᠃      ᠬᠥᠲᠥᠯᠥᠭᠴᠢ᠄
     ᠲᠡᠭᠡᠪᠡᠯ ᠸᠠᠩ ᠡᠷᠬᠢᠯᠡᠭᠴᠢ ᠡ᠂ ᠡᠨᠡ 49 ᠵᠦᠢᠯ ᠤᠨ ᠠᠷᠭ᠎ᠠ ᠬᠡᠮᠵᠢᠶ᠎ᠡ ᠨᠢ ᠶᠠᠮᠠᠷ ᠶᠠᠮᠠᠷ ᠪᠤᠲᠠᠲᠤ ᠠᠭᠤᠯᠭ᠎ᠠ ᠲᠠᠢ ᠪᠤᠢ︖
     ᠸᠠᠩ ᠶᠢᠨ ᠪᠣᠣ᠄
     ᠵᠤᠷᠪᠤᠰ ᠨᠢᠭᠡᠪᠦᠷᠢ ᠨᠢ ᠴᠥᠮ ᠪᠤᠲᠠᠲᠤ ᠠᠭᠤᠯᠭ᠎ᠠ ᠲᠠᠢ ᠭᠡᠵᠦ ᠬᠡᠯᠡᠵᠦ ᠪᠤᠯᠤᠨ᠎ᠠ᠃ ᠵᠢᠱᠢᠶᠡᠯᠡᠪᠡᠯ᠂ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠤᠨ ᠥᠪᠡᠷ ᠤᠨ ᠦᠷᠲᠡᠭ ᠢ ᠪᠠᠭᠤᠷᠠᠭᠤᠯᠬᠤ ᠲᠠᠯ᠎ᠠ ᠪᠠᠷ ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ︾ ᠲᠤᠷᠰᠢᠯᠲᠠ ᠶᠢᠨ ᠴᠢᠭ᠋ ᠤᠨ ᠬᠦᠷᠢᠶ᠎ᠡ ᠬᠡᠪᠴᠢᠶ᠎ᠡ ᠶᠢ ᠪᠠᠷᠢᠯᠭ᠎ᠠ ᠶᠢᠨ ᠦᠢᠯᠡᠰ᠂ ᠭᠡᠷ ᠭᠠᠵᠠᠷ ᠬᠦᠷᠦᠩᠭᠡ ᠶᠢᠨ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠬᠦᠷᠲᠡᠯ᠎ᠡ ᠦᠷᠭᠡᠳᠬᠡᠨ᠎ᠡ᠃ ᠪᠤᠢ ᠪᠦᠬᠦᠢ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠦᠯᠦ ᠬᠦᠳᠡᠯᠬᠦ ᠬᠦᠷᠦᠩᠭᠡ ᠳᠤ ᠠᠭᠤᠯᠤᠭᠳᠠᠵᠤ ᠪᠦᠬᠦᠢ ᠠᠭᠤᠯᠤᠭᠰᠠᠨ ᠦᠷᠳᠡᠭ ᠨᠡᠮᠡᠭᠳᠡᠯ ᠤᠨ ᠭᠠᠶᠢᠯᠢ ᠶᠢ ᠲᠤᠯᠭᠠᠨ ᠬᠠᠰᠤᠬᠤ ᠬᠡᠪᠴᠢᠶᠡᠨ ᠳᠤ ᠣᠷᠣᠭᠤᠯᠵᠤ᠂ ᠪᠤᠢ ᠪᠦᠬᠦᠢ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ ᠶᠢ ᠦᠡᠨᠡ ᠬᠦ ᠪᠠᠲᠤᠯᠠᠨ᠎ᠠ︔ ᠦᠨᠡᠮᠰᠢᠨ ᠲᠣᠭᠲᠠᠭᠠᠭᠰᠠᠨ ᠤᠯᠤᠰ ᠤᠨ ᠭᠤᠣᠯᠳᠠᠯᠭ᠎ᠠ ᠲᠠᠢ ᠲᠡᠳᠬᠦᠵᠦ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ‌‍ᠳᠥ 15% ᠪᠠᠷ ᠬᠠᠰᠤᠬᠤ ᠭᠠᠶᠢᠯᠢ ᠶᠢᠨ ᠨᠤᠷᠮ᠎ᠠ ᠪᠠᠷ ᠠᠵᠤ ᠠᠬᠤᠶᠢᠯᠠᠯ ᠠᠴᠠ ᠣᠯᠵᠠᠪᠤᠷᠢ ᠶᠢᠨ ᠭᠠᠶᠢᠯᠢ ᠲᠠᠲᠠᠪᠤᠷᠢᠯᠠᠨ᠎ᠠ︔ ᠰᠢᠨ᠎ᠡ ᠪᠡᠯᠡ ᠣᠷᠣᠭᠤᠯᠵᠤ ᠪᠦᠳᠦᠭᠡᠨ ᠪᠠᠶᠢᠭᠤᠯᠤᠭᠰᠠᠨ ᠪᠥᠭᠡᠳ ᠨᠥᠬᠦᠴᠡᠯ ᠳᠤ ᠨᠡᠶᠢᠴᠡᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠠᠩᠬᠠᠳᠠᠭᠴᠢ ᠦᠢᠯᠡᠳᠪᠦᠷᠢᠯᠡᠵᠦ ᠡᠵᠡᠩᠨᠡᠭᠡᠳ ᠣᠯᠤᠭᠰᠠᠨ ᠣᠷᠣᠯᠭ᠎ᠠ ᠠᠴᠠ ᠡᠬᠢᠯᠡᠨ ᠭᠤᠷᠪᠠᠨ ᠵᠢᠯ ᠤᠨ ᠳᠣᠲᠣᠷ᠎ᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠬᠥᠷᠳᠡᠬᠦ ᠬᠡᠰᠡᠭ ᠢ ᠬᠡᠯᠲᠦᠷᠢᠭᠦᠯᠬᠦ ᠵᠡᠷᠭᠡ ᠪᠤᠯᠤᠨ᠎ᠠ᠃
     ᠡᠭᠦᠨ ᠤ ᠬᠠᠮᠲᠤ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠶᠢ ᠪᠠᠭᠠᠰᠬᠠᠬᠤ ᠲᠠᠯ᠎ᠠ ᠪᠠᠷ ᠪᠠᠰᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠣᠳᠣᠷᠬᠠᠶ ᠭᠠᠷᠴᠠᠭ ᠤᠨ ᠨᠠᠷᠢᠨ ᠳᠠᠩᠰᠠ ᠶᠢᠨ ᠬᠠᠮᠢᠶᠠᠷᠤᠯᠲᠠ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠭᠦ ᠶᠢ ᠬᠠᠰᠤᠵᠤ ᠬᠡᠯᠲᠦᠷᠢᠭᠦᠯᠵᠦ ᠪᠠᠭᠤᠷᠠᠭᠤᠯᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠠᠭᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢ ᠳᠤᠷᠠᠳᠤᠭᠰᠠᠨ ᠪᠠᠶᠢᠨ᠎ᠠ᠂ ᠲᠡᠷᠡᠴᠢᠯᠡᠨ ᠪᠤᠰᠤᠳ ᠲᠠᠯ᠎ᠠ ᠪᠠᠷ ᠪᠠᠰᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠵᠠᠰᠠᠭ ᠪᠠᠩᠬᠢ ᠶᠢᠨ ᠬᠠᠮᠲᠤᠷᠠᠨ ᠠᠵᠢᠯᠯᠠᠬᠤ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠳᠦᠬᠦᠮᠴᠢᠯᠡᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠤᠷᠮ᠎ᠠ ᠶᠢ ᠱᠠᠳᠤᠴᠢ ᠴᠢᠨᠠᠷᠲᠠᠶ ᠪᠠᠷ ᠪᠠᠭᠤᠷᠠᠭᠤᠯᠬᠤ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ ᠨᠡᠮᠡᠭᠳᠡᠯ ᠤᠨ ᠬᠡᠮᠵᠢᠶ᠎ᠡ ᠶᠢ ᠵᠣᠬᠢᠰᠲᠠᠶ ᠲᠤᠬᠢᠷᠠᠭᠤᠯᠬᠤ᠂ ᠴᠠᠬᠢᠯᠭᠠᠨ ᠬᠦᠴᠦᠨ ᠢ ᠤᠯᠠᠨ ᠲᠠᠯ᠎ᠠ ᠪᠠᠷ ᠠᠷᠠᠯᠵᠢᠶᠠᠯᠠᠬᠤ ᠪᠠ ᠲᠤᠮᠤ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠩᠭᠠᠬᠤ ᠶᠢ ᠦᠷᠭᠦᠯᠵᠢᠯᠡᠨ ᠲᠦᠯᠬᠢᠨ ᠠᠬᠢᠭᠤᠯᠬᠤ᠂ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠥᠪᠡᠷ ᠤᠨ ᠦᠷᠲᠡᠭ ᠢ ᠪᠠᠭᠤᠷᠠᠭᠤᠯᠬᠤ᠂ ᠭᠤᠣᠯᠳᠠᠯᠭ᠎ᠠ ᠲᠠᠢ ᠠᠵᠤ ᠦᠢᠯᠡᠰ ᠲᠤ ᠭᠠᠵᠠᠷ ᠬᠡᠷᠡᠭᠯᠡᠬᠦ ᠳᠤᠨᠢ ᠳᠡᠮᠵᠢᠯᠭᠡ ᠦᠵᠡᠭᠦᠯᠬᠦ ᠡᠷᠴᠢᠮ ᠢ ᠴᠢᠩᠭᠠᠯᠠᠬᠤ᠂ ᠲᠡᠮᠦᠷ ᠵᠠᠮ ᠤᠨ ᠲᠡᠭᠡᠭᠡᠪᠦᠷᠢ ᠶᠢᠨ ᠦᠨ᠎ᠡ ᠶᠢ ᠵᠢᠷᠤᠮᠵᠢᠭᠤᠯᠬᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠰᠦᠢᠳᠬᠡᠯ ᠬᠤᠷᠢᠶᠠᠬᠤ ᠵᠡᠷᠭᠡ ᠶᠢ ᠬᠠᠰᠤᠵᠤ ᠬᠡᠯᠲᠦᠷᠢᠭᠦᠯᠬᠦ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠲᠦᠯᠬᠢᠨ ᠠᠬᠢᠭᠤᠯᠬᠤ᠂ ᠬᠤᠷᠢᠶᠠᠬᠤ ᠶᠣᠰᠣᠲᠠᠶ ᠠᠪᠴᠠᠭ᠎ᠠ ᠶᠢᠨ ᠳᠠᠩᠰᠠᠨ ᠵᠤᠭᠤᠰ ᠤᠨ ᠬᠠᠮᠢᠶᠠᠷᠤᠯᠲᠠ ᠶᠢ ᠴᠢᠩᠭᠠᠳᠬᠠᠬᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠦ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠪᠠ ᠦᠷ᠎ᠡ ᠠᠰᠢᠭ ᠤᠯᠬᠤ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠬᠤ ᠵᠢᠴᠢ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ᠂ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠦᠨ ᠵᠤᠷᠢᠭᠵᠢᠭᠤᠯᠬᠤ ᠪᠠ ᠳᠡᠮᠵᠢᠬᠦ ᠵᠡᠷᠭᠡ ᠶᠢ ᠳᠤᠷᠠᠳᠪᠠ᠃
     ᠬᠥᠲᠥᠯᠥᠭᠴᠢ᠄
     ᠲᠤᠰ ︽ᠲᠥᠰᠦᠯ︾ ᠤᠨ ᠢᠯᠡ ᠲᠣᠳᠣ ᠣᠨᠴᠠᠯᠢᠭ ᠨᠢ ᠶᠠᠭᠤ ᠪᠤᠢ︖ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ ᠵᠢᠯ ᠳᠤ ᠪᠠᠷᠤᠭ ᠬᠡᠳᠦᠶ ᠬᠥᠩᠭᠡᠯᠡᠬᠦ ᠪᠠᠷ ᠵᠢᠱᠢᠵᠦ ᠪᠠᠶᠢᠬᠤ ᠪᠤᠢ︖
     ᠸᠠᠩ ᠶᠢᠨ ᠪᠣᠣ᠄
     ᠲᠤᠰ ︽ᠲᠥᠰᠦᠯ︾ ᠨᠢ ᠭᠤᠷᠪᠠᠨ ᠢᠯᠡ ᠲᠣᠳᠣᠷᠬᠠᠶ ᠣᠨᠴᠠᠯᠢᠭ ᠲᠠᠢ᠂ ᠨᠢᠭᠡ ᠳᠤ ᠲᠦᠭᠡᠮᠡᠯ ᠬᠦᠷᠲᠡᠬᠡᠮᠵᠢᠲᠤ ᠴᠢᠨᠠᠷ ᠲᠠᠢ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠᠷ ᠪᠦᠬᠦᠨ ᠢ ᠬᠠᠮᠤᠷᠴᠤ᠂ ᠥᠷᠭᠡᠨ ᠤᠯᠠᠨ ᠠᠵᠤ ᠠᠬᠤᠶᠢᠯᠠᠯ ᠤᠳ ᠴᠦᠮ ᠠᠰᠢᠭ ᠬᠦᠷᠲᠡᠬᠦ ᠶᠢ ᠦᠨᠡᠨ ᠬᠦ ᠪᠠᠲᠤᠯᠠᠨ᠎ᠠ︔ ᠬᠤᠶᠠᠷ ᠲᠤ ᠵᠢᠩᠬᠢᠨᠢ ᠦᠨ᠎ᠡ ᠴᠡᠨ᠎ᠡ ᠲᠠᠢ᠂ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠣᠲᠣᠷ᠎ᠠ᠂ ᠠᠵᠤ ᠠᠬᠤᠶᠢᠯᠠᠯ ᠳᠤ ᠬᠠᠮᠤᠭ ᠤᠨ ᠶᠡᠭᠡ ᠲᠦᠷᠦ ᠶᠢᠨ ᠪᠤᠳᠦᠯᠭ᠎ᠠ ᠶᠢᠨ ᠬᠠᠷᠠᠭᠠᠯᠵᠠᠯ ᠦᠵᠡᠭᠦᠯᠦᠨ᠎ᠡ︔ ᠭᠤᠷᠪᠠ ᠳᠤ ᠦᠷᠭᠦᠯᠵᠢᠯᠡᠬᠦ ᠴᠢᠨᠠᠷ ᠲᠠᠢ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠥᠪ ᠤᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠬᠥᠳᠡᠯᠦᠩᠭᠦᠶ ᠪᠠᠷ ᠲᠣᠬᠢᠷᠠᠭᠤᠯᠤᠨ ᠪᠦᠷᠢᠨᠰᠢᠭᠦᠯᠵᠦ᠂ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠵᠤ᠂ ᠤᠷᠲᠤ ᠬᠤᠭᠤᠴᠠᠭᠠᠨ ᠤ ᠬᠦᠴᠦᠨ ᠪᠦᠬᠦᠢ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ︽ᠲᠥᠰᠦᠯ︾ ᠢ ᠨᠡᠶᠢᠲᠡᠯᠡᠭᠰᠡᠨ ᠵᠤᠷᠢᠯᠭ᠎ᠠ ᠪᠤᠯ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠠᠯᠢ ᠴᠢᠳᠠᠬᠤᠶᠢᠴᠠ ᠲᠦᠷᠭᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠲᠡᠭᠡᠭᠡᠷ᠎ᠡ ᠳᠠᠷᠤᠭᠠᠰᠤ ᠦᠭᠡᠢ ᠪᠤᠯᠭᠠᠵᠤ᠂ ᠨᠡᠩ ᠤᠯᠠᠨ ᠵᠠᠬ᠎ᠠ ᠳᠡᠯᠭᠡᠭᠦᠷ ᠢ ᠵᠠᠪᠳᠤᠨ ᠡᠵᠡᠯᠡᠭᠦᠯᠵᠦ᠂ ᠦᠢᠯᠡᠳᠪᠦᠷᠢᠯᠡᠯ ᠢ ᠴᠢᠷᠮᠠᠶᠢᠨ ᠬᠥᠭᠵᠢᠭᠦᠯᠬᠦ ᠶᠠᠪᠤᠳᠠᠯ ᠪᠤᠯᠤᠨ᠎ᠠ᠃ ᠵᠢᠱᠢᠵᠦ ᠪᠣᠳᠣᠭᠰᠠᠨ ᠢᠶᠠᠷ᠂ ᠭᠠᠶᠢᠯᠢ ᠶᠢᠨ ᠡᠭᠦᠷᠭᠡᠯᠡᠯ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠬᠤ᠂ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠪᠠ ᠪᠠᠭᠤᠷᠠᠭᠤᠯᠬᠤ ᠵᠢᠴᠢ ᠠᠵᠤ ᠠᠬᠤᠶᠢᠯᠠᠯ ᠤᠨ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠪᠠᠭᠤᠷᠠᠭᠤᠯᠬᠤ ᠵᠡᠷᠭᠡ ᠲᠦᠷᠪᠡᠨ ᠲᠠᠯ᠎ᠠ ᠪᠠᠷ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠵᠢᠱᠢᠯᠲᠡ ᠪᠠᠷ ᠠᠵᠤ ᠠᠬᠤᠶᠢᠯᠠᠯ ᠤᠨ ᠳᠠᠷᠤᠭᠠᠰᠤ ᠶᠢ ᠵᠢᠯ ᠳᠤ ᠪᠠᠷᠤᠭ 200 ᠢᠯᠡᠭᠦᠦ ᠳ᠋ᠦᠩᠰᠢᠭᠤᠷ ᠲᠥᠭᠦᠷᠢᠭ ᠬᠦᠩᠭᠡᠯᠡᠬᠦ ᠪᠣᠯᠤᠨ᠎ᠠ᠃
     ᠬᠥᠲᠥᠯᠥᠭᠴᠢ᠄
     ᠸᠠᠩ ᠡᠷᠬᠢᠯᠡᠭᠴᠢ ᠶᠢᠨ ᠲᠠᠶᠢᠯᠪᠤᠷᠢ ᠬᠢᠭᠰᠡᠨ ᠳᠤ ᠲᠤᠩ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠤᠷᠤᠯᠴᠠᠭᠰᠠᠨ ᠳᠤ ᠴᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠳᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ᠃



     ᠸᠠᠩ ᠶᠢᠨ ᠪᠣᠣ ᠳᠡᠳ᠋ ᠡᠷᠬᠢᠯᠡᠭᠴᠢ ᠦᠨ᠎ᠡ ᠬᠠᠩᠰᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ ᠪᠠᠶᠢᠭ᠎ᠠ ᠨᠢ


     ᠸᠠᠩ ᠶᠢᠨ ᠪᠣᠣ ᠳᠡᠳ᠋ ᠡᠷᠬᠢᠯᠡᠭᠴᠢ ᠦᠨ᠎ᠡ ᠬᠠᠩᠰᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ ᠪᠠᠶᠢᠭ᠎ᠠ ᠨᠢ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ