ᠪᠦᠭᠦ ᠤᠷᠤᠨ ᠤ ᠵᠠᠰᠠᠬ ᠢ ᠴᠤᠮᠬᠠᠳᠬᠠᠵᠦ ᠡᠷᠭᠡ ᠪᠠ ᠬᠠᠮᠢᠶᠠᠷᠤᠯᠳᠠ ᠶᠢ ᠳᠣᠷᠣᠭᠰᠢ ᠪᠠᠭᠤᠯᠭᠠᠬᠤ ᠶᠢ ᠦᠢᠯᠡᠴᠢᠯᠡᠭᠡ ᠶᠢ ᠰᠢᠯᠢᠳᠡᠭᠵᠢᠭᠦᠯᠭᠦ ᠦᠬᠡᠷᠡᠴᠢᠯᠡᠯᠳᠡ ᠲᠠᠢ ᠣᠶᠠᠯᠳᠣᠭᠤᠯᠬᠤ ᠶᠢ ᠠᠬᠢᠭᠤᠯᠬᠤ ᠠᠵᠢᠯ ᠤᠨ ᠲᠧᠯᠸᠢᠰ ᠤᠳᠠᠰᠦ ᠬᠤᠷᠠᠯ ᠬᠢᠪᠡ  ᠵᠠᠩ ᠵᠢᠶᠠᠨ ᠮᠢᠨ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/11/18
      11 ᠳ᠋ᠤᠭᠡᠷ ᠰᠠᠷ᠎ᠠ ᠶᠢᠨ 16 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠭᠦ ᠤᠷᠤᠨ ᠤ ᠵᠠᠰᠠᠬ ᠢ ᠴᠤᠮᠬᠠᠳᠬᠠᠵᠦ ᠡᠷᠭᠡ ᠪᠠ ᠬᠠᠮᠢᠶᠠᠷᠤᠯᠳᠠ ᠶᠢ ᠳᠣᠷᠣᠭᠰᠢ ᠪᠠᠭᠤᠯᠭᠠᠬᠤ ᠶᠢ ᠦᠢᠯᠡᠴᠢᠯᠡᠭᠡ ᠶᠢ ᠰᠢᠯᠢᠳᠡᠭᠵᠢᠭᠦᠯᠭᠦ ᠦᠬᠡᠷᠡᠴᠢᠯᠡᠯᠳᠡ ᠲᠠᠢ ᠣᠶᠠᠯᠳᠣᠭᠤᠯᠬᠤ ᠶᠢ ᠠᠬᠢᠭᠤᠯᠬᠤ ᠠᠵᠢᠯ ᠤᠨ ᠲᠧᠯᠸᠢᠰ ᠤᠳᠠᠰᠦ ᠬᠤᠷᠠᠯ ᠬᠢᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠠᠯᠳᠠ ᠶᠢᠨ ᠶᠡᠷᠦᠩᠭᠡᠢ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠡᠭᠦᠷᠭᠡ ᠴᠢᠳᠠᠪᠭᠢ ᠶᠢ ᠬᠤᠪᠢᠷᠠᠭᠤᠯᠬᠤ ᠠᠵᠢᠯ ᠢ ᠵᠤᠬᠢᠴᠠᠭᠤᠯᠬᠤ ᠶᠢ ᠠᠬᠢᠭᠤᠯᠬᠤ ᠲᠤᠭᠤᠢᠢᠯᠠᠩ ᠤᠨ ᠲᠠᠷᠤᠭ᠎ᠠ ᠵᠠᠩ ᠵᠢᠶᠠᠨ ᠮᠢᠨ ᠬᠤᠷᠠᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠠᠢ᠃      ᠵᠠᠩ ᠵᠢᠶᠠᠨ ᠮᠢᠨ ᠵᠢᠭᠠᠵᠦ ᠭᠠᠷᠭᠠᠬᠰᠠᠨ ᠨᠢ᠂ ᠵᠠᠰᠠᠬ ᠢ ᠴᠤᠮᠬᠠᠳᠬᠠᠵᠦ ᠡᠷᠭᠡ ᠪᠠ ᠬᠠᠮᠢᠶᠠᠷᠤᠯᠳᠠ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠬᠦ ᠶᠢ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠳᠡ ᠲᠠᠢ ᠣᠶᠠᠯᠳᠣᠭᠤᠯᠬᠤ ᠪᠤᠯ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠠ ᠪᠠᠶᠢᠳᠠᠯ ᠲᠤᠤᠷ᠎ᠠ ᠭᠠᠷᠭᠠᠬᠰᠠᠨ ᠴᠢᠬᠤᠯᠠ ᠰᠢᠢᠳᠪᠤᠷᠢᠳᠤ ᠪᠤᠳᠤᠯᠭ᠎ᠠ ᠪᠣᠯᠣᠨ᠎ᠠ᠃ ᠡᠨᠡ ᠵᠢᠯ ᠠᠴᠠ ᠨᠠᠰᠢ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠵᠠᠰᠠᠬ ᠢ ᠴᠤᠮᠬᠠᠳᠬᠠᠵᠦ ᠡᠷᠭᠡ ᠶᠢ ᠳᠣᠷᠣᠭᠰᠢ ᠪᠠᠭᠤᠯᠭᠠᠬᠤ᠂ ᠦᠢᠯᠡᠴᠢᠯᠡᠭᠡ ᠶᠢ ᠰᠢᠯᠢᠳᠡᠭᠵᠢᠭᠦᠯᠭᠦ᠂ ᠠᠷᠠᠳ ᠲᠤ ᠠᠰᠢᠭ ᠬᠦᠷᠳᠡᠭᠡᠵᠦ ᠠᠷᠠᠳ ᠲᠤ ᠲᠦᠭᠦᠮ ᠦᠵᠡᠭᠦᠯᠭᠦ ᠠᠯᠢ ᠣᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠬᠳᠠᠭᠠᠨ ᠬᠡᠷᠡᠭᠵᠢᠭᠦᠯᠵᠦ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠤᠴᠢᠷ ᠶᠠᠪᠣᠳᠠᠯ ᠰᠢᠢᠳᠪᠤᠷᠢᠯᠡᠭᠦ ᠦᠷ᠎ᠡ ᠠᠰᠢᠭ ᠢ ᠲᠡᠭᠡᠭᠰᠢᠯᠡᠭᠦᠯᠵᠦ᠂ ᠪᠦᠭᠦ ᠤᠷᠤᠨ ᠤ ᠠᠵᠦ ᠠᠬᠤᠢ ᠨᠡᠶᠢᠭᠡᠮ ᠤᠨ ᠲᠤᠬᠳᠠᠭᠤᠨ ᠪᠦᠭᠡᠳ ᠡᠷᠡᠭᠦᠯ ᠢᠶᠠᠷ ᠬᠦᠭᠵᠢᠬᠦ ᠳᠤ ᠬᠦᠴᠦᠳᠤ ᠪᠠᠳᠤᠯᠠᠭ᠎ᠠ ᠬᠠᠨᠭ᠍ᠭᠠᠵᠠᠢ ᠭᠡᠪᠡ᠃      ᠵᠠᠩ ᠵᠢᠶᠠᠨ ᠮᠢᠨ ᠴᠢᠬᠤᠯᠠᠴᠢᠯᠠᠬᠰᠠᠨ ᠨᠢ᠂ ᠵᠠᠰᠠᠬ ᠢ ᠴᠤᠮᠬᠠᠳᠬᠠᠵᠦ ᠡᠷᠭᠡ ᠶᠢ ᠳᠣᠷᠣᠭᠰᠢ ᠪᠠᠭᠤᠯᠭᠠᠬᠤ ᠡᠷᠴᠢᠮ ᠢᠶᠠᠨ ᠴᠢᠩᠭᠠᠷᠠᠭᠤᠯᠵᠣ᠂ ᠳᠣᠷᠣᠭᠰᠢ ᠪᠠᠭᠤᠯᠭᠠᠭᠰᠠᠨ ᠵᠦᠢᠯᠡᠰ ᠢ ᠰᠠᠶᠢᠳᠣᠷ ᠵᠣᠯᠭᠠᠭᠤᠯᠣᠨ ᠨᠠᠶᠢᠳᠠᠪᠣᠷᠢᠵᠢᠭᠤᠯᠵᠣ᠂ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠭᠦ ᠵᠦᠢᠯᠡᠰ ᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠠᠯᠳᠠ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂ ᠪᠡᠯᠡ ᠤᠷᠤᠭᠤᠯᠤᠯᠳᠠ ᠶᠢ ᠬᠢᠨᠡᠨ ᠵᠦᠪᠰᠢᠶᠡᠷᠡᠭᠦ ᠦᠭᠡᠷᠡᠴᠢᠯᠠᠯᠳᠠ ᠶᠢ ᠬᠦᠨᠵᠡᠭᠡᠢ ᠠᠬᠢᠭᠤᠯᠵᠦ᠂ ᠠᠵᠦ ᠠᠬᠤᠢᠢᠯᠠᠯ ᠤᠨ ᠲᠦᠷᠢᠮ ᠤᠨ ᠴᠢᠨᠠᠷᠳᠠᠢ ᠰᠤᠯᠢᠯᠴᠠᠭᠠᠨ ᠤ ᠦᠷᠳᠡᠭ ᠢ ᠪᠦᠲᠦᠮᠵᠢᠳᠠᠢ ᠪᠠᠭᠤᠷᠠᠭᠤᠯᠵᠦ᠂ ︽ᠪᠠᠭᠤᠯᠭᠠᠬᠤ︾ ᠴᠢᠬᠤᠯᠠ ᠲᠠᠢ ᠶᠢ ᠨᠢ ᠲᠦᠢᠯᠪᠤᠷᠢᠳᠠᠢ ᠪᠠᠭᠤᠯᠭᠠᠵᠣ᠂ ︽ᠪᠠᠭᠤᠷᠠᠭᠤᠯᠬᠤ︾ ᠴᠢᠬᠤᠯᠠ ᠲᠠᠢ ᠶᠢ ᠨᠢ ᠲᠦᠢᠯᠪᠤᠷᠢᠳᠠᠢ ᠪᠠᠭᠤᠷᠠᠭᠤᠯᠵᠦ᠂ ︽ᠠᠷᠢᠯᠭᠠᠬᠤ︾ ᠴᠢᠬᠤᠯᠠ ᠲᠠᠢ ᠶᠢ  ᠨᠢ ᠲᠦᠢᠯᠪᠤᠷᠢᠳᠠᠢ ᠠᠷᠢᠯᠭᠠᠬᠤ ᠬᠡᠷᠡᠭᠳᠡᠢ︔ ᠶᠠᠪᠤᠴᠠ ᠶᠢᠨ ᠲᠤᠮᠳᠠ ᠪᠠ ᠶᠠᠪᠤᠴᠠ ᠠᠴᠠ ᠰᠡᠭᠦᠯᠡᠷᠭᠢ ᠬᠢᠨᠠᠯᠳᠠ ᠬᠠᠮᠢᠶᠠᠷᠤᠯᠳᠠ ᠶᠢ ᠴᠢᠩᠭᠠᠷᠠᠭᠤᠯᠵᠤ᠂ ︽ᠬᠠᠮᠢᠶᠠᠷᠬᠤ︾ ᠴᠢᠬᠤᠯᠠ ᠲᠠᠢ ᠶᠢ ᠨᠢ ᠦᠨᠡᠨᠭᠦ ᠬᠠᠮᠢᠶᠠᠷᠴᠤ᠂ ᠰᠠᠶᠢᠳᠤᠷ ᠬᠠᠮᠢᠶᠠᠷᠴᠤ᠂ ᠲᠦᠢᠯᠪᠤᠷᠢᠳᠠᠢ ᠬᠠᠮᠢᠶᠠᠷᠬᠤ ᠬᠡᠷᠡᠭᠳᠡᠢ ᠬᠡᠪᠡ᠃      ᠵᠠᠩ ᠵᠢᠶᠠᠨ ᠮᠢᠨ ᠱᠠᠭᠠᠷᠳᠠᠬᠰᠠᠨ ᠨᠢ᠂ ︽ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠦᠴᠦᠯᠠᠨ ᠠᠬᠢᠭᠤᠯᠵᠦ᠂ ᠵᠠᠰᠠᠬ ᠤᠨ ᠶᠠᠪᠤᠳᠠᠯ ᠢ ᠢᠯᠠ ᠪᠣᠯᠭᠠᠬᠤ ᠡᠷᠴᠢᠮ ᠢᠶᠠᠨ ᠴᠢᠩᠭᠠᠷᠠᠭᠤᠯᠵᠣ᠂ ᠦᠢᠯᠡᠴᠢᠯᠡᠭᠡ ᠶᠢᠨ ᠴᠢᠳᠠᠪᠤᠷᠢ ᠪᠠᠨ ᠴᠢᠨᠠᠬᠰᠢᠳᠠ ᠲᠡᠭᠡᠭᠰᠢᠯᠡᠭᠦᠯᠵᠦ᠂ ᠤᠯᠠᠨ ᠲᠦᠮᠡᠨ ᠤᠴᠢᠷ ᠶᠠᠪᠣᠳᠠᠯ ᠰᠢᠢᠳᠪᠤᠷᠢᠯᠡᠭᠦ ᠳᠤ ᠨᠡᠩ ᠲᠦᠭᠦᠮ ᠪᠤᠯᠭᠠᠬᠤ ᠬᠡᠷᠡᠭᠳᠡᠢ᠃ ᠬᠠᠮᠳᠤ ᠳᠤᠨᠢ᠂ ᠠᠵᠢᠯ ᠤᠨ ᠲᠤᠬᠳᠠᠴᠠ ᠪᠠᠨ ᠴᠢᠩᠭᠠᠷᠠᠭᠤᠯᠬᠤ ᠪᠠᠷ ᠲᠠᠮᠵᠢᠨ᠂ ᠡᠭᠦᠷᠭᠡ ᠶᠢᠨ ᠬᠤᠪᠢᠶᠠᠷᠢ ᠪᠠᠨ ᠨᠠᠷᠢᠯᠢᠬᠵᠢᠭᠤᠯᠵᠦ᠂ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠷᠠᠭᠤᠯᠵᠦ᠂ ᠡᠯ᠎ᠠ ᠵᠦᠢᠯ ᠤᠨ ᠦᠭᠡᠷᠡᠴᠢᠯᠠᠯᠳᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠣᠷᠢᠵᠢᠭᠤᠯᠣᠭᠳᠠᠬᠤ ᠶᠢ ᠠᠬᠢᠭᠤᠯᠬᠤ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号