| 11 ᠳ᠋ᠣᠭᠡᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠭᠤᠸᠠᠩᠳᠦ᠋ᠩ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠬᠤ᠋ ᠴᠦᠨ ᠬᠤᠸᠠ᠂ ᠮᠤᠵᠢ ᠶᠢᠨ ᠳᠠᠷᠤᠭ᠎ᠠ ᠵᠦ ᠰᠢᠶᠤᠤ ᠳ᠋ᠠᠨ ᠥᠪᠥᠷ ᠮᠣᠩᠭᠤᠯ ᠤᠨ | ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠢᠶᠠᠷ ᠳᠠᠭᠠᠭᠤᠯᠤᠭᠰᠠᠨ ᠥᠪᠥᠷ ᠮᠣᠩᠭᠤᠯ ᠤᠨ | ᠵᠠᠰᠠᠭ ᠤᠨ ᠣᠷᠳᠣᠨ ᠤ ᠲᠥᠯᠥᠭᠡᠯᠡᠭᠴᠢᠳ ᠤᠨ ᠪᠦᠯᠬᠦᠮ ᠯᠦᠭᠡ ᠶᠠᠷᠢᠯᠴᠠᠬᠤ ᠬᠤᠷᠠᠯ ᠬᠢᠪᠡ᠃ ᠬᠤ᠋ ᠴᠦᠨ ᠬᠤᠸᠠ | ᠬᠠᠮᠲᠤᠷᠠᠯᠴᠠᠭᠠᠨ ᠤ ᠰᠤᠯᠢᠯᠴᠠᠨ ᠶᠠᠷᠢᠯᠴᠠᠬᠤ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠬᠤᠶᠠᠷ ᠮᠤᠵᠢ | ᠠᠵᠤ ᠠᠬᠤᠢ ᠶᠢᠨ ᠬᠦᠭᠵᠢᠯᠲᠡ ᠶᠢᠨ ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠴᠢᠩᠭ᠎ᠠ ᠪᠠᠶᠢᠭ᠎ᠠ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠤᠷᠰᠢᠯᠴᠠᠭ᠎ᠠ ᠪᠠᠨ ᠶᠡᠬᠡᠪᠡᠷ ᠴᠢᠩᠭᠠᠳᠬᠠᠨ᠂ ᠬᠠᠮᠲᠤᠪᠡᠷ ᠬᠦᠭᠵᠢᠬᠦ | ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤ᠋ ᠴᠦᠨ ᠬᠤᠸᠠ ᠭᠤᠸᠠᠩᠲᠦ᠋ᠩ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠤᠷᠲᠤᠨ ᠢ | ᠲᠦᠯᠦᠭᠡᠯᠡᠵᠦ ᠲᠦᠯᠦᠭᠡᠯᠡᠭᠴᠢᠳ ᠤᠨ ᠪᠦᠯᠬᠦᠮ ᠤᠨ ᠬᠦᠷᠴᠤ ᠢᠷᠡᠭᠰᠡᠨ ᠢ ᠪᠠᠶᠠᠷᠯᠠᠠ ᠤᠭᠲᠤᠪᠠ᠃ ᠲᠡᠷᠡ᠂ ᠤᠲᠤ | ᠦᠶ᠎ᠠ ᠶᠢᠨ ᠮᠠᠯ ᠠᠵᠦ ᠠᠬᠤᠢ ᠲᠠᠷᠢᠶᠠᠯᠠᠩ ᠤᠨ ᠬᠠᠮᠲᠤᠷᠠᠯᠴᠠᠭ᠎ᠠ ᠶᠢ ᠴᠢᠩᠭᠠᠡᠳᠬᠠᠠ᠂ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠲᠦᠭᠡᠭᠲᠡᠭᠦᠨ ᠤ ᠬᠠᠩᠭᠠᠯᠭ᠎ᠠ ᠪᠤᠷᠤᠯᠠᠭᠤᠯᠭ᠎ᠠ ᠶᠢᠨ ᠲᠤᠭᠲᠠᠭᠤᠨ ᠬᠠᠷᠢᠴᠠᠭ᠎ᠠ ᠶᠢ ᠰᠦᠪᠡᠭᠴᠢᠯᠡᠨ | ᠪᠠᠶᠢᠭᠤᠯᠵᠦ᠂ ᠬᠦᠲᠡᠭᠡ ᠠᠵᠦ ᠠᠬᠤᠢ ᠶᠢᠨ ᠰᠢᠨᠵᠢᠯᠡᠬᠦ ᠤᠬᠠᠭᠠᠠ ᠮᠡᠷᠭᠡᠵᠢᠯ ᠤᠨ ᠬᠠᠮᠲᠤᠷᠠᠯᠴᠠᠭ᠎ᠠ ᠶᠢ ᠴᠢᠨᠠᠭᠰᠢᠲᠠ | ᠴᠢᠩᠭᠠᠳᠬᠠᠵᠦ᠂ ᠬᠤᠶᠠᠷ ᠲᠠᠯ᠎ᠠ ᠶᠢᠨ ᠬᠦᠲᠦᠴᠢ ᠠᠵᠦ ᠠᠬᠤᠢᠢᠯᠠᠯ ᠤᠨ ᠬᠤᠶᠠᠷ ᠭᠠᠵᠠᠷ ᠲᠤ ᠤᠴᠢᠨ ᠬᠠᠷᠢᠯᠴᠠᠠ | ᠪᠡᠯᠡ ᠤᠷᠤᠭᠤᠯᠵᠦ ᠦᠢᠯᠡᠳᠪᠦᠷᠢ ᠪᠠᠶᠢᠭᠤᠯᠬᠤ ᠶᠢ ᠵᠤᠷᠢᠠᠠᠵᠢᠭᠤᠯᠤᠨ᠂ ᠮᠠᠯ ᠠᠵᠦ ᠠᠬᠤᠢ ᠲᠠᠷᠢᠶᠠᠯᠠᠩ ᠤᠨ | ᠦᠢᠯᠡᠳᠪᠦᠷᠢᠯᠡᠯ᠂ ᠡᠳ᠋ᠰᠢᠭᠦᠯᠦᠯᠲᠡ ᠪᠤᠯᠤᠨ ᠪᠤᠷᠤᠯᠠᠭᠤᠯᠭ᠎ᠠ ᠶᠢᠨ ᠬᠠᠮᠲᠤᠷᠠᠯᠴᠠᠭ᠎ᠠ ᠦᠷᠨᠢᠭᠦᠯᠵᠦ᠂ ᠦᠢᠯᠡᠳᠭᠦᠨ ᠤ | ᠨᠡᠮᠡᠯᠲᠡ ᠦᠷᠲᠡᠭ ᠢ ᠲᠡᠭᠡᠭᠰᠢᠯᠡᠭᠦᠯᠬᠦ ᠶᠢ ᠵᠤᠷᠢᠠᠠᠵᠢᠭᠤᠯᠤᠨ᠎ᠠ᠃ ᠠᠵᠦ ᠦᠢᠯᠡᠳᠪᠦᠷᠢ ᠶᠢᠨ ᠬᠠᠮᠲᠤᠷᠠᠯᠴᠠᠭ᠎ᠠ ᠶᠢ | ᠴᠢᠩᠭᠠᠳᠬᠠᠠ᠂ ᠡᠨᠧᠷᠬᠢ ᠶᠢᠨ ᠡᠬᠢ ᠪᠠᠶᠠᠯᠢᠭ᠂ ᠳ᠋ᠠᠶᠢᠲ᠋ᠠ᠂ ᠡᠭᠦᠯᠡᠡ ᠪᠤᠲᠤᠯᠲᠠ᠂ ᠪᠠᠯ ᠴᠢᠯᠠᠭᠤᠨ ᠠᠯᠺᠸᠠ ᠵᠡᠷᠭᠡ | ᠬᠦᠷᠢᠶ᠎ᠠ ᠬᠡᠪᠴᠢᠶᠠᠠ ᠳᠠᠬᠢ ᠬᠠᠮᠲᠤᠷᠠᠯᠴᠠᠭ᠎ᠠ ᠶᠢ ᠬᠦᠨᠵᠡᠭᠡᠢ ᠠᠬᠢᠭᠤᠯᠵᠦ᠂ ᠭᠤᠸᠠᠩᠲᠦ᠋ᠩ ᠮᠤᠵᠢ ᠶᠢᠨ ᠲᠠᠪᠠᠭᠤᠯᠢᠭ | ᠠᠵᠦ ᠠᠬᠤᠢᠢᠯᠠᠯ ᠤᠨ ᠦᠪᠦᠷ ᠮᠤᠩᠭᠤᠯ ᠳᠤ ᠪᠡᠯᠡ ᠤᠷᠤᠭᠤᠯᠤᠨ ᠬᠦᠭᠵᠢᠵᠦ᠂ ᠦᠪᠦᠷ ᠮᠤᠩᠭᠤᠯ ᠤᠨ ᠡᠬᠢ | ᠪᠠᠶᠠᠯᠢᠭ᠂ ᠤᠷᠤᠨ ᠪᠠᠶᠢᠷᠢ ᠶᠢᠨ ᠲᠠᠪᠠᠭᠤᠯᠢᠭ ᠪᠤᠯᠤᠨ ᠭᠤᠸᠡᠩᠲᠦ᠋ᠩ ᠤᠨ ᠪᠡᠯᠡ ᠬᠦᠷᠦᠩᠭᠡ᠂ ᠮᠡᠷᠭᠡᠵᠢᠯ᠂ ᠵᠠᠬ᠎ᠠ | ᠲᠡᠯᠭᠡᠭᠦᠷ ᠤᠨ ᠲᠠᠪᠠᠭᠤᠯᠢᠭ ᠢ ᠤᠶᠠᠯᠲᠤᠭᠤᠯᠵᠦ᠂ ᠤᠮᠠᠷᠠᠲᠦ ᠤᠷᠤᠨ ᠤ ᠵᠠᠬ᠎ᠠ ᠲᠡᠯᠭᠡᠭᠦᠷ ᠢ ᠬᠠᠮᠲᠤ ᠪᠠᠷ ᠨᠡᠭᠡᠭᠡᠨ᠎ᠠ᠃ | ᠵᠤᠭᠠᠴᠠᠯ ᠤᠨ ᠠᠵᠦ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠠ᠂ ᠬᠤᠶᠠᠷ ᠭᠠᠵᠠᠷ ᠤᠨ ᠵᠤᠭᠠᠴᠠᠯ ᠤᠨ | ᠰᠤᠶᠤᠯ ᠤᠨ ᠪᠠᠶᠠᠯᠢᠭ ᠡᠬᠢ ᠪᠠᠶᠠᠯᠢᠭ ᠢ ᠠᠭᠤᠲᠠᠯᠵᠦ᠂ ᠲᠠᠭᠠᠭᠤᠯᠤᠭᠴᠢ ᠠᠵᠦ ᠠᠬᠤᠢᠢᠯᠠᠯ ᠢ ᠬᠦᠲᠦᠯᠦᠨ | ᠲᠠᠭᠠᠭᠤᠯᠵᠦ ᠪᠠᠶᠢᠭᠠᠳ ᠨᠦᠭᠦᠭᠡ ᠡᠲᠡᠭᠡᠳ ᠤᠨ ᠢᠶᠠᠨ ᠦᠵᠡᠮᠵᠢ ᠶᠢᠨ ᠴᠢᠭ᠋ ᠦᠵᠡᠮᠵᠢ ᠶᠢᠨ ᠤᠷᠤᠨ ᠪᠤᠯᠤᠨ | ᠵᠤᠭᠠᠴᠠᠯ ᠤᠨ ᠲᠦᠷᠦᠯ ᠵᠦᠢᠯ ᠳᠤ ᠪᠡᠯᠡ ᠤᠷᠤᠭᠤᠯᠤᠨ ᠨᠡᠭᠡᠭᠡᠡ ᠬᠦᠭᠵᠢᠭᠦᠯᠵᠦ᠂ ᠬᠤᠶᠠᠷ ᠲᠠᠯ᠎ᠠ ᠶᠢᠨ ᠤᠨᠴᠠᠯᠢᠠᠠᠲᠦ | ᠵᠤᠭᠠᠴᠠᠯ ᠤᠨ ᠡᠬᠢ ᠪᠠᠶᠠᠯᠢᠭ ᠢ ᠲᠠᠨᠢᠯᠴᠠᠭᠤᠯᠤᠨ ᠤᠬᠠᠭᠤᠯᠬᠤ ᠶᠢ ᠴᠢᠨᠠᠭᠰᠢᠲᠠ ᠴᠢᠩᠭᠠᠳᠬᠠᠵᠦ᠂ ᠦᠪᠦᠷ ᠮᠤᠩᠭᠤᠯ | ᠤᠨ ᠵᠤᠭᠠᠴᠠᠭᠰᠠᠳ ᠢ ᠭᠤᠸᠡᠩᠲᠦ᠋ᠩ ᠳᠤ ᠢᠷᠡᠭᠦᠯᠦᠨ ᠲᠠᠯᠠᠢ ᠦᠵᠡᠭᠦᠯᠵᠦ᠂ ᠭᠤᠸᠠᠩᠲᠦ᠋ᠩ ᠤᠨ ᠵᠤᠭᠠᠴᠠᠭᠰᠠᠳ ᠢ | ᠦᠪᠦᠷ ᠮᠤᠩᠭᠤᠯ ᠳᠤ ᠤᠴᠢᠭᠤᠯᠤᠨ ᠴᠠᠰᠤ ᠰᠤᠨᠢᠷᠬᠠᠭᠤᠯᠤᠨ᠎ᠠ᠃ ᠭᠠᠷ ᠭᠠᠷ ᠢᠶᠠᠨ ᠬᠤᠯᠪᠤᠯᠴᠠᠨ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠵᠤ᠂ ︽ᠭᠤᠸᠠᠩᠳᠦ᠋ᠩ — ᠮᠠᠨᠵᠤᠤᠷ — ᠤᠷᠤᠰ | ︾ ᠤᠯᠠᠨ ᠤᠯᠤᠰ ᠤᠨ ᠪᠠᠷᠠᠭ᠎ᠠ ᠵᠦᠭᠡᠭᠡᠪᠦᠷᠢᠯᠡᠬᠦ ᠵᠢᠰᠢᠶᠠᠨ ᠤ ᠭᠠᠯᠲᠤ ᠲᠡᠷᠭᠡ ᠶᠢ ᠰᠠᠶᠢᠳᠤᠷ ᠠᠰᠢᠬᠯᠠᠵᠤ᠂ ᠦᠪᠦᠷ | ᠮᠤᠩᠭᠤᠯ ᠤᠨ ᠪᠠᠷᠠᠭᠠᠨ ᠤ ᠡᠮᠦᠨᠡᠰᠢ ᠳᠠᠯᠠᠢ ᠳᠤ ᠭᠠᠷᠬᠤ᠂ ᠭᠤᠸᠠᠩᠳᠦ᠋ᠩ ᠤᠨ ᠪᠠᠷᠠᠭ᠎ᠠ ᠤᠮᠠᠷᠠᠰᠢ ᠬᠢᠯᠢ ᠠᠴᠠ | ᠭᠠᠷᠬᠤ ᠳᠤ ᠦᠨᠳᠦᠷ ᠪᠦᠲᠦᠮᠵᠢᠲᠡᠢ ᠳᠦᠬᠦᠮᠬᠡᠨ ᠨᠡᠪᠲᠡᠷᠡᠬᠦ ᠵᠠᠮ ᠬᠠᠩᠭᠠᠬᠤ ᠭᠡᠷᠡᠭᠲᠡᠢ᠃ ᠭᠤᠸᠠᠩᠳᠦ᠋ᠩ ᠤᠨ | ᠴᠢᠯᠦᠭᠡᠲᠤ ᠠᠷᠠᠯᠵᠢᠶᠠᠨ ᠤ ᠲᠤᠷᠰᠢᠯᠲᠠ ᠶᠢᠨ ᠤᠷᠤᠨ᠂ ᠳᠤᠮᠳᠠᠳᠤ ᠤᠯᠤᠰ ᠤᠨ ᠬᠢᠯᠢ ᠪᠠᠷ ᠤᠷᠤᠭᠤᠯᠵᠤ ᠭᠠᠷᠭᠠᠬᠤ | ᠲᠠᠸᠠᠷ ᠤᠨ ᠠᠷᠠᠯᠵᠢᠶᠠᠨ ᠤ ᠴᠤᠭᠯᠠᠭᠠᠨ᠂ ᠳᠠᠯᠠᠢ ᠶᠢᠨ ᠬᠤᠭᠤᠯᠠᠢ ᠶᠢᠨ ᠬᠤᠶᠠᠷ ᠬᠦᠪᠡᠭᠡᠨ ᠤ ᠨᠡᠬᠡᠮᠡᠯ ᠬᠤᠪᠴᠠᠰᠤᠨ | ᠤ ᠦᠵᠡᠰᠬᠦᠯᠡᠩ ᠤᠨ ᠴᠤᠭᠯᠠᠭᠠᠨ ᠵᠢᠴᠢ ᠦᠪᠦᠷ ᠮᠤᠩᠭᠤᠯ ᠤᠨ ᠬᠢᠯᠢ ᠳᠠᠭᠠᠤ ᠨᠡᠭᠡᠭᠡᠨ ᠬᠦᠭᠵᠢᠭᠦᠯᠬᠦ | ᠲᠤᠷᠰᠢᠯᠲᠠ ᠶᠢᠨ ᠤᠷᠤᠨ᠂ ᠳᠤᠮᠳᠠᠳᠤ ᠮᠤᠩᠭᠤᠯ ᠤᠷᠤᠰ ᠤᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭᠠᠨ ᠤ | ᠵᠦᠪᠳᠡᠯᠴᠠᠬᠦ ᠬᠤᠷᠠᠯ ᠵᠡᠷᠭᠡ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭᠠᠨ ᠤ ᠲᠠᠪᠴᠠᠩ ᠤᠨ ᠡᠬᠢ ᠪᠠᠶᠠᠯᠢᠭ ᠢ | ᠬᠠᠮᠲᠤᠪᠡᠷ ᠡᠳ᠋ᠯᠡᠵᠦ᠂ ᠬᠤᠶᠠᠷ ᠮᠤᠵᠢ ᠦᠪᠡᠷᠲᠡᠭᠡᠨ ᠵᠠᠰᠠᠬᠤ ᠤᠷᠤᠨ ᠤ ᠭᠠᠳᠠᠭᠠᠳᠤ ᠨᠡᠭᠡᠭᠡᠯᠲᠡ ᠶᠢᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠭᠡᠯᠡᠪᠡ᠃ | ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ | ᠲᠦᠯᠦᠭᠡᠯᠡᠨ ᠭᠤᠸᠠᠩᠳᠦ᠋ᠩ ᠮᠤᠵᠢ ᠶᠢᠨ ᠤᠯᠠᠨ ᠵᠢᠯ ᠤᠨ ᠲᠤᠷᠰᠢ ᠦᠪᠦᠷ ᠮᠤᠩᠭᠤᠯ ᠳᠤ ᠦᠵᠡᠭᠦᠯᠦᠭᠰᠡᠨ ᠳᠡᠮᠵᠢᠯᠭᠡ | ᠪᠠ ᠬᠠᠪᠰᠤᠷᠤᠯᠭ᠎ᠠ ᠳᠤ ᠪᠠᠶᠠᠷ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠬᠤᠶᠠᠷ ᠮᠤᠵᠢ ᠦᠪᠡᠷᠲᠡᠭᠡᠨ ᠵᠠᠰᠠᠬᠤ | ᠤᠷᠤᠨ ᠤ ᠰᠤᠯᠢᠯᠴᠠᠭ᠎ᠠ ᠬᠠᠮᠲᠤᠷᠠᠯᠴᠠᠭ᠎ᠠ ᠶᠢᠨ ᠪᠠᠶᠢᠳᠠᠯ ᠢ ᠳᠦᠭᠦᠮ ᠡᠷᠬᠢᠴᠡᠭᠦᠯᠵᠡᠢ᠃ ᠲᠡᠷᠡ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠤᠸᠠᠩᠳᠦ᠋ᠩ ᠮᠤᠵᠢ ᠯᠤᠭ᠎ᠠ ᠶᠢᠨ ᠰᠤᠯᠢᠯᠴᠠᠭ᠎ᠠ | ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠳᠠᠭ᠃ ᠭᠤᠸᠠᠩᠳᠦ᠋ᠩ ᠯᠦᠭᠡ ᠵᠤᠭᠠᠴᠠᠯ᠂ ᠰᠤᠶᠤᠯ ᠵᠡᠷᠭᠡ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠲᠠ | ᠬᠦᠨᠵᠡᠭᠡᠶᠢᠷᠡᠭᠦᠯᠵᠦ᠂ ᠵᠤᠭᠠᠴᠠᠯ ᠤᠨ ᠰᠤᠶᠤᠯ ᠤᠨ ᠡᠬᠢ ᠪᠠᠶᠠᠯᠢᠭ ᠢ ᠬᠠᠮᠲᠤᠪᠡᠷ ᠠᠭᠤᠳᠠᠯᠵᠤ᠂ ᠦᠪᠦᠷ ᠮᠤᠩᠭᠤᠯ | ᠤᠨ ᠵᠤᠭᠠᠴᠠᠯ ᠤᠨ ᠰᠤᠶᠤᠯ ᠤᠨ ᠲᠦᠷᠦᠯ ᠲᠡᠮᠳᠡᠭ ᠢ ᠪᠦᠬᠦ ᠤᠯᠤᠰ ᠴᠢᠨᠠᠭᠰᠢᠯᠠᠨ ᠳᠡᠯᠡᠬᠡᠢ ᠳᠤ ᠲᠠᠨᠢᠯᠴᠠᠭᠤᠯᠬᠤ ᠶᠢ | ᠬᠦᠰᠡᠵᠦ ᠪᠠᠶᠢᠨ᠎ᠠ᠃ ᠳᠤᠮᠤ ᠳ᠋ᠠᠶᠢᠲ᠋ᠠ ᠶᠢᠨ ᠬᠦᠷᠢᠶᠡᠨ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠵᠦ᠂ ᠦᠪᠦᠷ | ᠮᠤᠩᠭᠤᠯ ᠤᠨ ᠳ᠋ᠠᠶᠢᠲ᠋ᠠ ᠶᠢᠨ ᠳᠦᠪ ᠤᠨ ᠳᠠᠪᠠᠭᠤᠯᠢᠬ ᠢ ᠭᠤᠸᠠᠩᠳᠦ᠋ᠩ ᠤᠨ ᠬᠡᠷᠡᠭᠯᠡᠭᠡ ᠦᠢᠯᠡᠴᠢᠯᠡᠬᠡᠨ ᠤ | ᠴᠢᠳᠠᠪᠤᠷᠢ ᠶᠢᠨ ᠳᠠᠪᠠᠭᠤᠯᠢᠬ ᠲᠠᠢ ᠤᠶᠠᠯᠳᠤᠭᠤᠯᠵᠦ᠂ ᠶᠡᠭᠡ ᠳ᠋ᠠᠶᠢᠲ᠋ᠠ ᠶᠢᠨ ᠳᠡᠬᠡᠷ᠎ᠠ ᠳᠤᠤᠷ᠎ᠠ ᠴᠠᠷᠠᠭ᠎ᠠ ᠳᠠᠬᠢ ᠠᠵᠦ | ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠦ᠂ ᠳᠡᠯᠡᠬᠡᠢ ᠳ᠋ᠡᠬᠢᠨ ᠳᠤ ᠦᠷᠢᠰᠦᠯᠳᠦᠬᠦ ᠬᠦᠴᠦᠨ ᠲᠠᠢ ᠳᠤᠮᠤ | ᠳ᠋ᠠᠶᠢᠲ᠋ᠠ ᠶᠢᠨ ᠠᠵᠦ ᠦᠢᠯᠡᠰ ᠤᠨ ᠳᠦᠪᠯᠡᠷᠡᠭᠰᠡᠨ ᠤᠷᠤᠨ ᠢ ᠬᠠᠮᠳᠤᠪᠠᠷ ᠪᠠᠶᠢᠭᠤᠯᠤᠶ᠎ᠠ᠃ ᠡᠬᠦᠨ ᠤ ᠬᠠᠮᠳᠤ᠂ ᠪᠠᠯ | ᠴᠢᠯᠠᠭᠤᠨ ᠤ ᠠᠯᠭᠧᠨ ᠵᠢᠴᠢ ᠡᠨᠧᠷᠬᠢ᠂ ᠬᠢᠮᠢ ᠶᠢᠨ ᠠᠵᠦ ᠦᠢᠯᠡᠳᠪᠤᠷᠢ᠂ ᠳᠡᠮᠦᠷᠯᠢᠭ ᠬᠠᠶᠢᠯᠤᠭᠤᠯᠬᠤ ᠵᠡᠷᠬᠡ | ᠬᠦᠷᠢᠶᠡᠨ ᠳᠤ ᠨᠡᠩ ᠤᠯᠠᠨ ᠬᠠᠮᠳᠤᠷᠠᠯᠴᠠᠭ᠎ᠠ ᠦᠷᠨᠢᠬᠦᠯᠦᠶᠠ᠃ ᠤᠳᠤ ᠦᠶ᠎ᠠ ᠶᠢᠨ ᠮᠠᠯ ᠠᠵᠦ ᠠᠬᠤᠢ ᠳᠠᠷᠢᠶᠠᠯᠠᠩ | ᠤᠨ ᠬᠦᠷᠢᠶᠡᠨ ᠳᠤ᠂ ᠪᠤᠬᠢᠷᠳᠤᠯ ᠦᠬᠡᠢ ᠮᠠᠯ ᠤᠨ ᠠᠰᠢᠬ ᠰᠢᠮ᠎ᠠ ᠳᠠᠷᠢᠶᠠᠯᠠᠩ ᠤᠨ ᠪᠦᠳᠦᠬᠡᠭᠳᠡᠬᠦᠨ ᠦᠢᠯᠡᠳᠪᠦᠷᠢᠯᠡᠨ | ᠡᠳ᠋ᠰᠢᠬᠦᠯᠬᠦ᠂ ᠡᠳ᠋ ᠪᠠᠷᠠᠭ᠎ᠠ ᠳᠤᠬᠢᠷᠠᠭᠤᠯᠤᠨ ᠬᠦᠷᠬᠡᠬᠦ ᠪᠠ ᠪᠤᠷᠤᠯᠠᠭᠤᠯᠭ᠎ᠠ ᠶᠢᠨ ᠰᠢᠰᠲ᠋ᠧᠮ ᠤᠨ ᠪᠦᠳᠦᠬᠡᠨ | ᠪᠠᠶᠢᠭᠤᠯᠤᠯᠳᠠ ᠵᠡᠷᠬᠡ ᠳᠠᠯ᠎ᠠ ᠪᠠᠷ ᠬᠢ ᠬᠠᠮᠳᠤᠷᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠡᠸᠦ᠋ᠷᠦᠫᠠ ᠶᠢᠨ | ᠡᠬᠡᠯᠵᠢᠨ ᠤ ᠭᠠᠯᠳᠤ ᠳᠡᠷᠬᠡ ᠪᠠᠷ ᠠᠴᠢᠶᠠᠯᠠᠪᠤᠷᠢ ᠪᠤᠯᠭᠠᠵᠦ᠂ ᠬᠤᠶᠠᠷ ᠤᠷᠤᠨ ᠤ ᠭᠠᠷᠠᠮ᠂ ᠪᠤᠭᠤᠮᠳᠠ ᠪᠠᠷ ᠳᠠᠪᠴᠠᠩ | ᠪᠤᠯᠭᠠᠵᠦ᠂ ︽ᠨᠢᠬᠡ ᠪᠦᠰᠡ ᠨᠢᠬᠡ ᠵᠠᠮ︾ ᠤᠨ ᠪᠦᠳᠦᠬᠡᠨ ᠪᠠᠶᠢᠭᠤᠯᠤᠯᠳᠠ ᠶᠢᠨ ᠬᠠᠮᠳᠤᠷᠠᠯᠴᠠᠭ᠎ᠠ ᠪᠠᠨ | ᠴᠢᠩᠭᠠᠳᠬᠠᠶ᠎ᠠ᠃ ᠰᠢᠨᠵᠢᠯᠡᠬᠦ ᠤᠬᠠᠭᠠᠨ ᠮᠡᠷᠬᠡᠵᠢᠯ ᠪᠤᠯᠤᠨ ᠴᠢᠳᠠᠪᠤᠷᠢᠳᠡᠨ ᠤ ᠬᠦᠷᠢᠶᠡᠨ ᠳᠤ᠂ ᠴᠢᠳᠠᠪᠤᠷᠢᠳᠡᠨ ᠤ | ᠰᠤᠯᠢᠯᠴᠠᠭ᠎ᠠ ᠬᠠᠮᠳᠤᠷᠠᠯᠴᠠᠭᠠᠨ ᠤ ᠳᠠᠪᠴᠠᠩ ᠪᠤᠯᠤᠨ ᠰᠢᠨ᠎ᠠ ᠶᠢ ᠡᠬᠦᠳᠬᠦ ᠳᠠᠪᠴᠠᠩ ᠤᠳ ᠢ ᠪᠠᠶᠢᠭᠤᠯᠵᠦ᠂ | ᠴᠢᠳᠠᠪᠤᠷᠢᠳᠡᠨ ᠬᠦᠮᠦᠵᠢᠬᠦᠯᠬᠦ ᠪᠡ ᠡᠬᠢ ᠪᠠᠶᠠᠯᠢᠬ ᠢ ᠬᠠᠮᠳᠤᠪᠠᠷ ᠡᠳ᠋ᠯᠡᠬᠦ ᠳᠤᠬᠳᠠᠴᠠ ᠶᠢ ᠪᠠᠶᠢᠭᠤᠯᠤᠶ᠎ᠠ᠃ ᠦᠪᠦᠷ | ᠮᠤᠩᠭᠤᠯ ᠤᠨ ᠵᠡᠬᠦᠨ ᠬᠡᠰᠡᠭ ᠤᠨ ᠠᠶᠢᠮᠠᠬ ᠬᠤᠳᠠ ᠪᠤᠯᠤᠨ ᠭᠤᠸᠠᠩᠳᠦ᠋ᠩ ᠤᠨ ᠬᠠᠮᠢᠶ᠎ᠠ ᠪᠦᠬᠦᠢ ᠭᠠᠵᠠᠷ ᠤᠨ ᠳᠡᠰ | ᠤᠨ ᠬᠤᠳᠠ ᠯᠤᠭ᠎ᠠ ᠶᠢᠨ ᠠᠵᠢᠯ ᠳᠦᠷᠦᠯ ᠢᠶᠠᠷ ᠢᠶᠠᠨ ᠬᠠᠪᠰᠤᠷᠤᠯᠴᠠᠬᠤ ᠬᠠᠮᠳᠤᠷᠠᠯᠴᠠᠭ᠎ᠠ ᠶᠢ ᠴᠢᠨᠠᠬᠰᠢᠳᠠ | ᠴᠢᠩᠭᠠᠳᠬᠠᠵᠦ᠂ ᠡᠬᠡ ᠤᠯᠤᠰ ᠤᠨ ᠵᠡᠬᠦᠨ ᠬᠤᠶᠢᠳᠦ ᠤᠷᠤᠨ ᠢ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ | ᠬᠠᠮᠳᠤᠪᠠᠷ ᠬᠤᠪᠢ ᠨᠠᠮᠡᠷᠢ ᠦᠵᠡᠬᠦᠯᠦᠶᠠ ᠬᠡᠵᠦ ᠭᠡᠯᠡᠵᠠᠢ᠃ | ᠵᠦ ᠰᠢᠶᠤᠤ ᠳ᠋ᠠᠨ᠂ ᠭᠤᠸᠠᠩᠳᠦ᠋ᠩ ᠪᠤᠯᠤᠨ ᠦᠪᠦᠷ ᠮᠤᠩᠭᠤᠯ ᠤᠨ ᠰᠤᠯᠢᠯᠴᠠᠭ᠎ᠠ ᠬᠠᠮᠳᠤᠷᠠᠯᠴᠠᠭ᠎ᠠ | ᠶᠡᠷᠦ ᠠᠴᠠ ᠮᠠᠰᠢ ᠨᠢᠬᠳᠠ ᠳᠤᠳᠤᠨᠤ ᠶᠠᠪᠤᠬᠳᠠᠬᠰᠠᠭᠠᠷ ᠢᠷᠡᠪᠠ᠃ ᠬᠤᠶᠠᠷ ᠮᠤᠵᠢ ᠤᠷᠤᠨ ︽ᠦᠪᠦᠷ ᠮᠤᠩᠭᠤᠯ · | ᠭᠤᠸᠠᠩᠳᠦ᠋ᠩ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠬᠠᠮᠳᠤᠷᠠᠯᠴᠠᠭᠠᠨ ᠤ ᠪᠦᠳᠦᠬᠦᠪᠴᠢ ᠵᠦᠪᠯᠡᠯᠴᠡᠬᠡᠷ | ︾ ᠢ ᠳᠤᠬᠢᠷᠠᠯᠴᠠᠵᠠᠢ᠂ ᠡᠨᠡ ᠤᠳᠠᠭ᠎ᠠ ᠪᠠᠰᠠ ᠬᠤᠶᠠᠷ ᠮᠤᠵᠢ ᠤᠷᠤᠨ ᠤ ᠬᠠᠮᠳᠤᠷᠠᠯᠴᠠᠭ᠎ᠠ ᠬᠦᠭᠵᠢᠯᠳᠡ ᠶᠢᠨ ᠶᠡᠭᠡ | ᠠᠷᠭ᠎ᠠ ᠪᠤᠳᠤᠯᠭ᠎ᠠ ᠶᠢ ᠬᠠᠮᠳᠤᠪᠠᠷ ᠵᠦᠪᠯᠡᠵᠦ᠂ ᠪᠦᠬᠦ ᠳᠠᠯ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠬᠤ ᠳᠤᠬᠠᠢ | ᠪᠦᠳᠦᠬᠦᠪᠴᠢ ᠵᠦᠪᠯᠡᠯᠴᠡᠬᠡᠷ ᠳᠤᠬᠢᠷᠠᠯᠴᠠᠬᠰᠠᠨ ᠨᠢ ᠬᠤᠶᠠᠷ ᠮᠤᠵᠢ ᠤᠷᠤᠨ ᠤ ᠡᠯ᠎ᠠ ᠬᠦᠷᠢᠶᠡᠨ ᠳᠠᠬᠢ ᠬᠠᠷᠢᠯᠴᠠᠨ | ᠠᠰᠢᠬᠳᠠᠢ ᠬᠠᠮᠳᠤᠷᠠᠯᠴᠠᠭᠠᠨ ᠤ ᠰᠢᠨ᠎ᠠ ᠬᠠᠭᠤᠳᠠᠰᠤ ᠶᠢ ᠰᠡᠬᠦᠬᠦ ᠨᠢ ᠯᠠᠪᠳᠠᠢ ᠶᠤᠮ ᠬᠡᠵᠦ ᠢᠯᠡᠳᠭᠡᠪᠡ᠃ | ᠶᠠᠷᠢᠯᠴᠠᠬᠤ ᠬᠤᠷᠠᠯ ᠤᠨ ᠳᠠᠷᠠᠭ᠎ᠠ ᠦᠪᠤᠷ ᠮᠤᠩᠭᠤᠯ ᠤᠨ ᠦᠪᠡᠷᠳᠡᠬᠡᠡ ᠵᠠᠰᠠᠬᠤ ᠤᠷᠦᠠ ᠤ ᠵᠠᠰᠠᠬ ᠤᠨ | ᠤᠷᠳᠦᠡ ᠨᠢ ᠭᠤᠸᠠᠩᠳᠦ᠋ᠩ ᠮᠤᠵᠢ ᠶᠢᠨ ᠵᠠᠰᠠᠬ ᠤᠨ ᠤᠷᠳᠦᠠ ᠯᠤᠭ᠎ᠠ ︽ᠦᠪᠤᠷ ᠮᠤᠩᠭᠤᠯ · ᠭᠤᠸᠠᠩᠳᠦ᠋ᠩ ᠤᠨ | ᠪᠠᠶᠢᠯᠳᠤᠬᠤ ᠪᠤᠳᠤᠯᠭ᠎ᠠ ᠶᠢᠨ ᠬᠠᠮᠳᠦᠷᠠᠯᠴᠠᠭᠠᠠ ᠤ ᠪᠦᠳᠦᠭᠦᠪᠴᠢ ᠵᠦᠪᠯᠡᠯᠴᠡᠬᠡᠷ︾ ᠲᠤ ᠭᠠᠷ ᠤᠨ ᠦᠰᠦᠭ ᠵᠢᠷᠦᠵᠠᠢ | ᠂ ︽13· 5︾ ᠶᠢᠨ ᠬᠤᠭᠤᠴᠠᠭᠠᠠ ᠳᠤ ᠬᠤᠶᠡᠷ ᠮᠤᠵᠢ ᠤᠷᠦᠠ ᠦᠪᠡᠷ ᠦᠪᠡᠷ ᠤᠨ ᠳᠠᠪᠠᠭᠤᠯᠢᠬ ᠢᠶᠠᠨ | ᠬᠦᠢᠴᠠᠳ ᠪᠠᠳᠠᠷᠠᠭᠤᠯᠵᠦ᠂ ᠤᠳᠦ ᠦᠶ᠎ᠠ ᠶᠢᠨ ᠮᠠᠯ ᠠᠵᠦ ᠠᠬᠤᠢ ᠳᠠᠷᠢᠶᠠᠯᠠᠩ᠂ ᠠᠵᠦ ᠦᠢᠯᠠᠳᠪᠤᠷᠢ ᠪᠡ ᠮᠡᠳᠡᠭᠡ | ᠵᠠᠩᠬᠢᠵᠢᠯᠳᠠ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ᠂ ᠬᠤᠳᠠᠯᠳᠤᠭ᠎ᠠ ᠠᠷᠠᠯᠵᠢᠶ᠎ᠠ ᠪᠠᠷᠠᠭᠠᠠ ᠤ | ᠬᠦᠢᠯᠬᠡᠬᠡ᠂ ᠵᠤᠭᠠᠴᠠᠯ ᠰᠤᠶᠤᠯ᠂ ᠡᠷᠡᠬᠦᠯ ᠮᠠᠠᠳᠦ ᠶᠢᠨ ᠦᠢᠯᠠᠴᠢᠯᠡᠬᠡᠡ ᠤ ᠦᠢᠯᠠᠰ᠂ ᠮᠦᠩᠬᠦᠡ ᠬᠦᠢᠯᠬᠡᠬᠡ᠂ | ᠴᠢᠳᠠᠪᠤᠷᠢᠳᠠᠠ ᠢ ᠬᠦᠮᠦᠵᠢᠬᠦᠯᠬᠦ ᠵᠡᠷᠬᠡ ᠬᠦᠷᠢᠶᠠᠠ ᠳᠠᠬᠢ ᠬᠠᠮᠳᠦᠷᠠᠯᠴᠠᠭ᠎ᠠ ᠪᠠᠨ ᠴᠢᠩᠭᠠᠳᠬᠠᠨ᠎ᠠ︔ ᠳᠤᠮᠳᠠᠳᠦ | ᠤᠯᠥᠰ ᠤᠨ ᠭᠤᠸᠠᠩ ᠾᠧ ᠪᠦᠯᠥᠭᠯᠡᠯ ᠤᠨ ᠬᠢᠵᠠᠭᠠᠷᠳᠦ ᠺᠤᠮᠫᠠᠨᠢ ᠯᠤᠭ᠎ᠠ ︽ᠦᠪᠤᠷ ᠮᠤᠩᠭᠤᠯ ᠤᠨ ᠦᠪᠡᠷᠳᠡᠬᠡᠡ | ᠵᠠᠰᠠᠬᠤ ᠤᠷᠦᠠ ᠤ ᠠᠷᠠᠳ ᠤᠨ ᠵᠠᠰᠠᠬ ᠤᠨ ᠤᠷᠳᠦᠡ· ᠳᠤᠮᠳᠠᠳᠦ ᠤᠯᠥᠰ ᠤᠨ ᠭᠤᠸᠠᠩ ᠾᠧ ᠪᠦᠯᠥᠭᠯᠡᠯ ᠤᠨ | ᠬᠢᠵᠠᠭᠠᠷᠳᠦ ᠺᠤᠮᠫᠠᠨᠢ ᠶᠢᠨ ᠪᠠᠶᠢᠯᠳᠤᠬᠤ ᠪᠤᠳᠤᠯᠭ᠎ᠠ ᠶᠢᠨ ᠬᠠᠮᠳᠦᠷᠠᠯᠴᠠᠭᠠᠠ ᠤ ᠪᠦᠳᠦᠬᠦᠪᠴᠢ ᠵᠦᠪᠯᠡᠯᠴᠡᠬᠡᠷ︾ ᠲᠤ | ᠭᠠᠷ ᠤᠨ ᠦᠰᠦᠭ ᠵᠢᠷᠦᠵᠦ᠂ ᠠᠭᠤᠷᠬᠠᠢ ᠶᠢᠨ ᠡᠬᠢ ᠪᠠᠶᠠᠯᠢᠬ᠂ ᠵᠠᠩᠬᠢᠯᠠᠭ᠎ᠠ ᠶᠢᠨ ᠮᠡᠷᠬᠡᠵᠢᠯ ᠢ ᠰᠤᠳᠤᠯᠤᠠ | ᠬᠦᠭᠵᠢᠬᠦᠯᠬᠦ᠂ ᠴᠠᠪᠠᠷ ᠡᠨᠧᠷᠬᠢ᠂ ᠡᠨᠧᠷᠬᠢ ᠠᠷᠪᠢᠯᠠᠠ ᠪᠤᠬᠢᠷᠳᠦᠯ ᠢ ᠪᠠᠭᠠᠰᠬᠠᠬᠤ ᠵᠡᠷᠬᠡ ᠬᠦᠷᠢᠶᠡᠡ ᠳᠠᠬᠢ | ᠬᠠᠮᠳᠦᠷᠠᠯᠴᠠᠭ᠎ᠠ ᠶᠢ ᠭᠤᠤᠯᠳᠠᠯᠭ᠎ᠠ ᠲᠠᠢ ᠠᠬᠢᠭᠤᠯᠬᠤ ᠪᠠᠷ ᠪᠤᠯᠵᠠᠢ᠃ | ᠭᠤᠸᠠᠩᠳᠦ᠋ᠩ ᠳᠤ ᠪᠠᠶᠢᠬᠤ ᠬᠤᠭᠤᠴᠠᠭᠠᠠ ᠳᠤ ᠳᠦᠯᠥᠭᠡᠯᠡᠭᠴᠢᠳ ᠤᠨ ᠪᠦᠯᠬᠦᠮ ᠪᠠᠰᠠ ᠬᠤᠸᠠ ᠸᠧᠢ | ᠺᠤᠮᠫᠠᠨᠢ ᠪᠡ ᠵᠦᠩ ᠰᠢᠩ ᠺᠤᠮᠫᠠᠨᠢ ᠶᠢ ᠰᠢᠨᠵᠢᠯᠠᠠ ᠪᠠᠶᠢᠴᠠᠭᠠᠵᠦ᠂ ᠬᠤᠶᠠᠷ ᠨᠠᠷᠠᠳᠦ ᠠᠵᠦ ᠠᠬᠤᠢᠢᠯᠠᠯ ᠤᠨ ᠮᠠᠷᠬᠡᠵᠢᠯ | ᠤᠨ ᠰᠢᠨ᠎ᠠ ᠶᠢ ᠡᠬᠦᠳᠬᠦ᠂ ᠰᠢᠨ᠎ᠠ ᠦᠢᠯᠡᠳᠬᠦᠡ ᠢ ᠰᠤᠳᠤᠯᠤᠠ ᠬᠦᠭᠵᠢᠬᠦᠯᠬᠦ᠂ ᠦᠢᠯᠠᠳᠪᠤᠷᠢᠯᠠᠠ ᠪᠤᠷᠤᠯᠠᠭᠤᠯᠬᠤ᠂ | ᠵᠠᠬ᠎ᠠ ᠳᠠᠯᠬᠡᠬᠦᠷ ᠢ ᠦᠷᠬᠡᠳᠬᠡᠬᠦ ᠵᠡᠷᠬᠡ ᠳᠠᠯ᠎ᠠ ᠪᠠᠷ ᠬᠢ ᠪᠠᠶᠢᠳᠠᠯ ᠢ ᠬᠢᠨᠠᠮᠠᠭᠠᠢ ᠰᠤᠷᠤᠯᠴᠠᠨ ᠣᠶᠢᠯᠠᠭᠠᠪᠠ᠃ |