ᠪᠦᠬᠦ ᠤᠷᠤᠨ ᠤ ᠨᠠᠮᠤᠷ ᠤᠨ ᠤᠯᠠᠷᠢᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠵᠠᠢ  ᠸᠠᠩ ᠢᠤᠢ ᠮᠢᠩ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2016/11/2
     11 ᠳ᠋ᠤᠬᠡᠷ ᠰᠠᠷ᠎ᠠ ᠶᠢᠨ 1᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠤᠷᠤᠨ ᠤ ᠨᠠᠮᠤᠷ ᠤᠨ ᠤᠯᠠᠷᠢᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠮᠠᠨ ᠤ ᠤᠷᠤᠨ ᠤ ᠡᠨᠡ ᠵᠢᠯ ᠤᠨ ᠨᠠᠮᠤᠷ ᠤᠨ ᠤᠯᠠᠷᠢᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠠᠶᠢᠨ᠎ᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠤᠯ ᠡᠷᠳᠡᠨᠢ ᠰᠢᠰᠢ ᠶᠢ ᠬᠤᠷᠢᠶᠠᠨ ᠬᠠᠳᠠᠭᠠᠯᠠᠬᠤ ᠲᠦᠷᠢᠮ ᠤᠨ ᠦᠭᠡᠷᠡᠴᠢᠯᠡᠯᠳᠡ ᠶᠢ ᠬᠡᠷᠡᠭᠵᠢᠭᠦᠯᠦᠭᠰᠡᠨ ᠠᠩᠬᠠᠨ ᠤ ᠵᠢᠯ ᠪᠤᠯᠤᠨ᠎ᠠ᠃ ᠤᠳᠤᠬᠠᠨ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠪᠤᠯ ᠡᠷᠳᠡᠨᠢ ᠰᠢᠰᠢ ᠶᠢᠨ ᠪᠤᠷᠤᠯᠠᠭᠤᠯᠭ᠎ᠠ ᠶᠢᠨ ᠠᠰᠠᠭᠤᠳᠠᠯ ᠪᠤᠯᠤᠨ᠎ᠠ᠃ ᠡᠨᠡᠬᠦ ᠪᠠᠶᠢᠳᠠᠯ ᠲᠤᠤᠷ᠎ᠠ ᠡᠨᠡ ᠵᠢᠯ ᠤᠨ ᠨᠠᠮᠤᠷ ᠤᠨ ᠤᠯᠠᠷᠢᠯ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠲᠤᠯᠭᠠᠷᠠᠵᠤ ᠪᠠᠶᠢᠭ᠎ᠠ ᠴᠢᠩᠭ᠎ᠠ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠬᠦ ᠬᠡᠷᠡᠭᠳᠡᠢ︔ ᠵᠠᠬ᠎ᠠ ᠲᠡᠯᠭᠡᠭᠦᠷᠴᠢᠯᠡᠨ ᠬᠤᠳᠠᠯᠳᠤᠨ ᠠᠪᠬᠤ ᠶᠢ ᠢᠳᠡᠪᠬᠢᠳᠡᠢ ᠬᠦᠳᠦᠯᠦᠨ ᠵᠢᠯᠤᠭᠤᠳᠬᠤ ᠬᠡᠷᠡᠭᠳᠡᠢ︔ ᠠᠮᠤ ᠪᠤᠳᠠᠭ᠎ᠠ ᠬᠤᠳᠠᠯᠳᠤᠨ ᠠᠪᠬᠤ ᠢᠳᠡᠭᠡᠮᠵᠢᠳᠦ ᠵᠢᠭᠡᠯᠡᠯᠭᠡ ᠶᠢᠨ ᠪᠡᠯᠡ ᠮᠦᠩᠭᠦ ᠶᠢ ᠦᠨᠡᠨᠬᠦ ᠪᠠᠳᠤᠯᠠᠵᠤ᠂ ᠵᠠᠰᠠᠭ ᠤᠨ ᠤᠷᠳᠤᠨ ᠪᠤᠯᠤᠨ ᠠᠵᠤ ᠠᠬᠤᠢᠢᠯᠠᠯ ᠬᠠᠮᠳᠤᠪᠠᠷ ᠪᠡᠯᠡ ᠮᠦᠩᠭᠦ ᠭᠠᠷᠭᠠᠵᠤ᠂ ᠤᠷᠤᠨ ᠨᠤᠳᠤᠭ ᠤᠨ ᠠᠮᠤ ᠪᠤᠳᠠᠭᠠᠨ ᠤ ᠠᠵᠤ ᠠᠬᠤᠢᠢᠯᠠᠯ ᠤᠨ ᠢᠳᠡᠭᠡᠯ ᠢ ᠨᠡᠮᠡᠭᠳᠡᠭᠦᠯᠬᠦ ᠪᠠ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠭᠦᠯᠬᠦ ᠬᠡᠷᠡᠭᠳᠡᠢ︔ ᠤᠯᠤᠰ ᠤᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠭᠦᠯᠵᠦ᠂ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ ᠵᠢᠴᠢ ᠬᠤᠰᠢᠭᠤ ᠰᠢᠶᠠᠨ ᠤ ᠡᠳ᠋ ᠤᠨ ᠵᠠᠰᠠᠭ ᠲᠤᠰᠪᠤᠷᠢ 4᠄ 3᠄ 3᠎ ᠶᠢᠨ ᠬᠠᠷᠢᠴᠠᠯ ᠢᠶᠠᠷ ᠪᠡᠯᠡ ᠮᠦᠩᠬᠦ ᠭᠠᠷᠭᠠᠬᠤ ᠬᠡᠷᠡᠭᠳᠡᠢ︔ ᠡᠷᠳᠡᠨᠢ ᠰᠢᠰᠢ ᠶᠢᠨ ᠦᠢᠯᠡᠳᠪᠦᠷᠢᠯᠡᠯ ᠤᠨ ᠨᠦᠬᠦᠪᠦᠷᠢ ᠪᠡᠯᠡ ᠮᠦᠩᠭᠦ ᠶᠢ 11 ᠳ᠋ᠤᠬᠡᠷ ᠰᠠᠷ᠎ᠠ ᠶᠢᠨ ᠡᠴᠤᠰ ᠪᠤᠯᠳᠠᠯ᠎ᠠ ᠪᠦᠬᠦᠨ ᠢ ᠲᠠᠷᠢᠶᠠᠴᠢᠳ ᠤᠨ ᠭᠠᠷ ᠲᠤ ᠤᠷᠤᠭᠤᠯᠬᠤ ᠬᠡᠷᠡᠭᠳᠡᠢ︔ ᠨᠠᠮᠤᠷ ᠤᠨ ᠤᠯᠠᠷᠢᠯ ᠤᠨ ᠠᠮᠤ ᠪᠤᠳᠠᠭ᠎ᠠ ᠬᠤᠳᠠᠯᠳᠤᠨ ᠠᠪᠬᠤ ᠬᠢᠨᠠᠨ ᠬᠠᠮᠢᠶᠠᠷᠤᠯᠳᠠ ᠪᠠ ᠦᠢᠯᠡᠴᠢᠯᠡᠭᠡ ᠶᠢ ᠰᠠᠶᠢᠳᠤᠷ ᠬᠢᠵᠦ᠂ ᠬᠠᠳᠠᠭᠠᠵᠤ ᠴᠡᠪᠡᠷᠯᠡᠬᠦ᠂ ᠨᠦᠭᠡᠴᠡᠯᠡᠵᠦ ᠪᠤᠯᠪᠠᠰᠤᠷᠠᠭᠤᠯᠬᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠶᠢ ᠬᠠᠮᠤᠷᠤᠭᠰᠠᠨ ᠨᠢᠭᠡ ᠴᠤᠭᠴᠠᠵᠢᠭᠰᠠᠨ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠰᠦᠯᠵᠢᠶ᠎ᠠ ᠶᠢ ᠪᠠᠶᠢᠭᠤᠯᠵᠤ᠂ ᠠᠮᠤ ᠪᠤᠳᠠᠭ᠎ᠠ ᠶᠢ ᠬᠤᠷᠢᠶᠠᠭᠰᠠᠨ ᠤ ᠲᠠᠷᠠᠭ᠎ᠠ ᠬᠠᠳᠠᠭᠠᠯᠠᠬᠤ ᠳᠤ ᠬᠦᠴᠢᠷ᠂ ᠶᠠᠰᠤ ᠴᠢᠨᠠᠷ ᠢ ᠨᠢ ᠪᠠᠳᠤᠯᠠᠬᠤ ᠳᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠳᠡᠢ︔ ᠡᠷᠳᠡᠨᠢ ᠰᠢᠰᠢ ᠬᠤᠳᠠᠯᠳᠤᠨ ᠠᠪᠬᠤ ᠠᠵᠢᠯ ᠢ ᠵᠠᠰᠠᠭ ᠤᠨ ᠤᠷᠳᠤᠨ ᠤ ᠴᠢᠬᠤᠯᠠ ᠵᠦᠪᠯᠡᠬᠦ ᠵᠦᠢᠯ ᠪᠤᠯᠭᠠᠨ ᠠᠳᠬᠤᠵᠤ᠂ ᠵᠠᠰᠠᠭ ᠎ ᠤᠨ ᠤᠷᠳᠤᠨ ᠤ ᠭᠤᠤᠯ ᠤᠳᠤᠷᠢᠳᠤᠯᠭ᠎ᠠ ᠡᠰᠡᠭᠦᠯ᠎ᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠲᠠᠭᠠᠭᠤᠯᠤᠭᠴᠢ ᠪᠤᠯᠭᠠᠭᠰᠠᠨ ᠠᠵᠢᠯ ᠤᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ ᠬᠤᠷᠢᠶᠠᠬᠤ ᠬᠦᠮᠦᠨ ᠲᠠᠢ᠂ ᠠᠮᠤ ᠪᠤᠳᠠᠭ᠎ᠠ ᠬᠤᠷᠢᠶᠠᠬᠤ ᠵᠤᠭᠤᠰ ᠲᠠᠢ᠂ ᠠᠮᠤ ᠪᠤᠳᠠᠭ᠎ᠠ ᠨᠦᠭᠡᠴᠡᠯᠡᠬᠦ ᠬᠦᠮᠦᠷᠭᠡ ᠲᠠᠢ ᠪᠠᠶᠢᠬᠤ ᠶᠢ ᠦᠨᠡᠨᠬᠦ ᠪᠠᠳᠤᠯᠠᠵᠤ᠂ ᠲᠠᠷᠢᠶᠠᠴᠢᠳ ᠤᠨ ︽ᠠᠮᠤ ᠪᠤᠳᠠᠭ᠎ᠠ ᠬᠤᠳᠠᠯᠳᠤᠬᠤ ᠳᠤ ᠬᠦᠴᠢᠷ︾ ᠠᠰᠠᠭᠤᠳᠠᠯ ᠭᠠᠷᠬᠤ ᠶᠢ ᠰᠡᠷᠭᠡᠶᠢᠯᠡᠬᠦ ᠬᠡᠷᠡᠭᠳᠡᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号