ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠪᠠ ᠰᠤᠷᠭᠠᠨ ᠬᠥᠮᠦᠵᠢᠯ ᠤᠨ ᠶᠠᠮᠤᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ | ᠠᠵᠢᠯ ᠳᠤ ᠬᠤᠶᠠᠷ ᠰᠢᠨ᠎ᠡ ᠬᠤᠪᠢᠷᠠᠯᠲᠠ ᠭᠠᠷᠬᠤ ᠪᠣᠯᠣᠨ᠎ᠠ᠂ ᠨᠢᠰᠬᠡᠯᠴᠢ ᠡᠯᠰᠡᠬᠦ ᠰᠢᠰᠲ᠋ᠧᠮ ᠢ ᠵᠢᠩᠬᠢᠨᠢ ᠪᠠᠷ | ᠡᠬᠢᠯᠡᠵᠦ ᠬᠡᠷᠡᠭᠯᠡᠬᠦ ᠳᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ ᠬᠠᠮᠤᠭ ᠤᠨ ᠳᠣᠣᠷ᠎ᠠ | ᠬᠢᠵᠠᠭᠠᠷᠯᠠᠬᠤ ᠬᠤᠪᠢ ᠵᠠᠭᠠᠭᠯᠠᠨ ᠲᠣᠭᠲᠠᠭᠠᠬᠤ ᠶᠢ ᠴᠠᠭ ᠬᠤᠪᠢᠶᠠᠨ ᠥᠭᠡᠷᠡᠴᠢᠯᠡᠨ᠎ᠠ᠃ | ᠬᠤᠪᠢᠷᠠᠯᠲᠠ ᠨᠢᠭᠡ᠄ ᠨᠢᠰᠬᠡᠯᠴᠢ ᠡᠯᠰᠡᠬᠦ ᠰᠢᠰᠲ᠋ᠧᠮ ᠢ ᠵᠢᠩᠬᠢᠨᠢ ᠪᠠᠷ ᠡᠬᠢᠯᠡᠵᠦ ᠬᠡᠷᠡᠭᠯᠡᠨ᠎ᠡ᠃ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ︽ᠢᠯᠡ ᠪᠠᠶᠢᠯᠭᠠᠬᠤ ᠢᠨᠵᠧᠨᠧᠷᠢᠩ︾ ᠤᠨ ᠬᠠᠮᠢᠶ᠎ᠠ ᠪᠦᠬᠦᠢ ᠱᠠᠭᠠᠷᠳᠠᠯᠭ᠎ᠠ | ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠢᠰᠬᠡᠯᠴᠢ ᠶᠢᠨ ᠮᠡᠷᠭᠡᠵᠢᠯ ᠤᠨ ᠲᠤᠰᠬᠠᠶ ᠮᠡᠷᠭᠡᠵᠢᠯ ᠢᠶᠠᠷ ᠰᠢᠯᠢᠨ | ᠰᠤᠩᠭᠤᠬᠤ ᠳᠤ ᠣᠷᠣᠯᠴᠠᠭᠰᠠᠨ ᠰᠤᠷᠤᠭᠴᠢᠳ ᠤᠨ ᠪᠠᠶᠢᠳᠠᠯ ᠢ ᠮᠡᠳᠡᠬᠦ ᠡᠷᠬᠡ᠂ ᠰᠣᠩᠭᠤᠯᠲᠠ ᠬᠢᠬᠦ ᠡᠷᠬᠡ ᠪᠠ ᠠᠵᠠ | ᠲᠣᠬᠢᠶᠠᠯ ᠢᠶᠠᠷ ᠡᠷᠬᠡ ᠲᠡᠭᠰᠢ ᠪᠠᠶᠢᠬᠤ ᠡᠷᠬᠡ ᠶᠢ ᠪᠠᠲᠤᠯᠠᠵᠤ᠂ ᠨᠢᠰᠬᠡᠯᠴᠢ ᠶᠢᠨ ᠮᠡᠷᠭᠡᠵᠢᠯ ᠤᠨ ᠲᠤᠰᠬᠠᠶ | ᠮᠡᠷᠭᠡᠵᠢᠯ ᠳᠤ ᠰᠢᠯᠭᠠᠬᠤ ᠰᠤᠷᠤᠭᠴᠢᠳ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠠᠴᠠ ᠡᠮᠦᠨᠡᠬᠢ | ᠰᠢᠯᠢᠨ ᠰᠣᠩᠭᠤᠬᠤ ᠠᠵᠢᠯ ᠢ ᠨᠢᠭᠡᠳᠦᠯᠲᠡᠶ ᠬᠠᠮᠢᠶᠠᠷᠬᠤ ᠶᠢᠨ ᠲᠤᠰᠠᠲᠠ᠂ 2017 ᠣᠨ ᠠᠴᠠ ︽ᠳᠤᠮᠳᠠᠳᠤ | ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ ᠮᠡᠳᠡᠭᠡ ᠵᠠᠩᠭᠢ ᠶᠢᠨ ᠰᠢᠰᠲ᠋ᠧᠮ︾ ︵ | ᠨᠢᠰᠬᠡᠯᠴᠢ ᠡᠯᠰᠡᠬᠦ ᠰᠢᠰᠲ᠋ᠧᠮ ᠭᠡᠵᠦ ᠲᠣᠪᠴᠢᠯᠠᠨ᠎ᠠ︶ ᠢ ᠵᠢᠩᠬᠢᠨᠢ ᠪᠠᠷ ᠡᠬᠢᠯᠡᠨ ᠬᠡᠷᠡᠭᠯᠡᠨ᠎ᠡ᠃ ᠰᠢᠯᠭᠠᠭᠤᠯᠤᠭᠰᠠᠳ | ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠢᠯᠡ | ᠲᠠᠪᠴᠠᠩ ᠳᠡᠭᠡᠷ᠎ᠡ ᠭᠠᠷᠴᠤ ᠨᠢᠰᠬᠡᠯᠴᠢ ᠡᠯᠰᠡᠬᠦ ᠰᠢᠰᠲ᠋ᠧᠮ ︵Http //᠄ gaokao.chsi.com. | cn/gkzt/mhzf︶ ᠢᠶᠠᠷ ᠮᠡᠳᠡᠭᠡ ᠵᠠᠩᠭᠢ ᠯᠠᠪᠯᠠᠬᠤ᠂ ᠨᠡᠷ᠎ᠡ ᠪᠠᠨ ᠳᠠᠩᠰᠠᠯᠠᠬᠤ᠂ ᠨᠢᠰᠬᠡᠯᠴᠢ ᠡᠯᠰᠡᠬᠦ ᠡᠷᠡᠮᠡᠯᠵᠡᠯ | ᠲᠠᠭᠯᠠᠬᠤ ᠨᠡᠶᠢᠯᠡᠯ ᠵᠢᠴᠢ ᠤᠷᠢᠳᠴᠢᠯᠠᠨ ᠰᠢᠯᠢᠬᠦ ᠠᠩᠬᠠᠨ ᠤ ᠪᠠᠶᠢᠴᠠᠭᠠᠯᠲᠠ᠂ ᠨᠢᠰᠬᠡᠯᠴᠢ ᠡᠯᠰᠡᠬᠦ ᠪᠡᠶ᠎ᠡ ᠶᠢᠨ | ᠪᠠᠶᠢᠴᠠᠭᠠᠯᠲᠠ ᠪᠠ ᠬᠢᠨᠠᠨ ᠪᠠᠶᠢᠴᠠᠭᠠᠯᠲᠠ ︵ᠨᠢᠰᠬᠡᠯᠴᠢ ᠶᠢᠨ ᠠᠵᠢᠯ ᠮᠡᠷᠭᠡᠵᠢᠯ ᠤᠨ ᠰᠡᠳᠬᠢᠴᠡ ᠵᠦᠢ ᠶᠢᠨ ᠰᠢᠯᠭᠠᠨ | ᠪᠠᠶᠢᠴᠠᠭᠠᠯᠲᠠ ᠪᠠᠭᠲᠠᠨ᠎ᠠ︶᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠬᠤᠶ ᠪᠠᠶᠢᠳᠠᠯ ᠤᠨ ᠪᠠᠶᠢᠴᠠᠭᠠᠯᠲᠠ᠂ | ᠨᠢᠰᠬᠡᠯᠴᠢ ᠡᠯᠰᠡᠬᠦ ᠡᠷᠡᠮᠡᠯᠵᠡᠯ ᠢ ᠨᠢ ᠨᠤᠲᠠᠯᠠᠬᠤ ᠵᠡᠷᠭᠡ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠠᠴᠠ | ᠡᠮᠦᠨᠡᠬᠢ ᠰᠢᠯᠢᠨ ᠰᠤᠩᠭᠤᠬᠤ ᠠᠵᠢᠯ ᠢ ᠶᠠᠪᠤᠭᠳᠠᠭᠤᠯᠬᠤ ᠪᠣᠯᠣᠨ᠎ᠠ᠃ ᠰᠢᠯᠭᠠᠭᠤᠯᠤᠭᠰᠠᠳ ᠨᠢ ᠨᠢᠰᠬᠡᠯᠴᠢ ᠡᠯᠰᠡᠬᠦ | ᠰᠢᠰᠲ᠋ᠧᠮ ᠢᠶᠠᠷ ᠨᠤᠲᠠᠯᠠᠭᠤᠯᠤᠭᠰᠠᠨ ︽ᠨᠢᠰᠬᠡᠯᠴᠢ ᠡᠯᠰᠡᠬᠦ ᠪᠦᠲᠦᠮᠵᠢᠲᠡᠶ ᠡᠷᠡᠮᠡᠯᠵᠡᠯ︾ ᠢᠶᠠᠨ ᠰᠢᠯᠭᠠᠭᠤᠯᠤᠭᠰᠠᠳ | ᠤᠨ ᠶᠡᠭᠡ ᠳᠡᠭᠡᠳᠦ ᠰᠤᠷᠭᠠᠭᠤᠯᠢ ᠳᠤ ᠨᠢᠰᠬᠡᠯᠴᠢ ᠡᠯᠰᠡᠬᠦ ᠲᠤᠰᠬᠠᠶ ᠮᠡᠷᠭᠡᠵᠢᠯ ᠤᠨ ᠰᠢᠯᠭᠠᠯᠲᠠ ᠳᠤ ᠣᠷᠣᠯᠴᠠᠬᠤ | ᠡᠷᠡᠮᠡᠯᠵᠡᠯ ᠲᠠᠭᠯᠠᠵᠤ ᠮᠡᠳᠡᠭᠦᠯᠬᠦ ᠦᠨᠳᠦᠰᠦᠯᠡᠯ ᠪᠣᠯᠭᠠᠨ᠎ᠠ᠃ ᠰᠢᠯᠭᠠᠭᠤᠯᠤᠭᠰᠠᠳ ᠤᠨ ᠮᠡᠳᠡᠭᠦᠯᠦᠭᠰᠡᠨ ᠶᠡᠭᠡ ᠳᠡᠭᠡᠳᠦ | ᠰᠤᠷᠭᠠᠭᠤᠯᠢ ᠨᠢ ︽ᠨᠢᠰᠬᠡᠯᠴᠢ ᠡᠯᠰᠡᠬᠦ ᠪᠦᠲᠦᠮᠵᠢᠲᠡᠶ ᠡᠷᠡᠮᠡᠯᠵᠡᠯ︾ ᠤᠨ ᠬᠦᠷᠢᠶ᠎ᠡ ᠬᠡᠪᠴᠢᠶᠡᠨ ᠳᠤ ᠪᠠᠶᠢᠬᠤ ᠦᠭᠡᠢ | ᠪᠠᠶᠢᠪᠠᠯ ᠬᠦᠴᠦᠨ ᠦᠭᠡᠢ ᠡᠷᠡᠮᠡᠯᠵᠡᠯ ᠢᠶᠠᠷ ᠦᠵᠡᠵᠦ᠂ ᠨᠢᠰᠬᠡᠯᠴᠢ ᠡᠯᠰᠡᠬᠦ ᠶᠡᠭᠡ ᠳᠡᠭᠡᠳᠦ ᠰᠤᠷᠭᠠᠭᠤᠯᠢ ᠡᠯᠰᠡᠵᠦ | ᠪᠣᠯᠬᠤ ᠦᠭᠡᠢ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ ᠠᠵᠢᠯ ᠤᠨ ᠴᠤᠪᠤᠷᠠᠯ ᠢ ᠦᠨᠳᠦᠰᠦᠯᠡᠨ᠂ | ᠨᠢᠰᠬᠡᠯᠴᠢ ᠶᠢᠨ ᠮᠡᠷᠭᠡᠵᠢᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠵᠦ ᠡᠷᠡᠮᠡᠯᠵᠡᠭᠰᠡᠨ ᠰᠢᠯᠭᠠᠭᠤᠯᠤᠭᠰᠠᠳ ᠲᠤ᠂ | ᠨᠢᠰᠬᠡᠯᠴᠢ ᠡᠯᠰᠡᠬᠦ ᠰᠢᠰᠲ᠋ᠧᠮ ᠨᠢ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠶᠢᠨ ᠡᠮᠦᠨᠡᠬᠢ ᠵᠢᠯ ᠤᠨ 10 | ᠳ᠋ᠤᠭᠠᠷ ᠰᠠᠷ᠎ᠠ ᠶᠢᠨ 15 ᠤ ᠡᠳᠦᠷ ᠨᠡᠷ᠎ᠡ ᠮᠡᠳᠡᠭᠦᠯᠬᠦ ᠰᠢᠯᠭᠠᠭᠤᠯᠤᠭᠰᠠᠳ ᠤᠨ ᠳᠠᠩᠰᠠᠯᠠᠬᠤ ᠴᠢᠳᠠᠪᠬᠢ ᠪᠠᠨ | ᠨᠡᠪᠲᠡᠷᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠲᠤᠰ ᠵᠢᠯ ᠤᠨ 5 ᠳ᠋ᠤᠭᠠᠷ ᠰᠠᠷ᠎ᠠ ᠶᠢᠨ | 31 ᠤ ᠡᠳᠦᠷ ᠮᠡᠳᠡᠭᠡ ᠵᠠᠩᠭᠢ ᠪᠠᠨ ᠰᠢᠨᠡᠳᠬᠡᠵᠦ ᠣᠷᠣᠭᠤᠯᠬᠤ ᠶᠢ ᠵᠣᠭᠰᠣᠭᠠᠨ᠎ᠠ᠃ | ᠬᠤᠪᠢᠷᠠᠯᠲᠠ ᠬᠤᠶᠠᠷ᠄ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ ᠬᠠᠮᠤᠭ ᠤᠨ ᠳᠣᠣᠷ᠎ᠠ | ᠬᠢᠵᠠᠭᠠᠷᠯᠠᠬᠤ ᠬᠤᠪᠢ ᠵᠠᠭᠠᠭᠯᠠᠨ ᠲᠣᠭᠲᠠᠭᠠᠬᠤ ᠶᠢ ᠴᠠᠭ ᠬᠤᠪᠢᠶᠠᠨ ᠥᠭᠡᠷᠡᠴᠢᠯᠡᠨ᠎ᠠ᠃ 2017 ᠣᠨ ᠠᠴᠠ | 2019 ᠣᠨ ᠪᠣᠯᠲᠠᠯ᠎ᠠ᠂ ᠤᠷᠢᠳᠴᠢᠯᠠᠨ ᠪᠦᠯᠦᠭ ᠬᠤᠪᠢᠶᠠᠨ ᠡᠯᠰᠡᠬᠦ ᠠᠴᠠ ᠭᠠᠳᠠᠨ᠎ᠠ᠂ ᠪᠤᠰᠤᠳ ᠵᠢᠩᠬᠢᠨᠢ ᠠᠩᠭᠢ | ᠳᠤ ᠡᠯᠰᠡᠬᠦ ᠳᠡᠭᠡᠨ ᠪᠦᠯᠦᠭ ᠬᠤᠪᠢᠶᠠᠬᠤ ᠦᠭᠡᠢ ᠪᠠᠷ ᠡᠯᠰᠡᠬᠦ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠨᠢ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ ᠬᠠᠮᠤᠭ ᠤᠨ ᠳᠣᠣᠷ᠎ᠠ | ᠬᠢᠵᠠᠭᠠᠷᠯᠠᠬᠤ ᠬᠤᠪᠢ ᠶᠢ ᠲᠤᠬᠠᠶ ᠶᠢᠨ ᠭᠠᠵᠠᠷ ᠤᠨ ᠲᠤᠰ ᠵᠢᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠶᠡᠷᠦᠩᠬᠡᠶ ᠬᠤᠪᠢ ᠶᠢᠨ 60 % ᠪᠠᠷ ᠬᠡᠷᠡᠭᠵᠢᠭᠦᠯᠵᠦ᠂ ᠪᠤᠰᠤᠳ | ᠮᠤᠵᠢ ᠣᠷᠣᠨ ᠤ ᠬᠢ ᠶᠢ ᠮᠥᠨ ᠯᠡ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠠᠴᠠ ᠲᠣᠭᠲᠠᠭᠠᠨ᠎ᠠ᠃ | ᠡᠯ᠎ᠡ ᠭᠠᠵᠠᠷ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ ᠠᠩᠭ᠍ᠯᠢ ᠬᠡᠯᠡᠨ ᠤ ᠳᠠᠩ | ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠪᠣᠯ ᠲᠤᠬᠠᠶ ᠶᠢᠨ ᠭᠠᠵᠠᠷ ᠤᠨ ᠲᠣᠰ ᠵᠢᠯ ᠤᠨ ᠠᠩᠭ᠍ᠯᠢ ᠬᠡᠯᠡᠨ ᠤ | ᠳᠠᠩ ᠲᠥᠷᠥᠯ ᠤᠨ ᠶᠡᠷᠦᠩᠬᠡᠶ ᠬᠤᠪᠢ ᠶᠢᠨ 60 % ︵ᠠᠷᠪᠠᠲᠤ ᠶᠢᠨ ᠪᠤᠲᠠᠷᠬᠠᠶ ᠶᠢᠨ ᠴᠡᠭ ᠤᠨ ᠳᠠᠷᠠᠭᠠᠬᠢ ᠨᠢᠭᠡ | ᠣᠷᠣᠨ ᠳᠤ ᠳᠥᠷᠪᠡ ᠶᠢ ᠬᠠᠶᠠᠵᠤ ᠲᠠᠪᠤ ᠶᠢ ᠳᠠᠪᠰᠢᠭᠤᠯᠬᠤ︶ ᠪᠠᠷ ᠬᠡᠷᠡᠭᠵᠢᠭᠦᠯᠬᠦ ᠶᠢ ᠱᠠᠭᠠᠷᠳᠠᠨ᠎ᠠ᠃ 2020 | ᠣᠨ ᠠᠴᠠ ᠡᠬᠢᠯᠡᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠠᠭᠠᠷ ᠤᠨ ᠲᠡᠭᠡᠭᠡᠪᠦᠷᠢ ᠶᠢᠨ ᠨᠢᠰᠬᠡᠯᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ ᠲᠤᠬᠠᠶ ᠶᠢᠨ | ᠭᠠᠵᠠᠷ ᠤᠨ ᠲᠣᠰ ᠵᠢᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠣᠶᠣᠯ ᠤᠨ ᠬᠢᠴᠢᠶᠡᠯ ᠤᠨ | ᠶᠡᠷᠦᠩᠬᠡᠶ ᠬᠤᠪᠢ ᠶᠢᠨ 60 % ᠪᠠᠷ ᠬᠡᠷᠡᠭᠵᠢᠭᠦᠯᠦᠨ᠎ᠡ᠃ ᠡᠯ᠎ᠡ ᠭᠠᠵᠠᠷ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯᠴᠢ ᠡᠯᠰᠡᠬᠦ ᠶᠢ ᠪᠣᠯ ᠡᠯ᠎ᠡ ᠨᠢᠰᠬᠡᠯᠴᠢ ᠡᠯᠰᠡᠬᠦ ᠶᠡᠭᠡ ᠳᠡᠭᠡᠳᠦ ᠰᠤᠷᠭᠠᠭᠤᠯᠢ ᠥᠪᠡᠰᠦᠪᠡᠨ | ᠲᠣᠭᠲᠠᠭᠠᠬᠤ ᠪᠥᠭᠡᠳ ᠨᠢᠰᠬᠡᠯᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠨᠢᠰᠬᠡᠯᠴᠢ ᠡᠯᠰᠡᠬᠦ ᠲᠣᠪᠴᠢ ᠲᠦᠷᠢᠮ | ᠪᠣᠯᠤᠨ ᠰᠤᠷᠤᠭᠴᠢ ᠡᠯᠰᠡᠬᠦ ᠳᠦᠷᠢᠮ ᠳᠤ ᠲᠣᠳᠣᠷᠬᠠᠶ ᠲᠣᠭᠲᠠᠭᠠᠬᠤ ᠪᠠᠷ ᠱᠠᠭᠠᠷᠳᠠᠬᠤ ᠬᠡᠷᠡᠭᠲᠡᠶ᠃ | |