| 11 ᠳ᠋ᠤᠭᠡᠷ ᠰᠠᠷ᠎ᠠ ᠶᠢᠨ 10 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠠᠷᠠᠴᠢᠨ ᠬᠤᠰᠢᠭᠤ ᠶᠢᠨ ᠲᠦ᠋ ᠴᠧᠩ | ᠽᠢ ᠲᠤᠰᠬᠤᠨ ᠳᠤ ᠭᠦᠨᠵᠡᠭᠡᠶᠢᠷᠡᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ | ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ ᠪᠠᠶᠢᠭ᠎ᠠ ᠨᠢ | 11 ᠳ᠋ᠤᠭᠡᠷ ᠰᠠᠷ᠎ᠠ ᠶᠢᠨ 10 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠬᠠᠷᠠᠴᠢᠨ | ᠬᠤᠰᠢᠭᠤ ᠳᠤ ᠬᠦᠷᠴᠦ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠳᠤ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠵᠥ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ | ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠥ᠂ ᠲᠡᠬᠡᠳᠤ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ | ᠰᠡᠳᠬᠢᠯᠬᠡ ᠪᠤᠯᠤᠨ ᠡᠬᠦᠷᠬᠡᠳᠤ ᠪᠤᠳᠤᠯ ᠢᠶᠠᠷ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ | ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠦᠭᠡᠷᠡᠴᠢᠯᠡᠯᠳᠡ ᠬᠦᠭᠵᠢᠯᠳᠡ ᠲᠤᠭᠳᠠᠭᠤᠨ ᠪᠤᠯᠤᠨ | ᠨᠠᠮ ᠤᠨ ᠪᠠᠶᠢᠭᠤᠯᠤᠯᠳᠠ ᠶᠢ ᠠᠬᠢᠭᠤᠯᠬᠤ ᠬᠦᠴᠦᠷᠭᠡᠭ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠥ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ | ᠢ ᠴᠢᠷᠮᠠᠶᠢᠨ ᠨᠡᠬᠡᠬᠡᠨ ᠡᠬᠦᠳᠬᠦ ᠬᠡᠷᠡᠭᠳᠡᠢ ᠬᠡᠵᠥ ᠴᠢᠬᠤᠯᠠᠴᠢᠯᠠᠪᠠ᠃ | ᠬᠠᠷᠠᠴᠢᠨ ᠬᠤᠰᠢᠭᠤ ᠶᠢᠨ ᠨᠢᠦ ᠵᠢᠶᠠ ᠶᠢᠩᠽᠢ ᠪᠠᠯᠭᠠᠰᠤᠨ ᠤ ᠲᠦ᠋ ᠴᠧᠩ ᠽᠢ ᠲᠤᠰᠬᠤᠨ ᠳᠤ᠂ ᠪᠦ᠋ | ᠰᠢᠶᠤᠤ ᠯᠢᠨ ᠲᠦ᠋ ᠴᠧᠩ ᠽᠢ ᠲᠤᠰᠬᠤᠨ ᠤ ᠬᠢᠲᠠᠳ ᠮᠤᠩᠭᠤᠯ ᠡᠮ ᠤᠨ ᠮᠠᠲ᠋ᠧᠷᠢᠶᠠᠯ ᠲᠡᠯᠭᠡᠨ ᠦᠵᠡᠭᠦᠯᠬᠦ ᠲᠢᠩᠬᠢᠮ | ᠪᠤᠯᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠦᠪ ᠢ ᠪᠠᠶᠢᠴᠠᠭᠠᠨ ᠦᠵᠡᠵᠦ᠂ ᠲᠤᠰ ᠲᠤᠰᠬᠤᠨ ᠤ | ᠬᠢᠲᠠᠳ ᠮᠤᠩᠭᠤᠯ ᠡᠮ ᠤᠨ ᠮᠠᠲ᠋ᠧᠷᠢᠶᠠᠯ ᠲᠠᠷᠢᠵᠦ ᠪᠠᠶᠢᠬᠤ ᠪᠠ ᠠᠵᠦ ᠦᠢᠯᠡᠰ ᠤᠨ ᠬᠦᠭᠵᠢᠯᠲᠡ ᠶᠢᠨ ᠪᠠᠶᠢᠳᠠᠯ ᠢ | ᠨᠠᠷᠢᠨ ᠨᠢᠮᠪᠠᠢ ᠤᠢᠢᠯᠠᠭᠠᠭᠰᠠᠨ ᠪᠦᠭᠡᠳ ᠲᠤᠰᠬᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠦᠪ | ᠤᠨ ᠠᠯᠤᠰ ᠡᠵᠡᠮᠰᠢᠯᠲᠦ ᠸᠢᠳᠢᠣ᠋ ᠶᠢᠨ ᠰᠢᠰᠲ᠋ᠧᠮ ᠢᠶᠠᠷ ᠲᠠᠮᠵᠢᠭᠤᠯᠤᠨ ᠬᠠᠷᠠᠴᠢᠨ ᠬᠤᠰᠢᠭᠤᠨ ᠤ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠲᠦᠪ ᠤᠨ ᠠᠵᠢᠯᠲᠠᠨ ᠲᠠᠢ ᠶᠠᠷᠢᠯᠴᠠᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠦᠪ ᠤᠨ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠵᠦ ᠪᠠᠶᠢᠬᠤ ᠪᠠᠶᠢᠳᠠᠯ ᠢ ᠨᠠᠷᠢᠨ ᠨᠢᠮᠪᠠᠢ | ᠠᠰᠠᠭᠤᠨ ᠤᠢᠢᠯᠠᠭᠠᠪᠠ᠃ ᠲᠡᠷᠡ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠦᠢᠯᠡᠴᠢᠯᠡᠬᠦ | ᠤᠬᠠᠮᠰᠠᠷ ᠢᠶᠠᠨ ᠤᠯᠠᠮ ᠲᠡᠭᠡᠭᠰᠢᠯᠡᠭᠦᠯᠵᠦ᠂ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ ᠪᠦᠲᠦᠴᠡ ᠶᠢᠨ | ᠲᠤᠬᠢᠷᠠᠭᠤᠯᠤᠯᠲᠠ᠂ ᠰᠢᠨ᠎ᠡ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠪᠤᠯᠤᠨ ᠠᠷᠠᠳ ᠤᠨ ᠠᠮᠢᠳᠤᠷᠠᠯ ᠤᠨ | ᠡᠯ᠎ᠡ ᠵᠦᠢᠯ ᠤᠨ ᠦᠢᠯᠡᠰ ᠢ ᠦᠷᠭᠦᠯᠵᠢᠯᠡᠨ ᠰᠠᠶᠢᠲᠤᠷ ᠠᠳᠬᠤᠵᠦ᠂ ᠦᠷᠭᠡᠨ ᠤᠯᠠᠨ ᠲᠦᠮᠡᠨ ᠳᠤ ᠪᠤᠶᠠᠨ | ᠦᠢᠯᠡᠳᠬᠦ ᠬᠡᠷᠡᠭᠲᠠᠢ᠃ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ | ᠤᠨ ᠬᠡᠰᠢᠭᠦᠳ ᠲᠠᠶᠢᠴᠢᠨ ᠪᠠᠬᠢᠯᠡᠯᠲᠡ ᠪᠤᠯᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠰᠠᠶᠢᠲᠤᠷ | ᠪᠠᠳᠠᠷᠠᠭᠤᠯᠵᠦ᠂ ᠤᠯᠠᠨ ᠲᠦᠮᠡᠨ ᠢ ᠲᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠨ ᠴᠢᠨᠡᠭᠡᠯᠢᠭ ᠪᠤᠯᠭᠠᠬᠤ | ᠬᠡᠷᠡᠭᠲᠠᠢ ᠭᠡᠵᠦ ᠴᠢᠬᠤᠯᠠᠴᠢᠯᠠᠵᠠᠢ᠃ | ᠲᠦ᠋ ᠴᠧᠩ ᠽᠢ ᠲᠤᠰᠬᠤᠨ ᠤ ᠲᠠᠷᠢᠶᠠᠴᠢᠳ ᠤᠨ ᠬᠢᠴᠢᠶᠡᠯ ᠤᠨ ᠲᠠᠩᠭᠢᠮ ᠳᠤ᠂ ᠪᠦ᠋ ᠰᠢᠶᠤᠤ ᠯᠢᠨ ᠳᠦᠷᠪᠡᠨ | ᠲᠠᠯ᠎ᠠ ᠠᠴᠠ ᠦᠨᠳᠦᠰᠦᠨ ᠱᠠᠳᠤᠨ ᠤ ᠨᠠᠮ ᠤᠨ ᠭᠡᠰᠢᠭᠦᠨ ᠪᠤᠯᠤᠨ ᠺᠠᠳ᠋ᠷ ᠤᠯᠠᠨ ᠲᠦᠮᠡᠨ ᠳᠤ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠵᠠᠢ᠃ | ᠲᠡᠷᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠭᠦᠳᠡ | ᠬᠤᠷᠠᠯ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠠ ᠠᠶᠠᠨ ᠢ ᠡᠬᠢᠯᠡᠭᠦᠯᠵᠤ᠂ ︽ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ︾ ᠭᠡᠵᠤ ᠠᠯᠪᠠᠨ ᠶᠤᠰᠤ ᠪᠠᠷ ᠳᠤᠷᠠᠳᠪᠠ᠂ ᠡᠨᠡ ᠪᠤᠯ | ᠨᠠᠮ ᠤᠨ ᠰᠤᠩᠭᠤᠯᠲᠠ᠂ ᠲᠡᠤᠬᠡ ᠶᠢᠨ ᠰᠤᠩᠭᠤᠯᠲᠠ᠂ ᠠᠷᠠᠳ ᠲᠦᠮᠡᠨ ᠤ ᠰᠤᠩᠭᠤᠯᠲᠠ ᠪᠤᠯᠤᠨ᠎ᠠ᠂ ᠮᠦᠨᠴᠤ ᠨᠠᠮ | ᠤᠨ ᠬᠡᠷᠡᠭᠴᠡᠭᠡ᠂ ᠤᠯᠤᠰ ᠤᠨ ᠵᠠᠪᠰᠢᠶᠠᠨ᠂ ᠠᠷᠠᠳ ᠤᠨ ᠪᠤᠶᠠᠨ ᠪᠤᠯᠤᠨ᠎ᠠ᠂ ᠡᠨᠡ ᠪᠤᠯ ᠪᠦᠬᠦ ᠨᠠᠮ ᠪᠦᠬᠦ ᠴᠡᠷᠢᠭ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠦ ᠶᠢᠨ ᠬᠦᠰᠡᠯ ᠮᠦᠨ᠃ ᠪᠦᠬᠦ ᠤᠷᠤᠨ | ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠭᠡᠰᠢᠭᠦᠳ ᠡᠷᠬᠡᠪᠰᠢ ︽ | ᠳᠦᠷᠪᠡᠨ ᠤᠬᠠᠮᠰᠠᠷ︾ ᠤᠨᠴᠠᠭᠠᠢᠢᠯᠠᠨ ᠭᠤᠤᠯᠯᠠᠭᠴᠢ ᠤᠬᠠᠮᠰᠠᠷ᠂ ᠨᠢᠭᠡᠳᠦᠯᠲᠠᠢ ᠪᠠᠶᠢᠬᠤ ᠤᠬᠠᠮᠰᠠᠷ ᠢᠶᠠᠨ | ᠳᠡᠭᠡᠭᠰᠢᠯᠡᠭᠦᠯᠵᠤ᠂ ᠤᠬᠠᠮᠰᠠᠷ ᠠᠴᠠ ᠪᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠬᠠᠮᠠᠭᠠᠯᠠᠵᠤ᠂ ᠶᠡᠷᠤᠩᠬᠡᠢ | ᠱᠦᠵᠢ ᠰᠢ ᠶᠢᠨ ᠫᠢᠩ ᠢᠶᠠᠷ ᠭᠤᠤᠯ ᠪᠤᠯᠭᠠᠬᠤ ᠶᠢ ᠬᠦᠷᠢᠶᠡᠯᠡᠵᠤ᠂ ᠰᠠᠨᠠᠭᠠᠴᠢᠯᠠᠭ᠎ᠠ ᠠᠴᠠ ᠪᠠᠨ ᠨᠠᠮ ᠤᠨ ᠲᠦᠪ | ᠬᠤᠷᠢᠶ᠎ᠠ ᠲᠠᠢ ᠨᠢᠭᠡᠳᠦᠯᠲᠠᠢ ᠪᠠᠶᠢᠵᠤ᠂ ᠶᠡᠷᠤᠩᠬᠡᠢ ᠱᠦᠵᠢ ᠰᠢ ᠶᠢᠨ ᠫᠢᠩ ᠲᠠᠢ ᠨᠢᠭᠡᠳᠦᠯᠲᠠᠢ ᠪᠠᠶᠢᠵᠤ᠂ ᠨᠠᠮ ᠤᠨ | ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠨᠢᠭᠡᠳᠦᠯᠲᠠᠢ ᠪᠠᠶᠢᠵᠤ᠂ ᠨᠠᠮ ᠤᠨ ᠲᠦᠪ ᠬᠤᠷᠢᠶ᠎ᠠ | ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠦᠯᠲᠠᠢ ᠪᠠᠶᠢᠵᠤ᠂ ᠦᠵᠡᠯ ᠰᠠᠨᠠᠭ᠎ᠠ ᠤᠯᠤᠰ ᠲᠦᠷᠦ | ᠠᠵᠢᠯᠯᠠᠭ᠎ᠠ ᠶᠢᠨ ᠲᠠᠯ᠎ᠠ ᠪᠠᠷ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠲᠠᠢ ᠳᠡᠭᠡᠳᠦ ᠬᠡᠮᠵᠢᠶ᠎ᠠ ᠪᠠᠷ ᠨᠢᠭᠡᠳᠦᠯᠲᠠᠢ ᠪᠠᠶᠢᠬᠤ ᠬᠡᠷᠡᠭᠲᠡᠢ ᠭᠡᠵᠤ | ᠴᠢᠬᠤᠯᠠᠴᠢᠯᠠᠵᠠᠢ᠃ | ᠪᠦ᠋ ᠰᠢᠶᠤᠤ ᠯᠢᠨ᠂ ᠪᠦᠭᠦᠳᠡ ᠬᠤᠷᠠᠯ ᠠᠴᠠ ᠪᠠᠲᠤᠯᠠᠭᠰᠠᠨ ︽ᠰᠢᠨ᠎ᠡ ᠪᠠᠶᠢᠳᠠᠯ ᠳᠤᠤᠷᠠᠬᠢ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠲᠤ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠬᠤ ᠪᠠ ᠵᠢᠷᠤᠮᠵᠢᠭᠤᠯᠬᠤ ᠲᠤᠬᠠᠢ ᠪᠦᠬᠦ ᠲᠠᠯ᠎ᠠ ᠪᠠᠷ | ᠪᠠᠶᠢᠷᠢᠯᠠᠭᠤᠯᠤᠯᠲᠠ ᠬᠢᠵᠦ᠂ ᠲᠤᠩ ᠤᠯᠠᠨ ᠰᠢᠨ᠎ᠡ ᠴᠢᠬᠤᠯᠠ ᠶᠡᠭᠡ ᠦᠵᠡᠯᠲᠡ ᠪᠠ ᠴᠢᠬᠤᠯᠠ ᠶᠡᠭᠡ ᠠᠷᠭ᠎ᠠ | ᠬᠡᠮᠵᠢᠶ᠎ᠡ ᠶᠢ ᠳᠤᠷᠠᠳᠴᠠᠢ᠃ ︽ᠪᠠᠷᠢᠮᠵᠢᠶ᠎ᠠ ᠨᠤᠭᠤᠳ︾ ᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ | ᠦᠵᠡᠯ ᠰᠠᠨᠠᠭᠠᠨ ᠤ ᠬᠦᠮᠦᠵᠢᠯ ᠭᠡᠬᠦ ᠡᠨᠡᠬᠦ ᠦᠨᠳᠦᠰᠦ᠂ ᠰᠠᠬᠢᠯᠭ᠎ᠠ ᠪᠠᠲᠤ ᠶᠢ ᠴᠢᠩᠳᠠᠯᠠᠬᠤ ᠬᠡᠬᠦ ᠡᠨᠡᠬᠦ ᠵᠠᠩᠭᠢᠯᠠᠭ᠎ᠠ | ᠪᠠ ᠴᠢᠳᠠᠪᠤᠷᠢᠲᠠᠨ ᠢ ᠰᠤᠩᠭᠤᠨ ᠬᠡᠷᠡᠭᠯᠡᠬᠦ ᠬᠡᠬᠦ ᠡᠨᠡᠬᠦ ᠤᠳᠤᠷᠢᠳᠤᠮᠵᠢ ᠶᠢ ᠰᠠᠶᠢᠳᠤᠷ ᠠᠳᠬᠤᠵᠤ᠂ ᠵᠤᠬᠢᠶᠠᠨ | ᠪᠠᠶᠢᠭᠤᠯᠤᠯᠳᠠ ᠶᠢᠨ ᠠᠮᠢᠳᠤᠷᠠᠯ ᠬᠡᠬᠦ ᠡᠨᠡᠬᠦ ᠪᠠᠶᠢᠩᠭᠤ ᠶᠢᠨ ᠴᠢᠨᠠᠷᠲᠠᠢ ᠠᠷᠭ᠎ᠠ ᠶᠢ ᠰᠠᠶᠢᠳᠤᠷ ᠬᠡᠷᠡᠭᠯᠡᠵᠦ᠂ | ᠤᠯᠠᠮᠵᠢᠯᠠᠬᠤ ᠪᠠ ᠰᠢᠨ᠎ᠡ ᠶᠢ ᠡᠭᠦᠳᠬᠦ ᠬᠡᠬᠦ ᠡᠨᠡᠬᠦ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ | ᠵᠠᠷᠴᠢᠮᠲᠤ ᠴᠢᠨᠠᠷ᠂ ᠳᠠᠶᠢᠴᠢᠨ ᠴᠢᠨᠠᠷ ᠢ ᠬᠦᠴᠦᠯᠡᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦ᠋ ᠰᠢᠶᠤᠤ ᠯᠢᠨ᠂ ᠨᠠᠮ ᠤᠨ ᠳᠤᠲᠤᠭᠠᠳᠤ ᠶᠢᠨ ᠬᠢᠨᠠᠯᠲᠠ ᠲᠠᠯᠪᠢᠯᠳᠠ ᠪᠤᠯ ᠨᠠᠮ ᠤᠨ ᠪᠠᠶᠢᠭᠤᠯᠤᠯᠲᠠ ᠶᠢᠨ | ᠴᠢᠬᠤᠯᠠ ᠠᠭᠤᠯᠭ᠎ᠠ ᠮᠦᠨ᠂ ᠪᠠᠰᠠ ᠴᠦ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠪᠠᠲᠤᠯᠠᠪᠤᠷᠢ | ᠪᠤᠯᠤᠨ᠎ᠠ᠃ ᠪᠦᠭᠦᠳᠡ ᠬᠤᠷᠠᠯ ᠢᠶᠠᠷ ᠪᠠᠲᠤᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ | ᠲᠤᠳᠤᠭᠠᠳᠤ ᠶᠢᠨ ᠬᠢᠨᠠᠯᠲᠠ ᠲᠠᠯᠪᠢᠬᠤ ᠳᠦᠷᠢᠮ︾ ᠪᠤᠯ ᠤᠳᠤᠬᠠᠨ ᠤ ᠪᠠ ᠬᠤᠶᠢᠰᠢᠳᠠ ᠶᠢᠨ ᠨᠢᠬᠡ ᠬᠤᠭᠤᠴᠠᠭᠠᠨ ᠤ | ᠨᠠᠮ ᠤᠨ ᠳᠤᠲᠤᠭᠠᠳᠤ ᠶᠢᠨ ᠬᠢᠨᠠᠯᠲᠠ ᠲᠠᠯᠪᠢᠬᠤ ᠦᠨᠳᠦᠰᠦᠨ ᠬᠠᠤᠯᠢ ᠳᠦᠷᠢᠮ ᠪᠤᠯᠤᠨ᠎ᠠ᠃ ︽ᠳᠦᠷᠢᠮ︾ ᠢ | ᠲᠤᠤᠱᠯᠠᠭᠤᠯᠤᠨ ᠬᠡᠷᠡᠭᠵᠢᠭᠦᠯᠬᠦ ᠶᠢ ᠰᠠᠶᠢᠳᠤᠷ ᠠᠳᠬᠤᠬᠤ ᠳᠤ ᠭᠤᠤᠯᠳᠠᠭᠤ ᠨᠠᠮ ᠤᠨ ᠲᠤᠳᠤᠭᠠᠳᠤ ᠶᠢᠨ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠡᠷᠬᠡ | ᠪᠠᠶᠢᠪᠠᠯ ᠬᠠᠷᠢᠭᠤᠴᠠᠯᠭ᠎ᠠ ᠲᠠᠢ᠂ ᠬᠠᠷᠢᠭᠤᠴᠠᠯᠭ᠎ᠠ ᠲᠠᠢ ᠪᠤᠯ ᠡᠭᠦᠷᠭᠡᠯᠡᠭᠦᠯᠵᠦ᠂ ᠡᠷᠬᠡ ᠪᠠᠨ ᠬᠡᠷᠡᠭᠵᠢᠭᠦᠯᠬᠦ ᠳᠤ | ᠬᠢᠨᠠᠯᠲᠠ ᠲᠠᠯᠪᠢᠵᠤ᠂ ᠬᠠᠷᠢᠭᠤᠴᠠᠯᠭ᠎ᠠ ᠪᠠᠨ ᠠᠯᠳᠠᠪᠠᠯ ᠵᠠᠪᠠᠯ ᠨᠡᠭᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | |