ᠬᠥᠬᠡᠬᠤᠲᠠ ᠶᠢᠨ 2015 ᠣᠨ ᠳᠤ ᠴᠡᠷᠢᠭ ᠠᠴᠠ ᠪᠠᠭᠤᠭᠰᠠᠳ ᠢ ᠬᠤᠲᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠰᠢᠯᠭᠠᠯᠲᠠ ᠬᠢᠵᠦ ᠬᠢᠨᠠᠨ ᠰᠢᠯᠭᠠᠵᠤ ᠲᠥᠪᠬᠢᠨᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2016/11/2
      ︽ᠬᠥᠬᠡᠬᠤᠲᠠ ᠶᠢᠨ 2015 ᠣᠨ ᠳᠤ ᠴᠡᠷᠢᠭ ᠠᠴᠠ ᠪᠠᠭᠤᠭᠰᠠᠳ ᠢ ᠲᠥᠪᠬᠢᠨᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾᠎ ᠢ ᠦᠨᠳᠦᠰᠦᠯᠡᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠥᠪᠬᠢᠨᠡᠭᠦᠯᠬᠦ ᠲᠥᠷᠦ ᠶᠢᠨ ᠪᠣᠳᠣᠯᠭ᠎ᠠ ᠳᠤ ᠨᠡᠶᠢᠴᠡᠬᠦ ᠴᠡᠷᠢᠭ ᠠᠴᠠ ᠪᠠᠭᠤᠭᠰᠠᠳ ᠠᠴᠠ 40 ᠬᠦᠮᠦᠨ ᠢ ᠢᠯᠡ ᠪᠠᠷ ᠰᠢᠯᠭᠠᠨ ᠡᠯᠰᠡᠵᠦ ᠬᠤᠲᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠳᠤ ᠠᠵᠢᠯᠯᠠᠭᠤᠯᠬᠤ ᠪᠠᠷ ᠲᠣᠭᠲᠠᠭᠠᠪᠠ᠃ ᠦᠨᠥ ᠰᠢᠯᠭᠠᠬᠤ ᠬᠢᠨᠠᠨ ᠰᠢᠯᠭᠠᠬᠤ ᠠᠵᠢᠯ ᠤᠨ ᠬᠤᠯᠪᠣᠭᠳᠠᠯ ᠪᠦᠭᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠡᠯᠰᠡᠭᠳᠡᠭᠴᠢ      2015 ᠣᠨ ᠳᠤ ᠬᠤᠲᠠ ᠶᠢᠨ ᠲᠤᠰ ᠱᠠᠲᠤᠨ ᠤ ᠬᠦᠯᠢᠶᠡᠨ ᠠᠪᠤᠭᠰᠠᠨ ᠵᠠᠰᠠᠭ ᠤᠨ ᠣᠷᠳᠣᠨ ᠤ ᠠᠵᠢᠯ ᠲᠣᠬᠢᠷᠠᠭᠤᠯᠵᠤ ᠥᠭᠬᠦ ᠨᠥᠬᠦᠴᠡᠯ ᠳᠤ ᠨᠡᠶᠢᠴᠡᠭᠰᠡᠨ ᠴᠡᠷᠢᠭ ᠠᠴᠠ ᠪᠠᠭᠤᠭᠰᠠᠳ ︵ᠨᠥᠬᠦᠴᠡᠯ ᠳᠤ ᠨᠡᠶᠢᠴᠡᠬᠦ 2014 ᠣᠨ ᠤ ᠡᠪᠦᠯ ᠴᠡᠷᠢᠭ ᠠᠴᠠ ᠪᠠᠭᠤᠭᠰᠠᠳ ᠪᠣᠯᠣᠨ 2015 ᠣᠨ ᠤ ᠬᠠᠪᠤᠷ ᠴᠡᠷᠢᠭ ᠠᠴᠠ ᠰᠢᠯᠵᠢᠭᠰᠡᠨ ᠠᠬᠠᠯᠠᠭᠴᠢ︶ ᠪᠣᠯᠣᠨ᠎ᠠ᠃      ᠬᠤᠶᠠᠷ᠂ ᠨᠡᠷ᠎ᠡ ᠮᠡᠳᠡᠭᠦᠯᠬᠦ ᠴᠠᠭ ᠬᠤᠭᠤᠴᠠᠭ᠎ᠠ᠂ ᠭᠠᠵᠠᠷ ᠣᠷᠣᠨ      1 . ᠨᠡᠷ᠎ᠡ ᠮᠡᠳᠡᠭᠦᠯᠬᠦ ᠴᠠᠭ᠄ 2016 ᠣᠨ ᠤ 11 ᠳ᠋ᠦ᠋ᠭᠡᠷ ᠰᠠᠷ᠎ᠠ ᠶᠢᠨ 3᠎ ᠤ ᠡᠳᠦᠷ — 4᠎ ᠤ ᠡᠳᠦᠷ᠂ ᠦᠳᠡ ᠶᠢᠨ ᠡᠮᠦᠨ᠎ᠡ 9᠄ 00 —12᠄ 00᠂ ᠦᠳᠡ ᠶᠢᠨ ᠬᠤᠶᠢᠨ᠎ᠠ 2᠄ 00 — 5᠄ 00᠃      2 . ᠨᠡᠷ᠎ᠡ ᠮᠡᠳᠡᠭᠦᠯᠬᠦ ᠭᠠᠵᠠᠷ᠄ ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 4 ᠳ᠋ᠦ᠋ᠭᠡᠷ ᠳᠠᠪᠬᠤᠷ ︵ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 2 ᠳ᠋ᠤᠭᠠᠷ ᠨᠣᠮᠧᠷ — ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠵᠡᠭᠦᠨ ᠭᠤᠳᠤᠮᠵᠢ︶᠃      ᠨᠠᠷᠢᠨ ᠪᠠᠶᠢᠳᠠᠯ ᠢ ᠣᠶᠢᠯᠭᠠᠶ᠎ᠠ ᠭᠡᠪᠡᠯ ᠬᠥᠬᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠬᠠᠶ᠋ᠢᠭ᠄ http᠄//www.hhpta.com︶᠎ ᠳᠤ ᠭᠠᠷᠴᠤ ᠠᠵᠢᠯᠲᠠᠨ ᠡᠯᠰᠡᠬᠦ ᠰᠢᠯᠭᠠᠯᠲᠠ ᠶᠢᠨ ᠲᠣᠪᠴᠢ ᠳᠦᠷᠢᠮ ᠢ ᠯᠠᠪᠯᠠᠬᠤ ᠪᠣᠯᠪᠠᠣ᠃      ᠯᠠᠪᠯᠠᠬᠤ ᠤᠲᠠᠰᠤ᠄  6511071   6510480      ᠬᠥᠬᠡᠬᠤᠲᠠ ᠶᠢᠨ ᠴᠡᠷᠢᠭ ᠠᠴᠠ ᠪᠠᠭᠤᠭᠰᠠᠳ ᠪᠣᠯᠤᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠪᠠᠭᠤᠭᠰᠠᠨ ᠺᠠᠳ᠋ᠷ ᠢ ᠲᠥᠪᠬᠢᠨᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ      2016 ᠣᠨ ᠤ 10 ᠳ᠋ᠤᠭᠠᠷ ᠰᠠᠷ᠎ᠠ ᠶᠢᠨ 26᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号