ᠥᠪᠥᠷ ᠮᠣᠩᠭᠤᠯ ᠤᠨ 45 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠭᠤᠣᠯ ᠰᠡᠳᠦᠪᠲᠦ ᠳᠡᠯᠭᠡᠨ ᠦᠵᠡᠭᠦᠯᠦᠯᠭᠡ ᠳᠤ ᠤᠯᠠᠨ ᠲᠠᠢ ᠨᠢᠭᠤᠷ ᠵᠣᠯᠭᠠᠪᠠ
ᠨᠡᠶᠢᠲᠡᠯᠡᠭᠰᠡᠨ ᠴᠠᠭ᠄
2016/11/14
     11 ᠳ᠋ᠦ᠋ᠭᠡᠷ ᠰᠠᠷ᠎ᠠ ᠶᠢᠨ 13᠎ ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠵᠤ ᠮᠡᠳᠡᠭᠰᠡᠨ ᠨᠢ᠂ 10᠎ ᠤ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠤ ᠬᠤᠶᠠᠳᠤᠭᠠᠷ ᠱᠠᠲᠤᠨ ᠤ ᠳᠡᠯᠭᠡᠨ ᠦᠵᠡᠭᠦᠯᠦᠯᠭᠡ ᠨᠢ ᠰᠧᠴᠤᠸᠠᠨ ᠤ ᠴᠧᠩᠳᠦ ᠳᠤ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠵᠣᠬᠢᠶᠠᠨ ᠪᠠᠶᠢᠭᠤᠯᠤᠭᠰᠠᠨ ᠳᠡᠭᠡᠳᠦ ᠰᠢᠨ᠎ᠡ ᠮᠡᠷᠭᠡᠵᠢᠯ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠦᠬᠦᠭᠡᠷᠦᠮᠵᠢ ᠦᠢᠯᠡᠳᠬᠦ᠂ ᠡᠯᠡᠰᠦᠨ ᠤ ᠠᠵᠤ ᠦᠢᠯᠡᠰ ᠵᠡᠷᠭᠡ ᠬᠦᠷᠢᠶ᠎ᠡ ᠬᠡᠪᠴᠢᠶᠡᠨ ᠳᠤ ᠬᠤᠯᠪᠤᠭᠳᠠᠬᠤ 45 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ︽ᠨᠢᠭᠡ ᠪᠦᠰᠡ ᠨᠢᠭᠡ ᠵᠠᠮ︾ ᠬᠤᠷᠰᠢᠯᠴᠠᠭᠠᠨ ᠤ ᠭᠤᠣᠯ ᠰᠡᠳᠦᠪᠲᠦ ᠳᠡᠯᠭᠡᠨ ᠦᠵᠡᠭᠦᠯᠦᠯᠭᠡ ᠳᠤ ᠣᠯᠠᠨ ᠲᠠᠢ ᠨᠢᠭᠤᠷ ᠵᠣᠯᠭᠠᠪᠠ᠃ ᠡᠭᠦᠨ ᠳᠤ᠂ ᠠᠯᠠᠱᠠ ᠠᠶᠢᠮᠠᠭ ᠠᠴᠠ ᠵᠣᠬᠢᠶᠠᠨ ᠪᠠᠶᠢᠭᠤᠯᠤᠨ ᠳᠡᠯᠭᠡᠨ ᠦᠵᠡᠭᠦᠯᠦᠯᠭᠡ ᠳᠤ ᠤᠷᠤᠯᠴᠠᠭᠰᠠᠨ ᠴᠠᠭᠠᠨ ᠭᠤᠶᠣᠣ᠂ ᠤᠯᠠᠭᠠᠨ ᠭᠤᠶᠣᠣ ᠶᠢᠨ ᠰᠢᠷᠢᠰ ᠡᠷᠡᠭᠦᠯᠵᠢᠯ ᠤᠨ ᠡᠳ᠋᠂ ᠲᠡᠮᠡᠭᠡᠨ ᠤ ᠨᠣᠯᠣᠣᠷ ᠎ ᠤᠨ ᠰᠢᠷᠢᠰ ᠪᠦᠲᠦᠭᠡᠭᠳᠡᠬᠦᠨ ᠵᠡᠷᠭᠡ 20 ᠭᠠᠷᠤᠶ ᠵᠦᠢᠯ ᠤᠨ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ᠮᠠᠰᠢ ᠤᠯᠠᠨ ᠬᠤᠷᠠᠯ ᠳᠤ ᠤᠷᠤᠯᠴᠠᠭᠰᠠᠳ ᠤᠨ ᠳᠤᠷ᠎ᠠ ᠪᠠᠬ᠎ᠠ ᠶᠢ ᠲᠠᠲᠠᠪᠠ᠃      ᠲᠤᠰ ᠬᠤᠭᠤᠴᠠᠭᠠᠨ ᠤ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠠᠯᠪᠠᠨ ᠰᠦᠯᠵᠢᠶ᠎ᠡ ᠳᠤ ᠨᠡᠶᠢᠲᠡᠯᠡᠭᠰᠡᠨ 2016 ᠣᠨ ᠤ ᠪᠠᠷᠠᠭᠤᠨ ᠬᠡᠰᠡᠭ ᠤᠨ ᠠᠷᠪᠠᠨ ᠭᠤᠷᠪᠠᠨ ᠲᠠᠯ᠎ᠠ ᠶᠢᠨ ᠭᠤᠣᠯᠳᠠᠯᠭᠠᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠳᠣᠲᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 50 ᠲᠥᠷᠥᠯ ᠵᠦᠢᠯ ᠨᠢ ᠬᠤᠷᠠᠯ ᠳᠡᠭᠡᠷ᠎ᠡ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠬᠢᠵᠦ᠂ ᠬᠤᠷᠰᠢᠯᠴᠠᠭᠠᠨ ᠤ ᠠᠭᠤᠯᠭ᠎ᠠ ᠨᠢ ᠡᠨᠧᠷᠭᠢ ᠴᠠᠬᠢᠯᠭᠠᠨ ᠬᠦᠴᠦ ᠵᠢᠴᠢ ᠰᠢᠨ᠎ᠡ ᠡᠨᠧᠷᠭᠢ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠣᠨᠤᠭ ᠲᠦᠬᠦᠭᠡᠷᠦᠮᠵᠢ ᠦᠢᠯᠡᠳᠬᠦ ᠵᠢᠴᠢ ᠳᠡᠭᠡᠳᠦ ᠲᠡᠰ ᠤᠨ ᠲᠣᠨᠤᠭ ᠲᠦᠬᠦᠭᠡᠷᠦᠮᠵᠢ ᠦᠢᠯᠡᠳᠬᠦ᠂ ᠸᠠᠨᠠᠳᠢ ᠲᠢᠲ᠋ᠠᠨ ᠪᠤᠯᠤᠳ ᠲᠡᠮᠤᠷ ᠬᠤᠪᠣᠷ ᠰᠢᠷᠣᠶ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠲᠠᠷᠢᠶᠠᠯᠠᠩ ᠤᠨ ᠨᠠᠷᠢᠯᠢᠭ ᠡᠳ᠋ᠰᠢᠭᠦᠯᠦᠯᠲᠡ᠂ ᠵᠢᠭᠤᠯᠴᠢᠯᠠᠯ ᠵᠡᠷᠭᠡ ᠬᠦᠷᠢᠶ᠎ᠡ ᠬᠡᠪᠴᠢᠶᠡᠨ ᠳᠤ ᠬᠤᠯᠪᠤᠭᠳᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号