ᠲᠦᠩᠯᠢᠶᠣᠤ ᠬᠤᠳᠠ ᠶᠢᠨ ᠣᠨᠳᠣᠣ ᠭᠠᠵᠠᠷ ᠠᠷᠠᠳ ᠢ ᠨᠡᠭᠦᠯᠭᠡᠬᠦ ᠠᠵᠢᠯ ᠤᠨ ᠠᠬᠢᠴᠠ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2016/11/18
      2016 ᠣᠨ ᠳᠤ᠂ ᠲᠦᠩᠯᠢᠶᠣᠤ ᠬᠤᠳᠠ 1.94 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠡᠮᠬᠢᠯᠡᠨ ᠨᠡᠶᠢᠯᠡᠭᠦᠯᠵᠦ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠤᠭᠡ ᠶᠢᠨ 3230 ᠬᠥᠮᠦᠨ ᠢ ᠨᠡᠭᠦᠯᠭᠡᠵᠤ᠂ ᠬᠠᠮᠲᠤ ᠳᠤᠨᠢ 1544 ᠬᠥᠮᠦᠨ ᠢ ᠨᠡᠭᠦᠯᠭᠡᠪᠡ᠂ 1357 ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ 7.962 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠥᠷᠥᠯ ᠵᠦᠢᠯ ᠨᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠬᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠺᠠᠶᠢᠯᠦ ᠰᠢᠶᠠᠨ᠂ ᠵᠠᠷᠤᠳ ᠬᠤᠰᠢᠭᠤ ᠵᠡᠷᠭᠡ 6 ᠬᠤᠰᠢᠭᠤ ᠰᠢᠶᠠᠨ ᠤ 156 ᠭᠠᠴᠠᠭ᠎ᠠ ᠲᠣᠰᠬᠤᠨ ᠢ ᠪᠦᠷᠬᠦᠪᠡ᠃ ᠤᠳᠤ ᠪᠣᠯᠲᠠᠯ᠎ᠠ᠂ ᠪᠦᠬᠦ ᠬᠤᠲᠠ ᠶᠢᠨ 42 ᠨᠡᠭᠦᠯᠭᠡᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠠᠴᠠ ᠨᠢᠭᠡᠨᠲᠡ 12᠎ ᠢ ᠨᠢ ᠠᠵᠢᠯ ᠡᠭᠢᠯᠡᠭᠦᠯᠵᠤ᠂ 16 ᠲᠦᠷᠦᠯ ᠵᠦᠢᠯ ᠨᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠶᠢ ᠪᠡᠶᠡᠯᠡᠭᠦᠯᠵᠦ᠂ ᠪᠤᠰᠤᠳ 14 ᠲᠦᠷᠦᠯ ᠵᠦᠢᠯ ᠨᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠤᠷᠤᠯᠴᠠᠬᠤ ᠱᠠᠲᠤᠨ ᠳᠤ ᠤᠷᠤᠭᠰᠠᠨ ᠤ ᠬᠠᠮᠲᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠮᠬᠢᠯᠡᠨ ᠴᠡᠭᠴᠡᠯᠡᠵᠤ᠂ 7 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠠᠵᠢᠯ ᠡᠬᠢᠯᠡᠭᠦᠯᠵᠦ᠂ 10 ᠳ᠋ᠤᠭᠠᠷ ᠰᠠᠷ᠎ᠠ ᠶᠢᠨ ᠳᠤᠮᠳᠠᠴᠢ ᠪᠠᠷ ᠪᠦᠬᠦᠨ ᠢ ᠪᠠᠶᠢᠭᠤᠯᠵᠤ ᠳᠠᠭᠤᠰᠬᠠᠬᠤ ᠪᠠᠷ ᠴᠢᠷᠮᠠᠶᠢᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号