ᠥᠪᠥᠷ ᠮᠣᠩᠭᠤᠯ ᠤᠨ 2017 ᠣᠨ ᠳᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠮᠲᠤᠷᠠᠨ ᠡᠯᠰᠡᠬᠦ ᠴᠤᠭᠯᠠᠭᠠᠨ ᠪᠣᠯᠪᠠ
ᠨᠡᠶᠢᠲᠡᠯᠡᠭᠰᠡᠨ ᠴᠠᠭ᠄
2016/11/15
      11 ᠳ᠋ᠦ᠋ᠭᠡᠷ ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ 2017 ᠣᠨ ᠎ ᠳᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠮᠲᠤᠷᠠᠨ ᠡᠯᠰᠡᠬᠦ ᠴᠤᠭᠯᠠᠭᠠᠨ ᠵᠢᠴᠢ 2017 ᠣᠨ ᠎ ᠳᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠤᠯᠠᠷᠢᠯ ᠤᠨ ᠠᠵᠢᠯᠯᠠᠭ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠡᠬᠢᠯᠡᠪᠡ᠃ ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠣᠷᠣᠨ ᠤ ᠳᠣᠲᠤᠷᠠᠬᠢ 10 ᠶᠡᠭᠡ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠃ 11 ᠳ᠋ᠦ᠋ᠭᠡᠷ ᠰᠠᠷ᠎ᠠ ᠶᠢᠨ 13~28᠎ ᠤ ᠡᠳᠦᠷ ᠪᠣᠯᠲᠠᠯ᠎ᠠ᠂ ᠡᠯ᠎ᠡ ᠳᠠᠭᠠᠭᠠᠴᠢᠯᠠᠨ ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠨᠢ ᠲᠤᠰ ᠲᠤᠰ ᠲᠠᠭᠠᠨ ᠬᠠᠮᠲᠤᠷᠠᠨ ᠡᠯᠰᠡᠬᠦ ᠬᠤᠪᠢᠶᠠᠷᠢ ᠴᠤᠭᠯᠠᠭᠠᠨ ᠤ ᠲᠠᠯᠠᠪᠠᠢ ᠪᠠᠶᠢᠭᠤᠯᠵᠤ᠂ ᠨᠡᠶᠢᠲᠡ 1600 ᠭᠠᠷᠤᠶ ᠬᠥᠮᠦᠨ ᠬᠡᠷᠡᠭᠯᠡᠬᠦ ᠨᠢᠭᠡᠴᠡ ᠣᠷᠣᠯᠴᠠᠨ᠂ ᠪᠠᠷᠤᠭ 38000 ᠠᠵᠢᠯ ᠤᠨ ᠪᠠᠶᠢᠷᠢ ᠬᠠᠩᠭᠠᠬᠤ ᠪᠣᠯᠣᠨ᠎ᠠ᠃ ᠲᠡᠭᠦᠰᠦᠭᠰᠡᠳ ᠢ ᠬᠠᠮᠲᠤᠷᠠᠨ ᠡᠯᠰᠡᠬᠦ ᠴᠤᠭᠯᠠᠭᠠᠨ ᠨᠢ ᠠᠵᠢᠯ ᠣᠯᠭᠤᠬᠤ ᠵᠠᠬ᠎ᠠ ᠳᠡᠯᠭᠡᠭᠦᠷ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠯᠲᠠ ᠶᠢ ᠠᠬᠢᠭᠤᠯᠬᠤ ᠶᠠᠪᠤᠴᠠ ᠳᠠᠬᠢ ᠰᠠᠭᠤᠷᠢ ᠴᠢᠨᠠᠷ ᠪᠣᠯᠣᠨ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠲᠡᠭᠦᠰᠦᠭᠰᠡᠳ ᠵᠢᠴᠢ ᠬᠥᠮᠦᠨ ᠬᠡᠷᠡᠭᠯᠡᠬᠦ ᠨᠢᠭᠡᠴᠡ ᠶᠢᠨ ᠬᠤᠶᠠᠷ ᠲᠠᠯ᠎ᠠ ᠪᠠᠷ ᠢᠶᠠᠨ ᠰᠤᠩᠭᠤᠬᠤ ᠳᠤ ᠬᠠᠷᠢᠯᠴᠠᠬᠤ ᠲᠠᠪᠴᠠᠩ ᠪᠠ ᠰᠣᠯᠢᠯᠴᠠᠬᠤ ᠣᠷᠣᠨ ᠵᠠᠶ ᠬᠠᠩᠭᠠᠬᠤ ᠪᠣᠯᠣᠨ᠎ᠠ᠃ ᠡᠭᠦᠨ ᠤ ᠬᠠᠮᠲᠤ᠂ ᠬᠠᠮᠲᠤᠷᠠᠨ ᠡᠯᠰᠡᠬᠦ ᠴᠤᠭᠯᠠᠭᠠᠨ ᠤ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠬᠤᠪᠢᠶᠠᠷᠢ ᠴᠤᠭᠯᠠᠭᠠᠨ ᠤ ᠲᠠᠯᠠᠪᠠᠢ ᠳᠠᠬᠢ ᠶᠡᠭᠡ ᠳᠡᠭᠡᠳᠦ ᠰᠤᠷᠭᠠᠭᠤᠯᠢ ᠶᠢᠨ ᠤᠷᠢᠭᠰᠠᠨ ᠬᠥᠮᠦᠨ ᠬᠡᠷᠡᠭᠯᠡᠬᠦ ᠨᠢᠭᠡᠴᠡ ᠶᠢᠨ ᠠᠵᠢᠯᠲᠠᠨ ᠡᠯᠰᠡᠬᠦ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠲᠦᠭᠦᠮ ᠲᠠᠨᠢᠯᠴᠠᠭᠤᠯᠭ᠎ᠠ᠂ ᠰᠤᠷᠤᠭᠴᠢ ᠶᠢᠨ ᠢᠷᠡᠯᠲᠡ ᠶᠢᠨ ᠲᠠᠨᠢᠯᠴᠠᠭᠤᠯᠭ᠎ᠠ ︵ᠰᠤᠷᠤᠯᠭ᠎ᠠ ᠶᠢᠨ ᠨᠠᠮᠳᠠᠷ ᠤᠨ ᠲᠡᠰ ᠳᠠᠪᠬᠤᠷᠭ᠎ᠠ ᠬᠤᠪᠢᠶᠠᠨ᠂ ᠳᠡᠭᠡᠳᠦ ᠰᠤᠷᠭᠠᠭᠤᠯᠢ᠂ ᠲᠤᠰᠬᠠᠶ ᠮᠡᠷᠭᠡᠵᠢᠯ ᠢᠶᠠᠷ ᠨᠢ ᠪᠦᠷᠢᠳᠬᠡᠭᠰᠡᠨ︶᠂ ᠬᠤᠷᠠᠯ ᠳᠤ ᠤᠷᠤᠯᠴᠠᠭᠰᠠᠳ ᠤᠨ ᠠᠩᠬᠠᠷᠤᠯ ᠵᠡᠷᠭᠡ ᠶᠢ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠮᠡᠳᠡᠭᠡ ᠵᠠᠩᠭᠢ ᠶᠢᠨ ᠰᠦᠯᠵᠢᠶ᠎ᠡ ︵http᠄//www.nmbys.com︶᠎ ᠠᠴᠠ ᠵᠡᠷᠭᠡ ᠳᠤᠨᠢ ᠨᠡᠶᠢᠲᠡᠯᠡᠨ᠎ᠡ᠃ ᠣᠶᠢᠯᠠᠭᠠᠭᠰᠠᠨ ᠢᠶᠠᠷ ᠪᠣᠯ᠂ ᠪᠥᠬᠦ ᠣᠷᠣᠨ ᠤ 2017 ᠣᠨ ᠳᠤ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠭᠴᠢᠳ ᠪᠠᠷᠤᠭ 12.9 ᠲᠦᠮᠡ ᠳᠤ ᠬᠦᠷᠬᠦ ᠪᠠᠷ ᠪᠣᠢ᠂ ᠲᠡᠭᠦᠰᠬᠦ ᠰᠤᠷᠤᠭᠴᠢᠳ ᠤᠨ ᠶᠡᠷᠦᠩᠬᠡᠶ ᠬᠡᠪᠴᠢᠶ᠎ᠡ ᠶᠢᠨ ᠵᠢᠱᠢᠯᠲᠡ ᠨᠢ ᠨᠢᠳᠤᠨᠤᠨ ᠤ ᠵᠢᠱᠢᠯᠲᠡ ᠶᠢᠨ ᠬᠢ ᠠᠴᠠ 7.31%᠎ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠲᠡᠦᠬᠡᠨ ᠰᠢᠨ᠎ᠡ ᠲᠡᠮᠳᠡᠭᠯᠡᠯ ᠢ ᠡᠭᠦᠳᠴᠡᠶ᠃ ᠣᠳᠣᠬᠠᠨ ᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠨᠢ ᠨᠢᠭᠡᠨᠲᠡ ᠮᠠᠨ ᠤ ᠤᠷᠤᠨ ᠤ ᠲᠤᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠶᠢᠨ ᠭᠤᠣᠯ ᠠᠷᠭ᠎ᠠ ᠵᠠᠮ ᠪᠣᠯᠪᠠ᠂ ᠤᠯᠠᠨ ᠵᠢᠯ ᠤᠨ ᠲᠤᠷᠰᠢ᠂ ᠪᠥᠬᠦ ᠣᠷᠣᠨ ᠤ ᠲᠤᠰ ᠬᠤᠭᠤᠴᠠᠭᠠᠨ ᠤ ᠲᠡᠭᠦᠰᠦᠭᠰᠡᠳ ᠤᠨ 85%᠎ ᠠᠴᠠ ᠳᠡᠭᠡᠭᠰᠢᠬᠢ ᠨᠢ ᠴᠥᠮ ᠰᠤᠷᠭᠠᠭᠤᠯᠢ ᠠᠴᠠ ᠪᠠᠨ ᠰᠠᠯᠬᠤ ᠠᠴᠠ ᠡᠮᠦᠨ᠎ᠡ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠢᠶᠠᠷ ᠳᠠᠮᠵᠢᠨ ᠠᠩᠬ᠎ᠠ ᠤᠳᠠᠭ᠎ᠠ ᠶᠢᠨ ᠠᠵᠢᠯ ᠣᠯᠭᠤᠯᠲᠠ ᠪᠠᠨ ᠪᠡᠶᠡᠯᠡᠭᠦᠯᠳᠡᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号