11 ᠳ᠋ᠤᠭᠡᠷ ᠰᠠᠷ᠎ᠠ ᠶᠢᠨ 16 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠭᠦ | ᠤᠷᠤᠨ ᠤ ᠵᠠᠰᠠᠬ ᠢ ᠴᠤᠮᠬᠠᠳᠬᠠᠵᠦ ᠡᠷᠭᠡ ᠪᠠ ᠬᠠᠮᠢᠶᠠᠷᠤᠯᠳᠠ ᠶᠢ ᠳᠣᠷᠣᠭᠰᠢ ᠪᠠᠭᠤᠯᠭᠠᠬᠤ ᠶᠢ ᠦᠢᠯᠡᠴᠢᠯᠡᠭᠡ ᠶᠢ | ᠰᠢᠯᠢᠳᠡᠭᠵᠢᠭᠦᠯᠭᠦ ᠦᠬᠡᠷᠡᠴᠢᠯᠡᠯᠳᠡ ᠲᠠᠢ ᠣᠶᠠᠯᠳᠣᠭᠤᠯᠬᠤ ᠶᠢ ᠠᠬᠢᠭᠤᠯᠬᠤ ᠠᠵᠢᠯ ᠤᠨ ᠲᠧᠯᠸᠢᠰ ᠤᠳᠠᠰᠦ ᠬᠤᠷᠠᠯ | ᠬᠢᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ | ᠦᠭᠡᠷᠡᠴᠢᠯᠠᠯᠳᠠ ᠶᠢᠨ ᠶᠡᠷᠦᠩᠭᠡᠢ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠰᠤᠳᠤᠯᠤᠨ | ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ | ᠤᠷᠤᠨ ᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠡᠭᠦᠷᠭᠡ ᠴᠢᠳᠠᠪᠭᠢ ᠶᠢ ᠬᠤᠪᠢᠷᠠᠭᠤᠯᠬᠤ ᠠᠵᠢᠯ ᠢ | ᠵᠤᠬᠢᠴᠠᠭᠤᠯᠬᠤ ᠶᠢ ᠠᠬᠢᠭᠤᠯᠬᠤ ᠲᠤᠭᠤᠢᠢᠯᠠᠩ ᠤᠨ ᠲᠠᠷᠤᠭ᠎ᠠ ᠵᠠᠩ ᠵᠢᠶᠠᠨ ᠮᠢᠨ ᠬᠤᠷᠠᠯ ᠳᠤ ᠤᠷᠤᠯᠴᠠᠬᠰᠠᠨ ᠪᠦᠭᠡᠳ | ᠶᠠᠷᠢᠶ᠎ᠠ ᠲᠠᠯᠪᠢᠵᠠᠢ᠃ | ᠵᠠᠩ ᠵᠢᠶᠠᠨ ᠮᠢᠨ ᠵᠢᠭᠠᠵᠦ ᠭᠠᠷᠭᠠᠬᠰᠠᠨ ᠨᠢ᠂ ᠵᠠᠰᠠᠬ ᠢ ᠴᠤᠮᠬᠠᠳᠬᠠᠵᠦ ᠡᠷᠭᠡ ᠪᠠ ᠬᠠᠮᠢᠶᠠᠷᠤᠯᠳᠠ ᠶᠢ | ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠬᠦ ᠶᠢ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠳᠡ ᠲᠠᠢ | ᠣᠶᠠᠯᠳᠣᠭᠤᠯᠬᠤ ᠪᠤᠯ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠠ ᠪᠠᠶᠢᠳᠠᠯ | ᠲᠤᠤᠷ᠎ᠠ ᠭᠠᠷᠭᠠᠬᠰᠠᠨ ᠴᠢᠬᠤᠯᠠ ᠰᠢᠢᠳᠪᠤᠷᠢᠳᠤ ᠪᠤᠳᠤᠯᠭ᠎ᠠ ᠪᠣᠯᠣᠨ᠎ᠠ᠃ ᠡᠨᠡ ᠵᠢᠯ ᠠᠴᠠ ᠨᠠᠰᠢ᠂ ᠡᠯ᠎ᠠ ᠭᠠᠵᠠᠷ | ᠤᠷᠤᠨ᠂ ᠡᠯ᠎ᠠ ᠰᠠᠯᠠᠭ᠎ᠠ ᠮᠦᠴᠢᠷ ᠵᠠᠰᠠᠬ ᠢ ᠴᠤᠮᠬᠠᠳᠬᠠᠵᠦ ᠡᠷᠭᠡ ᠶᠢ ᠳᠣᠷᠣᠭᠰᠢ ᠪᠠᠭᠤᠯᠭᠠᠬᠤ᠂ ᠦᠢᠯᠡᠴᠢᠯᠡᠭᠡ ᠶᠢ | ᠰᠢᠯᠢᠳᠡᠭᠵᠢᠭᠦᠯᠭᠦ᠂ ᠠᠷᠠᠳ ᠲᠤ ᠠᠰᠢᠭ ᠬᠦᠷᠳᠡᠭᠡᠵᠦ ᠠᠷᠠᠳ ᠲᠤ ᠲᠦᠭᠦᠮ ᠦᠵᠡᠭᠦᠯᠭᠦ ᠠᠯᠢ ᠣᠯᠠᠨ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠲᠤᠬᠳᠠᠭᠠᠨ ᠬᠡᠷᠡᠭᠵᠢᠭᠦᠯᠵᠦ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ | ᠬᠦᠭᠵᠢᠭᠡᠵᠦ᠂ ᠤᠴᠢᠷ ᠶᠠᠪᠣᠳᠠᠯ ᠰᠢᠢᠳᠪᠤᠷᠢᠯᠡᠭᠦ ᠦᠷ᠎ᠡ ᠠᠰᠢᠭ ᠢ ᠲᠡᠭᠡᠭᠰᠢᠯᠡᠭᠦᠯᠵᠦ᠂ ᠪᠦᠭᠦ ᠤᠷᠤᠨ ᠤ ᠠᠵᠦ | ᠠᠬᠤᠢ ᠨᠡᠶᠢᠭᠡᠮ ᠤᠨ ᠲᠤᠬᠳᠠᠭᠤᠨ ᠪᠦᠭᠡᠳ ᠡᠷᠡᠭᠦᠯ ᠢᠶᠠᠷ ᠬᠦᠭᠵᠢᠬᠦ ᠳᠤ ᠬᠦᠴᠦᠳᠤ ᠪᠠᠳᠤᠯᠠᠭ᠎ᠠ ᠬᠠᠨᠭ᠍ᠭᠠᠵᠠᠢ ᠭᠡᠪᠡ᠃ | ᠵᠠᠩ ᠵᠢᠶᠠᠨ ᠮᠢᠨ ᠴᠢᠬᠤᠯᠠᠴᠢᠯᠠᠬᠰᠠᠨ ᠨᠢ᠂ ᠵᠠᠰᠠᠬ ᠢ ᠴᠤᠮᠬᠠᠳᠬᠠᠵᠦ ᠡᠷᠭᠡ ᠶᠢ ᠳᠣᠷᠣᠭᠰᠢ ᠪᠠᠭᠤᠯᠭᠠᠬᠤ | ᠡᠷᠴᠢᠮ ᠢᠶᠠᠨ ᠴᠢᠩᠭᠠᠷᠠᠭᠤᠯᠵᠣ᠂ ᠳᠣᠷᠣᠭᠰᠢ ᠪᠠᠭᠤᠯᠭᠠᠭᠰᠠᠨ ᠵᠦᠢᠯᠡᠰ ᠢ ᠰᠠᠶᠢᠳᠣᠷ ᠵᠣᠯᠭᠠᠭᠤᠯᠣᠨ | ᠨᠠᠶᠢᠳᠠᠪᠣᠷᠢᠵᠢᠭᠤᠯᠵᠣ᠂ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠭᠦ ᠵᠦᠢᠯᠡᠰ ᠢ ᠪᠠᠷᠢᠮᠵᠢᠶᠠᠵᠢᠭᠤᠯᠬᠤ | ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠦᠭᠡᠷᠡᠴᠢᠯᠠᠯᠳᠠ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂ ᠪᠡᠯᠡ ᠤᠷᠤᠭᠤᠯᠤᠯᠳᠠ ᠶᠢ ᠬᠢᠨᠡᠨ ᠵᠦᠪᠰᠢᠶᠡᠷᠡᠭᠦ | ᠦᠭᠡᠷᠡᠴᠢᠯᠠᠯᠳᠠ ᠶᠢ ᠬᠦᠨᠵᠡᠭᠡᠢ ᠠᠬᠢᠭᠤᠯᠵᠦ᠂ ᠠᠵᠦ ᠠᠬᠤᠢᠢᠯᠠᠯ ᠤᠨ ᠲᠦᠷᠢᠮ ᠤᠨ ᠴᠢᠨᠠᠷᠳᠠᠢ ᠰᠤᠯᠢᠯᠴᠠᠭᠠᠨ ᠤ | ᠦᠷᠳᠡᠭ ᠢ ᠪᠦᠲᠦᠮᠵᠢᠳᠠᠢ ᠪᠠᠭᠤᠷᠠᠭᠤᠯᠵᠦ᠂ ︽ᠪᠠᠭᠤᠯᠭᠠᠬᠤ︾ ᠴᠢᠬᠤᠯᠠ ᠲᠠᠢ ᠶᠢ ᠨᠢ ᠲᠦᠢᠯᠪᠤᠷᠢᠳᠠᠢ ᠪᠠᠭᠤᠯᠭᠠᠵᠣ᠂ | ︽ᠪᠠᠭᠤᠷᠠᠭᠤᠯᠬᠤ︾ ᠴᠢᠬᠤᠯᠠ ᠲᠠᠢ ᠶᠢ ᠨᠢ ᠲᠦᠢᠯᠪᠤᠷᠢᠳᠠᠢ ᠪᠠᠭᠤᠷᠠᠭᠤᠯᠵᠦ᠂ ︽ᠠᠷᠢᠯᠭᠠᠬᠤ︾ ᠴᠢᠬᠤᠯᠠ ᠲᠠᠢ ᠶᠢ | ᠨᠢ ᠲᠦᠢᠯᠪᠤᠷᠢᠳᠠᠢ ᠠᠷᠢᠯᠭᠠᠬᠤ ᠬᠡᠷᠡᠭᠳᠡᠢ︔ ᠶᠠᠪᠤᠴᠠ ᠶᠢᠨ ᠲᠤᠮᠳᠠ ᠪᠠ ᠶᠠᠪᠤᠴᠠ ᠠᠴᠠ ᠰᠡᠭᠦᠯᠡᠷᠭᠢ ᠬᠢᠨᠠᠯᠳᠠ | ᠬᠠᠮᠢᠶᠠᠷᠤᠯᠳᠠ ᠶᠢ ᠴᠢᠩᠭᠠᠷᠠᠭᠤᠯᠵᠤ᠂ ︽ᠬᠠᠮᠢᠶᠠᠷᠬᠤ︾ ᠴᠢᠬᠤᠯᠠ ᠲᠠᠢ ᠶᠢ ᠨᠢ ᠦᠨᠡᠨᠭᠦ ᠬᠠᠮᠢᠶᠠᠷᠴᠤ᠂ ᠰᠠᠶᠢᠳᠤᠷ | ᠬᠠᠮᠢᠶᠠᠷᠴᠤ᠂ ᠲᠦᠢᠯᠪᠤᠷᠢᠳᠠᠢ ᠬᠠᠮᠢᠶᠠᠷᠬᠤ ᠬᠡᠷᠡᠭᠳᠡᠢ ᠬᠡᠪᠡ᠃ | ᠵᠠᠩ ᠵᠢᠶᠠᠨ ᠮᠢᠨ ᠱᠠᠭᠠᠷᠳᠠᠬᠰᠠᠨ ᠨᠢ᠂ ︽ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ | ᠶᠢ ᠬᠦᠴᠦᠯᠠᠨ ᠠᠬᠢᠭᠤᠯᠵᠦ᠂ ᠵᠠᠰᠠᠬ ᠤᠨ ᠶᠠᠪᠤᠳᠠᠯ ᠢ ᠢᠯᠠ ᠪᠣᠯᠭᠠᠬᠤ ᠡᠷᠴᠢᠮ ᠢᠶᠠᠨ ᠴᠢᠩᠭᠠᠷᠠᠭᠤᠯᠵᠣ᠂ | ᠦᠢᠯᠡᠴᠢᠯᠡᠭᠡ ᠶᠢᠨ ᠴᠢᠳᠠᠪᠤᠷᠢ ᠪᠠᠨ ᠴᠢᠨᠠᠬᠰᠢᠳᠠ ᠲᠡᠭᠡᠭᠰᠢᠯᠡᠭᠦᠯᠵᠦ᠂ ᠤᠯᠠᠨ ᠲᠦᠮᠡᠨ ᠤᠴᠢᠷ ᠶᠠᠪᠣᠳᠠᠯ | ᠰᠢᠢᠳᠪᠤᠷᠢᠯᠡᠭᠦ ᠳᠤ ᠨᠡᠩ ᠲᠦᠭᠦᠮ ᠪᠤᠯᠭᠠᠬᠤ ᠬᠡᠷᠡᠭᠳᠡᠢ᠃ ᠬᠠᠮᠳᠤ ᠳᠤᠨᠢ᠂ ᠠᠵᠢᠯ ᠤᠨ ᠲᠤᠬᠳᠠᠴᠠ ᠪᠠᠨ | ᠴᠢᠩᠭᠠᠷᠠᠭᠤᠯᠬᠤ ᠪᠠᠷ ᠲᠠᠮᠵᠢᠨ᠂ ᠡᠭᠦᠷᠭᠡ ᠶᠢᠨ ᠬᠤᠪᠢᠶᠠᠷᠢ ᠪᠠᠨ ᠨᠠᠷᠢᠯᠢᠬᠵᠢᠭᠤᠯᠵᠦ᠂ ᠰᠢᠮᠳᠠᠭᠤᠯᠤᠨ ᠪᠠᠶᠢᠴᠠᠭᠠᠬᠤ | ᠠᠵᠢᠯ ᠢ ᠴᠢᠩᠭᠠᠷᠠᠭᠤᠯᠵᠦ᠂ ᠡᠯ᠎ᠠ ᠵᠦᠢᠯ ᠤᠨ ᠦᠭᠡᠷᠡᠴᠢᠯᠠᠯᠳᠠ ᠶᠢᠨ ᠠᠷᠭ᠎ᠠ ᠬᠡᠮᠵᠢᠶ᠎ᠡ ᠶᠢᠨ | ᠨᠠᠶᠢᠳᠠᠪᠣᠷᠢᠵᠢᠭᠤᠯᠣᠭᠳᠠᠬᠤ ᠶᠢ ᠠᠬᠢᠭᠤᠯᠬᠤ ᠬᠡᠷᠡᠭᠳᠡᠢ ᠬᠡᠪᠡ᠃ |