ᠦᠪᠡᠷᠲᠡᠭᠡᠨ ᠵᠠᠰᠠᠬᠤ ᠤᠷᠤᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠢᠴᠢ ᠡᠨᠧᠷᠬᠢ ᠠᠷᠪᠢᠯᠠᠨ ᠪᠣᠬᠢᠷᠲᠤᠯ ᠢ ᠪᠠᠭᠠᠰᠬᠠᠬᠤ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2016-11-21
      11 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠠᠭᠤᠷ ᠠᠮᠢᠰᠬᠤᠯ ᠤᠨ ᠬᠤᠪᠢᠷᠠᠯᠳᠠ ᠶᠢ ᠠᠡᠷᠭᠠᠴᠠᠬᠤ ᠵᠢᠴᠢ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠤᠳᠤᠷᠢᠳᠬᠤ ᠲᠤᠭᠤᠢᠢᠯᠠᠩ ︵ᠦᠷᠭᠡᠳᠭᠡᠭᠰᠡᠨ︶ ᠬᠤᠷᠠᠯ ᠬᠤᠷᠠᠯᠳᠤᠭᠤᠯᠵᠦ᠂ ︽12·5︾ ᠶᠢᠨ ᠲᠦᠯᠦᠪᠵᠢᠭᠦᠯᠭᠡ ᠶᠢᠨ ᠠᠵᠢᠯ ᠢ ᠳ᠋ᠦᠩᠨᠡᠵᠦ᠂ ︽13·5︾ ᠶᠢᠨ ᠲᠦᠯᠦᠪᠵᠢᠭᠦᠯᠭᠡ ᠶᠢᠨ ᠭᠤᠤᠯᠳᠠᠯᠭ᠎ᠠ ᠲᠠᠢ ᠡᠬᠦᠷᠭᠡ ᠶᠢ ᠪᠠᠶᠢᠷᠢᠯᠠᠭᠤᠯᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠴᠠᠩ ᠵᠢᠶᠦ᠋ᠨ ᠵᠧᠩ ᠬᠤᠷᠠᠯ ᠳᠤ ᠤᠷᠤᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽12·5︾ ᠶᠢᠨ ᠬᠤᠭᠤᠴᠠᠭᠠᠨ ᠳᠤ᠂ ᠪᠦᠬᠦ ᠤᠷᠤᠨ ᠳᠠᠶᠠᠭᠠᠷ ᠤᠨ ᠬᠠᠮᠳᠤ ᠶᠢᠨ ᠴᠢᠷᠮᠠᠶᠢᠯᠭ᠎ᠠ ᠪᠠᠷ᠂ ᠮᠠᠨ ᠤ ᠤᠷᠤᠨ ᠤ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠵᠢᠴᠢ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠮᠡᠳᠡᠭᠳᠡᠮ᠎ᠠ ᠠᠮᠵᠢᠯᠳᠠ ᠤᠯᠵᠦ᠂ ᠤᠯᠤᠰ ᠠᠴᠠ ᠳᠠᠭᠠᠭᠠᠯᠭᠠᠭᠰᠠᠨ ᠬᠠᠷᠠᠯᠳᠠ ᠡᠬᠦᠷᠭᠡ ᠶᠢ ᠪᠠᠶᠠᠯᠡᠬᠦᠯᠪᠠ᠃ ︽13·5︾ ᠶᠢᠨ ᠬᠤᠭᠤᠴᠠᠭᠠᠨ ᠳᠤ᠂ ᠮᠠᠨ ᠤ ᠤᠷᠤᠨ ᠤ ᠠᠵᠤ ᠦᠢᠯᠡᠰ ᠤᠨ ᠪᠦᠳᠦᠴᠡ ᠪᠠ ᠡᠨᠧᠷᠬᠢ ᠶᠢᠨ ᠪᠦᠳᠦᠴᠡ ᠤᠬᠤᠷ ᠬᠤᠭᠤᠴᠠᠭᠠᠨ ᠳᠤ ᠦᠨᠳᠦᠰᠦᠨ ᠡᠷᠬᠢᠯᠳᠠ ᠭᠠᠷᠬᠤ ᠳᠤ ᠪᠡᠷᠭᠡ ᠪᠠᠶᠢᠵᠦ᠂ ᠦᠨᠳᠦᠷ ᠬᠤᠷᠤᠭᠳᠠᠯ ᠪᠠ ᠪᠤᠬᠢᠷᠳᠤᠯ ᠪᠤᠳᠠᠰ ᠭᠠᠳᠠᠭᠰᠢᠯᠠᠭᠤᠯᠬᠤ ᠭᠡᠮᠵᠢᠶ᠎ᠠ ᠨᠡᠯᠢᠶᠡᠳ ᠶᠡᠭᠡ᠂ ᠡᠬᠢ ᠪᠠᠶᠠᠯᠢᠭ ᠤᠷᠴᠢᠨ ᠲᠤᠭᠤᠷᠢᠨ ᠤ ᠬᠢᠵᠠᠭᠠᠷᠯᠠᠯ ᠴᠢᠩᠭᠠᠷᠠᠵᠦ᠂ ᠡᠨᠧᠷᠬᠢ ᠠᠰᠢᠬᠯᠠᠬᠤ ᠨᠤᠷᠮ᠎ᠠ ᠶᠢ ᠳᠡᠭᠡᠭᠰᠢᠯᠡᠬᠦᠯᠬᠦ ᠤᠯᠤᠰ ᠤᠨ ᠬᠠᠷᠠᠯᠳᠠ ᠡᠬᠦᠷᠭᠡ ᠶᠢ ᠪᠡᠶᠡᠯᠡᠬᠦᠯᠬᠦ ᠳᠠᠷᠤᠯᠳᠠ ᠨᠡᠯᠢᠶᠡᠳ ᠶᠡᠭᠡ ᠪᠠᠶᠢᠨ᠎ᠠ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠤᠳᠤᠬᠠᠨ ᠤ ᠪᠤᠳᠤᠯᠢᠶᠠᠨᠳᠠᠢ ᠴᠢᠨᠠᠷ ᠪᠡ ᠪᠡᠷᠭᠡ ᠬᠠᠳᠠᠭᠤᠵᠢᠯᠳᠠᠢ ᠴᠢᠨᠠᠷ ᠢ ᠬᠦᠢᠴᠡᠳ ᠲᠠᠨᠢᠵᠦ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠵᠢᠴᠢ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠢ ᠴᠤᠴᠠᠰᠢ ᠦᠭᠡᠢ᠂ ᠤᠭᠳᠤ ᠰᠤᠯᠠᠷᠠᠭᠤᠯᠬᠤ ᠦᠭᠡᠢ ᠰᠠᠶᠢᠳᠤᠷ ᠠᠳᠬᠤᠬᠤ ᠭᠡᠷᠡᠭᠲᠡᠢ ᠭᠡᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ  ᠤᠨ ᠤᠷᠳᠤᠨ ᠤ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠡᠨᠧᠷᠬᠢ ᠶᠢᠨ  ᠭᠡᠷᠡᠭᠯᠡᠭᠡᠨ ᠤ ᠶᠡᠷᠦᠩᠭᠡᠢ ᠭᠡᠮᠵᠢᠶ᠎ᠠ᠂ ᠡᠨᠧᠷᠬᠢ ᠶᠢᠨ ᠬᠤᠷᠤᠭᠳᠠᠯ ᠤᠨ ᠭᠡᠮᠵᠢᠶ᠎ᠠ ᠪᠠ ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠤᠯᠠᠭᠠᠨ ᠱᠤᠭᠤᠮ ᠤᠨ ᠬᠠᠮᠢᠶᠠᠷᠤᠯᠳᠠ ᠡᠵᠡᠮᠳᠡᠯᠳᠠ ᠶᠢ ᠴᠢᠩᠭᠠᠳᠬᠠᠵᠦ᠂ ᠭᠤᠤᠯᠳᠠᠯᠭ᠎ᠠ ᠲᠠᠢ ᠬᠦᠷᠢᠶ᠎ᠠ᠂ ᠭᠤᠤᠯᠳᠠᠯᠭ᠎ᠠ ᠲᠠᠢ ᠭᠠᠵᠠᠷ ᠤᠷᠤᠨ ᠤ ᠡᠨᠧᠷᠬᠢ ᠶᠢ ᠠᠷᠪᠢᠯᠠᠵᠦ ᠪᠤᠬᠢᠷᠳᠤᠯ ᠢ ᠪᠠᠭᠠᠰᠬᠠᠬᠤ ᠠᠵᠢᠯ ᠢ ᠦᠷᠬᠦᠯᠵᠢᠯᠡᠨ ᠰᠠᠶᠢᠳᠤᠷ ᠬᠢᠬᠦ ᠭᠡᠷᠡᠭᠲᠡᠢ᠃ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠶᠢ ᠪᠠᠷᠢᠮᠳᠠᠯᠠᠵᠦ᠂ ᠬᠢᠨᠠᠨ ᠪᠠᠶᠢᠴᠠᠭᠠᠵᠦ ᠰᠢᠯᠭᠠᠬᠤ ᠶᠢ ᠡᠷᠴᠢᠮᠵᠢᠬᠦᠯᠦᠨ᠂ ︽13·5︾ ᠶᠢᠨ ᠲᠦᠯᠦᠪᠵᠢᠭᠦᠯᠭᠡ ᠵᠢᠴᠢ ᠣᠨ ᠤ ᠬᠠᠷᠠᠯᠳᠠ ᠡᠬᠦᠷᠭᠡ ᠪᠡᠶᠡᠯᠡᠭᠳᠡᠬᠦ ᠶᠢ ᠪᠠᠳᠤᠯᠠᠬᠤ ᠭᠡᠷᠡᠭᠲᠡᠢ ᠭᠡᠵᠠᠢ᠃      ᠬᠤᠷᠠᠯ ᠠᠴᠠ ᠪᠠᠰᠠ ᠦᠪᠡᠷᠲᠡᠭᠡᠨ ᠵᠠᠰᠠᠬᠤ ᠤᠷᠤᠨ ᠤ ︽12·5︾ ᠶᠢᠨ ᠲᠦᠯᠦᠪᠵᠢᠭᠦᠯᠭᠡ ᠶᠢᠨ ᠡᠨᠧᠷᠬᠢ ᠠᠷᠪᠢᠯᠠᠵᠦ ᠨᠡᠬᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠢ ᠪᠠᠭᠠᠰᠬᠠᠬᠤ ᠠᠵᠢᠯ ᠤᠨ ᠲᠡᠷᠢᠬᠦᠨ ᠤ ᠬᠠᠮᠳᠦ ᠪᠠ ᠲᠡᠷᠢᠬᠦᠨ ᠤ ᠬᠤᠪᠢ ᠬᠦᠮᠦᠨ ᠢ ᠬᠦᠬᠢᠬᠦᠯᠦᠨ ᠱᠠᠩᠨᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号