ᠷᠧᠨ ᠶᠠ ᠫᠢᠩ ᠦᠪᠡᠷᠲᠡᠭᠡᠨ ᠵᠠᠰᠠᠬᠤ ᠤᠷᠤᠨ ᠤ ᠤᠯᠤᠰ ᠲᠥᠷᠦ ᠶᠢᠨ ᠵᠦᠪᠯᠡᠯᠭᠡᠨ ᠤ 59 ᠳ᠋ᠦ᠋ᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/11/17
     11 ᠳ᠋ᠦ᠋ᠭᠡᠷ ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ 59 ᠳ᠋ᠤᠭᠡᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠤᠷᠠᠯᠳᠤᠭᠤᠯᠵᠦ᠂ ᠤᠢᠢᠷ᠎ᠠ ᠶᠢᠨ ᠬᠤᠭᠤᠴᠠᠭᠠᠨ ᠤ ᠠᠵᠢᠯ ᠢᠶᠠᠨ ᠰᠤᠳᠤᠯᠤᠨ ᠪᠠᠶᠢᠷᠢᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠴᠧᠨ ᠢᠥᠢ᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠴᠠᠩ ᠬᠠᠢ ᠬᠤᠷᠠᠯ ᠳᠤ ᠤᠷᠤᠯᠴᠠᠵᠠᠢ᠃ ᠬᠤᠷᠠᠯ ᠠᠴᠠ᠂ ᠯᠢᠶᠤᠤ ᠤᠯᠤᠰ ᠤᠨ ᠳᠡᠭᠡᠳᠦ ᠨᠡᠶᠢᠰᠯᠡᠯ ᠤᠨ ᠬᠤᠲᠠ ᠪᠤᠯᠤᠨ ᠳᠡᠭᠡᠳᠦᠰ ᠤᠨ ᠬᠢᠨᠢ ᠤᠩᠭᠤᠨ ᠤ ᠪᠠᠭᠤᠷᠢ ᠶᠢ ᠬᠠᠮᠠᠭᠠᠯᠠᠨ ᠬᠠᠮᠢᠶᠠᠷᠬᠤ ᠵᠢᠴᠢ ᠰᠤᠳᠤᠯᠤᠨ ᠠᠰᠢᠬᠯᠠᠬᠤ᠂ ᠦᠪᠡᠷᠲᠡᠭᠡᠨ ᠵᠠᠰᠠᠬᠤ ᠤᠷᠤᠨ ᠤ ᠠᠵᠦ ᠦᠢᠯᠡᠳᠪᠦᠷᠢ ᠶᠢᠨ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠬᠤ ᠬᠤᠶᠠᠷ ᠲᠤᠰᠬᠠᠢ ᠰᠡᠳᠦᠪ ᠢᠶᠠᠷ ᠵᠦᠪᠯᠡᠬᠦ ᠠᠵᠢᠯᠯᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ ᠶᠢ ᠰᠤᠳᠤᠯᠵᠦ᠂ ᠰᠠᠨᠠᠯ ᠳᠤᠷᠠᠳᠤᠯᠭ᠎ᠠ ᠶᠢᠨ ᠵᠦᠪᠯᠡᠯ ᠤᠨ ᠳᠤᠮᠳᠠᠳᠦ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠦᠪᠦᠷ ᠮᠤᠩᠭᠤᠯ ᠤᠨ ᠬᠤᠷᠢᠶ᠎ᠠ ᠶᠢᠨ ᠬᠠᠮᠢᠶ᠎ᠠ ᠪᠦᠬᠦᠢ ᠰᠠᠨᠠᠯ ᠳᠤᠷᠠᠳᠤᠯᠭ᠎ᠠ ᠶᠢ ᠱᠠᠯᠠᠪᠳᠠᠭᠤᠯᠵᠤ ᠰᠢᠢᠳᠪᠤᠷᠢᠯᠡᠬᠦᠯᠦᠭᠰᠡᠨ ᠪᠠᠶᠢᠳᠠᠯ ᠤᠨ ᠲᠤᠬᠠᠢ ᠮᠡᠳᠡᠬᠦᠯᠦᠯᠲᠡ ᠶᠢ ᠰᠤᠨᠤᠰᠴᠦ᠂ ᠦᠪᠡᠷᠲᠡᠭᠡᠨ ᠵᠠᠰᠠᠬᠤ ᠤᠷᠤᠨ ᠤ 2017 ᠣᠨ ᠤ ᠤᠯᠤᠰ ᠲᠦᠷᠦ ᠶᠢᠨ ᠵᠦᠪᠯᠡᠯᠬᠡᠨ ᠤ ᠵᠦᠪᠯᠡᠬᠦ ᠰᠡᠳᠦᠪ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠎ ᠶᠢᠨ ᠠᠷᠪᠠᠨ ᠲᠤᠯᠤᠳᠤᠭᠠᠷ ᠤᠳᠠᠭ᠎ᠠ ᠶᠢᠨ ᠬᠤᠷᠠᠯ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯ ᠤᠨ ᠪᠡᠯᠡᠳᠭᠡᠯ ᠠᠵᠢᠯ ᠢ ᠰᠤᠳᠤᠯᠵᠠᠢ᠃      ᠬᠤᠶᠠᠷ ᠲᠤᠰᠬᠠᠢ ᠰᠡᠳᠦᠪ ᠢᠶᠠᠷ ᠵᠦᠪᠯᠡᠬᠦ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠤᠨ ᠮᠡᠳᠡᠬᠦᠯᠦᠯᠲᠡ ᠶᠢ ᠰᠤᠨᠤᠰᠤᠬᠰᠠᠨ ᠤ ᠳᠠᠷᠠᠭ᠎ᠠ᠂ ᠷᠧᠨ ᠶᠠ ᠫᠢᠩ ᠵᠢᠭᠠᠵᠦ ᠭᠠᠷᠭᠠᠬᠰᠠᠨ ᠨᠢ᠂ ᠲᠠᠯ᠎ᠠ ᠨᠤᠲᠤᠭ ᠤᠨ ᠰᠤᠶᠤᠯ ᠪᠤᠯ ᠦᠪᠦᠷ ᠮᠤᠩᠭᠤᠯ ᠤᠨ ᠰᠤᠶᠤᠯ ᠤᠨ ᠲᠤᠮᠤ ᠤᠷᠤᠨ ᠠᠴᠠ ᠰᠤᠶᠤᠯ ᠤᠨ ᠬᠦᠴᠦᠷᠭᠡᠭ ᠤᠷᠤᠨ ᠪᠤᠯᠬᠤ ᠳᠠᠪᠠᠯᠲᠠ ᠶᠢᠨ ᠵᠤᠬᠰᠤᠴᠠ ᠪᠤᠯᠬᠤ ᠶᠤᠮ᠃ ᠯᠢᠶᠤᠤ ᠤᠯᠤᠰ ᠤᠨ ᠳᠡᠭᠡᠳᠦ ᠨᠡᠶᠢᠰᠯᠡᠯ ᠤᠨ ᠬᠤᠳᠠ ᠪᠤᠯᠤᠨ ᠲᠡᠭᠡᠳᠦᠰ ᠤᠨ ᠬᠢᠨᠢ ᠤᠩᠭᠤᠨ ᠤ ᠪᠠᠭᠤᠷᠢ ᠪᠤᠯ ᠮᠠᠨ ᠤ ᠤᠷᠤᠨ ᠤ ᠮᠠᠰᠢ ᠬᠤᠪᠤᠷ ᠴᠤᠬᠠᠭ ᠪᠤᠳᠠᠰ ᠤᠨ ᠰᠤᠶᠤᠯ ᠤᠨ ᠦᠪ ᠪᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠠᠯ᠎ᠠ ᠶᠢᠨ ᠬᠢᠨ ᠦᠵᠡᠯᠳᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠬᠦᠯᠵᠦ᠂ ᠪᠠᠭᠤᠷᠢ ᠶᠢ ᠬᠠᠮᠠᠭᠠᠯᠠᠨ ᠬᠠᠮᠢᠶᠠᠷᠬᠤ ᠪᠠ ᠠᠭᠤᠳᠠᠯᠤᠨ ᠠᠰᠢᠬᠯᠠᠬᠤ ᠠᠵᠢᠯ ᠢ ᠴᠢᠩᠭᠠᠳᠬᠠᠨ᠂ ᠬᠠᠮᠢᠶ᠎ᠠ ᠪᠦᠬᠦᠢ ᠬᠠᠭᠤᠴᠢ ᠰᠤᠳᠤᠯᠤᠯ ᠤᠨ ᠦᠷ᠎ᠡ ᠪᠦᠲᠦᠬᠡᠯ ᠢ ᠲᠡᠯᠭᠡᠷᠡᠭᠦᠯᠦᠨ ᠲᠦᠭᠡᠮᠡᠯᠵᠢᠬᠦᠯᠬᠦ ᠶᠢ ᠴᠢᠩᠭᠠᠳᠬᠠᠵᠦ ᠂ ᠲᠠᠯ᠎ᠠ ᠨᠤᠲᠤᠭ ᠤᠨ ᠰᠤᠶᠤᠯ ᠵᠢᠭᠤᠯᠴᠢᠯᠠᠯ ᠤᠨ ᠦᠢᠯᠡᠰ ᠤᠨ ᠲᠦᠷᠭᠡᠨ ᠬᠦᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠠ᠃ ᠷᠧᠨ ᠶᠠ ᠫᠢᠩ ᠴᠢᠬᠤᠯᠠᠴᠢᠯᠠᠬᠰᠠᠨ ᠨᠢ᠂ ︽12·5︾᠎ ᠠᠴᠠ ᠨᠠᠰᠢ᠂ ᠦᠪᠤᠷ ᠮᠤᠩᠭᠤᠯ ᠤᠯᠠᠨ ᠠᠵᠠ ᠳᠤᠬᠢᠶᠠᠯ ᠳᠤ ᠲᠤᠬᠢᠶᠠᠯᠳᠤᠨ ᠠᠵᠦ ᠠᠬᠤᠢ ᠶᠢᠨ ᠬᠦᠭᠵᠢᠯᠲᠡ ᠶᠢᠨ ︽ᠲᠦᠷᠭᠡᠨ ᠵᠠᠮ︾᠎ ᠳᠤ ᠠᠯᠬᠤᠨ ᠤᠷᠤᠵᠦ᠂ ᠠᠵᠦ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠦᠭᠰᠡᠨ ᠦᠷ᠎ᠡ ᠪᠦᠲᠦᠮᠵᠢ ᠲᠤᠪᠤᠶᠢᠮ᠎ᠠ ᠪᠤᠯᠵᠠᠢ᠃ ︽13·5︾᠎ ᠶᠢᠨ ᠡᠬᠢᠯᠡᠯᠳᠠ ᠶᠢᠨ ᠵᠢᠯ ᠳᠤ᠂ ᠡᠨᠧᠷᠬᠢ ᠶᠢᠨ ᠪᠦᠲᠦᠴᠡ ᠪᠤᠯᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠬᠦᠨᠵᠡᠬᠡᠢ ᠬᠤᠪᠢᠷᠠᠯᠲᠠ ᠭᠠᠷᠤᠭᠠᠳ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠲᠠᠰᠤᠷᠠᠯᠳᠠ ᠦᠬᠡᠢ ᠴᠤᠯᠭᠤᠷᠠᠨ᠂ ᠠᠵᠦ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠪᠠᠶᠢᠳᠠᠯ ᠨᠡᠩ ᠲᠤᠯᠭᠠᠮ᠎ᠠ ᠪᠤᠯᠤᠭᠰᠠᠨ ᠪᠠᠶᠢᠨ᠎ᠠ ᠃ ᠪᠢᠳᠡ ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠭᠡᠯᠳᠡᠳᠦ᠂ ᠬᠠᠮᠲᠤᠪᠡᠷ ᠡᠳ᠋ᠯᠡᠬᠦ ᠲᠠᠪᠤᠨ ᠶᠡᠭᠡ ᠬᠦᠭᠵᠢᠯᠲᠡ ᠶᠢᠨ ᠣᠨᠤᠯᠵᠢᠬᠤᠨ ᠢᠶᠠᠷ ᠵᠢᠯᠤᠭᠤᠳᠤᠮᠵᠢ ᠪᠤᠯᠭᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ ᠪᠤᠯᠭᠠᠵᠦ᠂ ᠠᠵᠦ ᠦᠢᠯᠡᠳᠪᠦᠷᠢ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠤᠯᠤᠨ ᠳᠡᠮᠵᠢᠯᠭᠡ ᠶᠢ ᠤᠯᠠᠮ ᠨᠢᠭᠡ ᠠᠯᠬᠤᠮ ᠳᠤᠳᠤᠷᠬᠠᠢ ᠪᠤᠯᠭᠠᠨ ︽ᠦᠪᠦᠷ ᠮᠤᠩᠭᠤᠯ ᠎ ᠤᠨ ︿13·5﹀᠎ ᠶᠢᠨ ᠠᠵᠦ ᠦᠢᠯᠡᠳᠪᠦᠷᠢ ᠶᠢᠨ ᠬᠦᠭᠵᠢᠯᠲᠡ ᠶᠢᠨ ᠲᠦᠯᠦᠪᠵᠢᠬᠦᠯᠭᠡ︾ ᠵᠡᠷᠭᠡ ᠲᠦᠷᠦ ᠶᠢᠨ ᠪᠤᠳᠤᠯᠭ᠎ᠠ ᠶᠢ ᠲᠦᠷᠭᠡᠭᠡᠨ ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠪᠠ ᠴᠢᠳᠠᠪᠤᠷᠢᠲᠠᠨ ᠤ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢᠨ ᠲᠤᠯᠭᠠᠭᠤᠷᠢᠯᠠᠯ ᠬᠦᠴᠦᠨ ᠪᠤᠯᠬᠤ ᠶᠢ ᠴᠢᠩᠭᠠᠳᠬᠠᠵᠦ᠂ ᠤᠯᠤᠰ ᠤᠨ ᠦᠮᠴᠢᠯᠡᠯ ᠤᠨ ᠲᠤᠮᠤ ᠬᠡᠯᠪᠡᠷᠢ ᠶᠢᠨ ᠠᠵᠦ ᠠᠬᠤᠢᠢᠯᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠠᠵᠦ ᠦᠢᠯᠡᠰ ᠤᠨ ᠳᠡᠰ ᠳᠠᠪᠬᠤᠷᠭ᠎ᠠ ᠬᠠᠷᠢᠴᠠᠩᠭᠤᠢ ᠪᠠᠷ ᠳᠤᠤᠷ᠎ᠠ᠂ ᠡᠬᠢ ᠪᠠᠶᠠᠯᠢᠭ ᠤᠨ ᠬᠤᠷᠤᠬᠳᠠᠯ ᠬᠠᠷᠢᠴᠠᠩᠭᠤᠢ ᠪᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠳᠤᠲᠠᠮᠠᠭ ᠵᠡᠷᠭᠡ ᠬᠦᠨ ᠳᠡᠰ ᠳᠠᠪᠬᠤᠷᠭ᠎ᠠ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠡᠷᠡᠰ ᠭᠤᠶᠢᠪᠢᠰᠢ ᠦᠬᠡᠢ ᠠᠬᠢᠭᠤᠯᠵᠦ᠂ ᠠᠵᠦ ᠦᠢᠯᠡᠳᠪᠦᠷᠢ ᠶᠢᠨ ᠠᠵᠦ ᠠᠬᠤᠢ ᠶᠢᠨ ᠪᠦᠬᠦ᠋ᠢᠯᠡ ᠴᠤᠬᠴᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠪᠡᠶᠡᠯᠡᠬᠦᠯᠬᠦ ᠬᠡᠷᠡᠭᠲᠡᠢ ᠭᠡᠪᠡ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠵᠢᠯ ᠤᠨ ᠰᠡᠬᠦᠯᠴᠢ ᠶᠢᠨ ᠠᠵᠢᠯ ᠢ ᠪᠠᠶᠢᠷᠢᠯᠠᠭᠤᠯᠤᠬᠰᠠᠨ ᠤ ᠳᠠᠷᠠᠭ᠎ᠠ ᠷᠧᠨ ᠶᠠ ᠫᠢᠩ ᠴᠢᠬᠤᠯᠠᠴᠢᠯᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠤᠯᠤᠨ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠬᠠᠷᠢᠯᠴᠠᠨ ᠤᠶᠠᠯᠳᠤᠭᠤᠯᠵᠦ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠎ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢ ᠨᠠᠷᠢᠨ ᠬᠢᠨᠠᠮᠠᠭᠠᠢ ᠰᠠᠶᠢᠲᠤᠷ ᠵᠤᠬᠢᠶᠠᠨ ᠪᠠᠶᠢᠭᠤᠯᠵᠦ᠂ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠢᠢᠯᠠᠩ ᠪᠤᠯᠤᠨ ᠡᠯ᠎ᠡ ᠨᠠᠮ ᠤᠨ ᠡᠬᠦᠷ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠵᠤᠬᠢᠶᠠᠨ ᠪᠠᠶᠢᠭᠤᠯᠵᠦ᠂ ᠪᠢᠳᠡᠨ ᠤ ᠨᠢᠭᠡ ᠵᠢᠯ ᠤᠨ ᠲᠤᠷᠰᠢᠬᠢ ᠰᠤᠷᠤᠯᠴᠠᠯᠭ᠎ᠠ ᠶᠢᠨ ᠦᠷ᠎ᠡ ᠪᠦᠳᠦᠬᠡᠯ ᠢᠶᠠᠨ ᠰᠡᠳᠬᠢᠯ ᠳᠡᠭᠡᠨ ᠬᠠᠳᠠᠩᠰᠢᠭᠤᠯᠵᠦ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠬᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠦᠪᠯᠡᠯᠬᠡᠨ ᠤ 2016 ᠣᠨ ᠤ ᠡᠯ᠎ᠡ ᠲᠠᠯ᠎ᠠ ᠶᠢᠨ ᠠᠵᠢᠯ ᠤᠨ ᠳ᠋ᠦᠩᠨᠡᠯᠲᠡ ᠶᠢ ᠬᠢᠨᠠᠮᠠᠭᠠᠢ ᠰᠠᠶᠢᠲᠤᠷ ᠬᠢᠵᠦ᠂ 2017 ᠣᠨ ᠤ ᠵᠦᠪᠯᠡᠬᠦ ᠲᠦᠯᠦᠪᠯᠡᠭᠡ ᠶᠢ ᠲᠦᠷᠭᠡᠭᠡᠨ ᠰᠤᠳᠤᠯᠤᠨ ᠲᠤᠬᠲᠠᠭᠠᠵᠦ᠂ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠎ ᠶᠢᠨ ᠪᠠᠶᠢᠡᠭᠭᠤ ᠶᠢᠨ ᠬᠤᠷᠢᠶ᠎ᠠ ᠶᠢᠨ ᠠᠷᠪᠠᠨ ᠳᠤᠯᠤᠳᠤᠭᠠᠷ ᠤᠳᠠᠭ᠎ᠠ ᠶᠢᠨ ᠬᠤᠷᠠᠯ ᠪᠤᠯᠤᠨ ᠠᠷᠪᠠᠨ ᠨᠢᠭᠡᠳᠦᠬᠡᠷ ᠬᠤᠭᠤᠴᠠᠭᠠᠨ ᠤ ᠲᠠᠪᠤᠳᠤᠭᠠᠷ ᠬᠤᠷᠠᠯ ᠢ ᠢᠳᠡᠪᠬᠢᠯᠡᠨ ᠪᠡᠯᠡᠳᠬᠡᠵᠦ᠂ ᠡᠯ᠎ᠡ ᠲᠦᠷᠦᠯ ᠤᠨ ᠠᠵᠢᠯ ᠤᠨ ᠦᠨᠳᠦᠷ ᠦᠷ᠎ᠡ ᠪᠦᠲᠦᠮᠵᠢ ᠲᠠᠢ ᠡᠮᠬᠢ ᠲᠠᠷᠠᠭᠠᠯᠠᠯ ᠲᠠᠢ ᠪᠠᠷ ᠶᠠᠪᠤᠬᠳᠠᠬᠤ ᠶᠢ ᠪᠠᠲᠤᠯᠠᠨ᠂ ᠤᠯᠤᠰ ᠲᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠪᠤᠳᠠᠳᠦ ᠦᠷ᠎ᠡ ᠪᠦᠲᠦᠮᠵᠢ ᠪᠠᠨ ᠲᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号