ᠯᠢ ᠵᠢᠢ ᠡᡁᠧᠩ᠄ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠭᠦᠳᠡ  ᠬᠤᠷᠠᠯ ᠤᠨ ᠵᠣᠷᠢᠭ ᠰᠠᠨᠠᠭ᠎ᠠ ᠶᠢ ᠪᠤᠳᠠᠳᠠᠶᠢᠴᠢᠯᠠᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠳᠤᠳᠠᠢ ᠠᠬᠢᠭᠤᠯᠬᠤ  ᠬᠡᠷᠡᠭᠳᠡᠢ
ᠨᠡᠶᠢᠲᠡᠯᠡᠭᠰᠡᠨ ᠴᠠᠭ᠄
2016-11-21
      11 ᠳ᠋ᠦ᠋ᠭᠡᠷ ᠰᠠᠷ᠎ᠠ ᠶᠢᠨ 9 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠬᠦᠬᠡᠬᠤᠳᠠ ᠳᠤ ᠪᠠᠶᠢᠴᠠᠭᠠᠨ ᠰᠤᠳᠤᠯᠤᠯᠳᠡ ᠬᠢᠵᠥ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ  ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠲᠡᠷᠡ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠥ ᠤᠯᠠᠮᠵᠢᠯᠠᠨ ᠲᠤᠤᠱᠯᠠᠭᠤᠯᠵᠥ᠂ ᠰᠢ ᠶᠢᠨ ᠫᠢᠩ ᠨᠦᠬᠦᠷ ᠢᠢᠨᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠥ᠂ ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠦᠨᠡᠨᠬᠦ ᠪᠦᠬᠦᠳᠡ ᠬᠤᠷᠠᠯ ᠤᠨ ᠵᠤᠷᠢᠭ ᠰᠠᠨᠠᠭ᠎ᠠ ᠲᠠᠢ ᠨᠢᠬᠡᠳᠬᠡᠵᠥ᠂ ᠬᠦᠴᠦᠨ ᠴᠢᠳᠠᠯ ᠢᠶᠠᠨ ᠪᠦᠬᠦᠳᠡ ᠬᠤᠷᠠᠯ ᠠᠴᠠ ᠲᠤᠭᠳᠠᠭᠠᠭᠰᠠᠠ ᠡᠯ᠎ᠡ ᠵᠦᠢᠯ ᠤᠨ ᠡᠬᠦᠷᠬᠡ ᠲᠡᠭᠡᠷ᠎ᠡ ᠨᠢᠬᠳᠠᠷᠠᠭᠤᠯᠵᠥ᠂ ᠤᠭ ᠰᠠᠨᠠᠭ᠎ᠠ ᠪᠠᠨ ᠦᠯᠥ ᠮᠠᠷᠳᠠᠵᠥ᠂ ᠦᠷᠬᠦᠯᠵᠢᠯᠡᠨ ᠤᠷᠤᠭᠰᠢᠯᠠᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ᠂ ᠪᠦᠯᠬᠦᠮᠳᠡᠨ ᠲᠡᠮᠡᠴᠡᠵᠥ᠂ ᠪᠦᠬᠦᠳᠡ ᠬᠤᠷᠠᠯ ᠤᠨ ᠵᠤᠷᠢᠭ ᠰᠠᠨᠠᠭ᠎ᠠ ᠬᠦᠮᠥᠰ ᠤᠨ ᠰᠡᠳᠬᠢᠯ ᠳᠤ ᠬᠦᠨ ᠰᠠᠭᠤᠭᠳᠠᠬᠤ ᠶᠢ ᠯᠠᠪᠳᠠᠭᠤᠨ ᠪᠠᠳᠤᠳᠠᠢ ᠠᠬᠢᠭᠤᠯᠵᠦ᠂ ᠠᠵᠥ ᠠᠬᠤᠢ ᠨᠡᠶᠢᠭᠡᠮ ᠤᠨ ᠬᠦᠭᠵᠢᠯᠳᠡ ᠪᠤᠯᠤᠨ ᠨᠠᠮ ᠤᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠨᠡᠬᠡᠬᠡᠨ ᠡᠬᠦᠳᠬᠦ ᠬᠡᠷᠡᠭᠳᠡᠢ ᠬᠡᠵᠥ ᠴᠢᠬᠤᠯᠠᠴᠢᠯᠠᠪᠠ᠃      ᠤᠢᠢᠷ᠎ᠡ ᠶᠢᠨ ᠡᠳᠤᠷ ᠤᠳ ᠲᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠢᠬᠡᠳᠤᠯᠳᠡᠢ ᠪᠠᠶᠢᠷᠢᠯᠠᠭᠤᠯᠤᠯᠳᠡ ᠪᠠᠷ᠂ ᠪᠦᠬᠦ ᠤᠷᠤᠨ ᠤ ᠡᠯ᠎ᠡ ᠭᠠᠵᠠᠷ ᠲᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠥ ᠤᠯᠠᠮᠵᠢᠯᠠᠨ ᠲᠤᠤᠱᠯᠠᠭᠤᠯᠬᠤ ᠬᠠᠯᠠᠭᠤᠨ ᠦᠷᠨᠢᠯᠳᠡ ᠭᠠᠷᠪᠠ᠃ ᠪᠠᠶᠢᠴᠠᠭᠠᠨ ᠰᠤᠳᠤᠯᠤᠯᠳᠡ ᠬᠢᠬᠦ ᠲᠤᠮᠳᠠ᠂ ᠯᠢ ᠵᠢᠢ ᠡᡁᠧᠩ ᠤᠷᠢᠳ ᠬᠤᠵᠢᠳ ᠬᠤᠳᠠ ᠲᠤᠭᠤᠷᠢᠭ᠂ ᠰᠢᠶᠠᠩ ᠪᠠᠯᠭᠠᠰᠤ ︵ᠵᠡᠬᠡᠯᠢ ᠭᠤᠳᠤᠮᠵᠢ︶᠂ ᠲᠤᠰᠬᠤᠨ ︵ᠨᠡᠶᠢᠭᠡᠮ ᠲᠤᠭᠤᠷᠢᠭ︶ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠥ ᠤᠯᠠᠮᠵᠢᠯᠠᠨ ᠲᠤᠤᠱᠯᠠᠭᠤᠯᠤᠭᠰᠠᠠ ᠪᠠ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠭᠰᠠᠠ ᠪᠠᠶᠢᠳᠠᠯ ᠤᠨ ᠲᠤᠬᠠᠢ ᠬᠠᠷᠢᠭᠤ ᠮᠡᠳᠡᠬᠦᠯᠥᠯᠳᠡ ᠶᠢ ᠰᠤᠨᠤᠰᠴᠦ᠂ ᠦᠨᠳᠦᠰᠦᠨ ᠱᠠᠳᠤᠨ ᠤ ᠨᠠᠮ ᠤᠨ ᠬᠡᠰᠢᠬᠦᠨ ᠺᠠᠳ᠋ᠷ ᠲᠠᠢ ᠨᠢᠭᠤᠷᠳᠠᠨ ᠶᠠᠷᠢᠯᠴᠠᠪᠠ᠃ ᠬᠦᠬᠡᠬᠤᠳᠠ ᠶᠢᠨ ᠰᠠᠶᠢᠬᠠᠨ ᠲᠤᠭᠤᠷᠢᠭ ᠤᠨ ᠶᠢᠨ ᠡᡁᠧ ᠪᠠᠯᠭᠠᠰᠤ ᠶᠢᠨ ᠬᠡᠷᠡᠯᠳᠤ ᠰᠦᠮ᠎ᠡ ᠲᠤᠰᠬᠤᠨ ᠳᠤ᠂ ᠯᠢ ᠵᠢᠢ ᠡᡁᠧᠩ ᠦᠨᠳᠦᠰᠦᠨ ᠱᠠᠳᠤᠨ ᠤ ᠨᠠᠮ ᠤᠨ ᠬᠡᠰᠢᠬᠦᠨ ᠪᠤᠯᠤᠨ ᠦᠨᠳᠦᠰᠦᠳᠡᠨ ᠨᠦᠭᠦᠳ ᠤᠨ ᠤᠯᠠᠨ ᠲᠦᠮᠡᠨ ᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠯᠢ ᠵᠢᠢ ᠾᠧᠩ ᠤᠬᠠᠭᠤᠯᠤᠨ ᠲᠠᠶᠢᠯᠪᠤᠷᠢᠯᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠥ ᠤᠬᠠᠭᠤᠯᠵᠤ ᠲᠤᠤᠱᠯᠠᠭᠤᠯᠬᠤ ᠳᠤ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠤᠢᠢᠯᠠᠭᠠᠬᠤ ᠪᠠ ᠤᠨᠤᠪᠴᠢᠲᠠᠢ ᠠᠳᠬᠤᠬᠤ ᠳᠡᠭᠡᠷ᠎ᠡ ᠬᠦᠴᠦ ᠲᠠᠯᠪᠢᠵᠤ᠂ ᠪᠤᠲᠠᠲᠤ ᠠᠮᠵᠢᠯᠲᠠ ᠶᠢ ᠬᠦᠭᠡᠭᠡᠴᠡᠯᠳᠦᠬᠦ ᠬᠡᠷᠡᠭᠲᠡᠢ᠃ ᠨᠢᠭᠡᠨ ᠤᠯᠤᠰ᠂ ᠨᠢᠭᠡᠨ ᠲᠦᠷᠦ ᠪᠠᠷᠢᠬᠴᠢ ᠨᠠᠮ ᠳᠤ ᠤᠳᠤᠷᠢᠳᠬᠤ ᠭᠤᠤᠯᠯᠠᠭᠴᠢ ᠬᠦᠴᠦᠨ ᠪᠤᠯ ᠲᠦᠢᠯ ᠤᠨ ᠴᠢᠬᠤᠯᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠬᠠᠮᠤᠭ ᠤᠨ ᠬᠦᠰᠢᠶ᠎ᠡ ᠲᠤᠷᠠᠰᠬᠠᠯ ᠤᠨ ᠴᠢᠨᠠᠷ ᠲᠠᠢ ᠲᠡᠤᠬᠡᠲᠦ ᠰᠢᠨᠵᠢ ᠲᠠᠢ ᠤᠯᠤᠰ ᠲᠦᠷᠦ ᠶᠢᠨ ᠦᠷ᠎ᠡ ᠪᠦᠲᠦᠭᠡᠯ ᠪᠤᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠭᠤᠤᠯ ᠪᠤᠯᠬᠤ ᠪᠠᠶᠢᠷᠢ ᠰᠠᠭᠤᠷᠢ ᠶᠢ ᠲᠤᠳᠤᠷᠬᠠᠢᠢᠯᠠᠵᠤ᠂ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ︾ ᠶᠢ ᠵᠢᠩᠬᠢᠨᠢ ᠪᠠᠷ ᠳᠤᠷᠠᠳᠤᠭᠰᠠᠨ ᠶᠠᠪᠤᠳᠠᠯ ᠪᠤᠯᠤᠨ᠎ᠠ᠃ ᠪᠦᠬᠦ ᠤᠷᠤᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨᠴᠠᠭᠠᠢᠢᠯᠠᠨ ᠤᠳᠤᠷᠢᠳᠬᠤ ᠺᠠᠳ᠋ᠷ ᠡᠷᠬᠡᠪᠰᠢ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢᠶᠠᠨ ᠤᠯᠠᠮ ᠴᠢᠨᠠᠭᠰᠢᠲᠠ ᠲᠡᠭᠡᠭᠰᠢᠯᠡᠬᠦᠯᠵᠥ᠂ ᠦᠵᠡᠯ ᠰᠠᠨᠠᠭᠠᠨ ᠤ ᠲᠠᠯ᠎ᠠ ᠪᠠᠷ ᠭᠤᠤᠯ ᠪᠤᠯᠬᠤ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ᠤᠯᠤᠰ ᠲᠦᠷᠦ ᠲᠠᠯ᠎ᠠ ᠪᠠᠷ ᠭᠤᠤᠯ ᠪᠤᠯᠬᠤ ᠶᠢ ᠡᠷᠡᠰ ᠬᠠᠮᠠᠭᠠᠯᠠᠵᠤ᠂ ᠵᠤᠬᠢᠶᠠᠨ ᠪᠠᠶᠢᠭᠤᠯᠤᠯᠲᠠ ᠲᠠᠯ᠎ᠠ ᠪᠠᠷ ᠭᠤᠤᠯ ᠪᠤᠯᠬᠤ ᠶᠢ ᠤᠬᠠᠮᠰᠠᠷ ᠠᠴᠠ ᠪᠠᠨ ᠳᠠᠭᠠᠵᠤ᠂ ᠠᠵᠢᠯᠯᠠᠭ᠎ᠠ ᠶᠢᠨ ᠲᠠᠯ᠎ᠠ ᠪᠠᠷ ᠭᠤᠤᠯ ᠪᠤᠯᠬᠤ ᠲᠠᠢ ᠰᠠᠨᠠᠭᠠᠴᠢᠯᠠᠭ᠎ᠠ ᠠᠴᠠ ᠪᠠᠨ ᠨᠢᠭᠡᠳᠦᠯᠲᠡᠢ ᠪᠠᠶᠢᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠨᠡᠩ ᠡᠷᠡᠰ ᠢᠶᠠᠷ ᠬᠠᠮᠠᠭᠠᠯᠠᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠡᠩ ᠤᠬᠠᠮᠰᠠᠷ ᠠᠴᠠ ᠪᠠᠨ ᠲᠡᠭᠡᠳᠦ ᠬᠡᠮᠵᠢᠶᠡᠨ ᠤ ᠨᠢᠭᠡᠳᠦᠯᠲᠠᠢ ᠪᠠᠶᠢᠵᠦ᠂ ᠨᠠᠮ ᠤᠨ ᠲᠦᠪ ᠬᠤᠷᠢᠶ᠎ᠠ ᠶᠢᠨ ᠡᠯ᠎ᠡ ᠵᠦᠢᠯ  ᠤᠨ ᠰᠢᠢᠳᠪᠤᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠳᠦᠯᠲᠠᠢ ᠪᠤᠯᠭᠠᠵᠦ᠂ ᠨᠠᠮ ᠤᠨ ᠲᠦᠪ ᠬᠤᠷᠢᠶ᠎ᠠ ᠲᠠᠢ ᠨᠢᠭᠡᠳᠦᠯᠲᠠᠢ ᠪᠤᠯᠭᠠᠵᠦ᠂ ᠨᠠᠮ ᠤᠨ ᠤᠨᠤᠯ ᠪᠤᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠨᠢᠬᠡᠳᠦᠯᠲᠠᠢ ᠪᠤᠯᠭᠠᠵᠦ᠂ ᠨᠠᠮ ᠤᠨ ᠲᠦᠪ ᠬᠤᠷᠢᠶ᠎ᠠ ᠶᠢᠨ ᠰᠢᠢᠳᠪᠤᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠦᠯᠲᠠᠢ ᠪᠤᠯᠭᠠᠵᠦ᠂ ᠨᠠᠮ ᠤᠨ ᠲᠦᠪ ᠬᠤᠷᠢᠶ᠎ᠠ ᠶᠢᠨ ᠰᠠᠨᠠᠭᠠᠴᠢᠯᠠᠭ᠎ᠠ ᠶᠢ ᠡᠷᠡᠰ ᠴᠤᠤᠷᠢᠶᠠᠳᠤᠨ ᠲᠠᠭᠠᠵᠦ᠂ ᠨᠠᠮ ᠤᠨ ᠲᠦᠪ ᠬᠤᠷᠢᠶ᠎ᠠ ᠶᠢᠨ ᠲᠤᠭᠳᠠᠭᠠᠯ ᠢ ᠡᠷᠡᠰ ᠬᠡᠷᠡᠭᠵᠢᠬᠦᠯᠵᠦ᠂ ᠨᠠᠮ ᠤᠨ ᠲᠦᠪ ᠬᠤᠷᠢᠶ᠎ᠠ ᠶᠢᠨ ᠴᠠᠭᠠᠵᠠᠯᠠᠭᠰᠠᠨ ᠵᠦᠢᠯᠡᠰ ᠢ ᠤᠭᠲᠦ ᠬᠢᠬᠦ ᠦᠭᠡᠢ ᠪᠤᠯᠬᠤ ᠬᠡᠷᠡᠭᠲᠠᠢ ᠬᠡᠵᠥ ᠴᠢᠬᠤᠯᠠᠴᠢᠯᠠᠪᠠ᠃      ᠯᠢ ᠵᠢᠢ ᠾᠧᠩ᠂ ᠪᠦᠬᠦᠳᠡ ᠬᠤᠷᠠᠯ ᠤᠨ ᠴᠢᠬᠤᠯᠠ ᠨᠢᠭᠡ ᠦᠵᠡᠯ ᠰᠠᠨᠠᠭᠠᠨ ᠤ ᠦᠷ᠎ᠡ ᠪᠦᠲᠦᠭᠡᠯ ᠨᠢ ︽ᠪᠦᠬᠦ ᠲᠠᠯ᠎ᠠ ᠪᠠᠷ ᠨᠡᠮ ᠢ ᠴᠢᠩᠭ᠎ᠠ ᠵᠠᠰᠠᠬᠤ︾ ᠶᠠᠪᠤᠳᠠᠯ ᠪᠤᠯᠤᠨ᠎ᠠ᠂ ᠨᠦᠬᠦᠭᠡ ᠨᠢᠭᠡ ᠴᠢᠬᠤᠯᠠ ᠲᠦᠷᠢᠮ ᠤᠨ ᠦᠷ᠎ᠡ ᠪᠦᠲᠦᠭᠡᠯ ᠨᠢ ︽ᠰᠢᠨ᠎ᠡ ᠪᠠᠶᠢᠳᠠᠯ ᠲᠤᠤᠷᠠᠬᠢ ᠨᠠᠮ ᠤᠨ ᠲᠤᠲᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠲᠦᠷᠢᠮ ᠤᠳ︾ ᠪᠤᠯᠤᠨ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠨᠠᠮ ᠤᠨ ᠲᠤᠲᠤᠭᠠᠳᠦ ᠶᠢᠨ ᠬᠢᠨᠠᠯᠲᠠ ᠲᠠᠯᠪᠢᠬᠤ ᠲᠦᠷᠢᠮ︾ ᠢ ᠬᠢᠨᠠᠨ ᠵᠦᠪᠯᠡᠵᠦ ᠪᠠᠲᠤᠯᠠᠭᠰᠠᠨ ᠶᠠᠪᠤᠳᠠᠯ ᠪᠤᠯᠤᠨ᠎ᠠ᠃ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠪᠦᠬᠦᠳᠡ ᠬᠤᠷᠠᠯ ᠠᠴᠠ ᠭᠠᠷᠭᠠᠭᠰᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠵᠦ᠂ ᠨᠠᠮ ᠤᠨ ᠲᠤᠲᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠦᠨᠡᠨᠬᠦ ᠴᠢᠩᠭᠠᠳᠬᠠᠨ ᠵᠢᠷᠤᠮᠵᠢᠭᠤᠯᠵᠦ᠂ ᠨᠠᠮ ᠤᠨ ᠲᠤᠲᠤᠭᠠᠳᠦ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠩᠭ᠎ᠠ ᠪᠤᠳᠠᠲᠠᠢ ᠪᠠᠶᠢᠬᠤ ᠤᠪᠤᠷ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠠᠵᠢᠯ ᠤᠨ ︽ᠵᠠᠳᠠᠭᠠᠢ ᠰᠤᠯᠠ ᠪᠠᠭᠤᠷᠠᠢ︾ ᠪᠠᠶᠢᠬᠰᠠᠨ ᠠᠴᠠ ᠪᠠᠨ ︽ᠴᠢᠩᠭ᠎ᠠ ᠪᠤᠳᠠᠲᠠᠢ ᠬᠠᠲᠠᠭᠤ︾ ᠵᠦᠭ ᠲᠠᠰᠤᠷᠠᠯᠲᠠ ᠦᠭᠡᠢ ᠬᠤᠪᠢᠷᠠᠬᠤ ᠶᠢ ᠠᠬᠢᠭᠤᠯᠵᠦ᠂ ᠬᠡᠪ ᠰᠤᠷᠲᠠᠯ ᠲᠦᠪ ᠴᠢᠭᠡᠴᠢ ᠤᠯᠤᠰ ᠲᠦᠷᠦ ᠶᠢᠨ ᠠᠮᠢ ᠠᠬᠤᠢ ᠪᠤᠯᠤᠨ ᠠᠵᠢᠯ ᠬᠢᠵᠦ ᠦᠢᠯᠡᠰ ᠴᠤᠭᠴᠠᠯᠠᠬᠤ ᠵᠠᠰᠠᠭ ᠶᠠᠪᠤᠭᠤᠯᠬᠤ ᠤᠷᠴᠢᠨ ᠲᠤᠭᠤᠷᠢᠨ ᠢ ᠬᠦᠴᠦᠯᠡᠨ ᠪᠦᠷᠢᠯᠳᠦᠭᠦᠯᠬᠦ ᠬᠡᠷᠡᠭᠲᠠᠢ ᠭᠡᠵᠦ ᠵᠢᠭᠠᠵᠦ ᠭᠠᠷᠭᠠᠪᠠ᠃      ᠯᠢ ᠵᠢᠢ ᠾᠧᠩ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠬᠦ ᠤᠷᠤᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠤᠨ᠎ᠠ᠃ ᠨᠠᠮ ᠤᠨ ᠲᠦᠪ ᠬᠤᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠢᠭᠡᠳᠦᠯᠲᠠᠢ ᠪᠠᠶᠢᠷᠢᠯᠠᠭᠤᠯᠤᠯᠲᠠ ᠶᠤᠰᠤᠭᠠᠷ᠂ ᠱᠠᠳᠤ ᠬᠤᠪᠢᠶᠠᠨ᠂ ᠤᠯᠠᠨ ᠲᠠᠯ᠎ᠠ ᠠᠴᠠ᠂ ᠤᠯᠠᠨ ᠠᠷᠭ᠎ᠠ ᠬᠡᠮᠵᠢᠶ᠎ᠠ᠂ ᠤᠯᠠᠨ ᠬᠡᠯᠪᠡᠷᠢ ᠮᠠᠶ᠋ᠢᠭ ᠢᠶᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠦᠷᠨᠢᠭᠦᠯᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠠᠮ ᠤᠨ ᠡᠭᠦᠷ ᠪᠦᠷᠢ᠂ ᠨᠠᠮ ᠤᠨ ᠭᠡᠰᠢᠭᠦᠨ ᠪᠦᠷᠢ ᠳᠤ ᠳᠠᠷᠤᠢ ᠲᠦᠷᠭᠡᠨ ᠤᠯᠠᠮᠵᠢᠯᠠᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠨ ᠤ ᠳᠤᠮᠳᠠ ᠳᠡᠯᠭᠡᠷᠡᠭᠦᠯᠦᠨ᠂ ᠬᠦᠮᠦᠰ ᠤᠨ ᠰᠡᠳᠭᠢᠯ ᠳᠤ ᠬᠠᠳᠠᠩᠰᠢᠭᠤᠯᠵᠤ᠂ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠭᠡᠵᠤ᠂ ᠬᠦᠴᠦᠨ ᠢᠶᠠᠨ ᠨᠢᠭᠲᠠᠷᠠᠭᠤᠯᠬᠤ ᠬᠡᠷᠡᠭᠲᠡᠢ᠃ ᠨᠠᠮ ᠤᠨ ᠲᠦᠪ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠤᠯᠤᠨ ᠤᠯᠤᠰ ᠢ ᠵᠠᠰᠠᠵᠤ ᠲᠦᠷᠦ ᠶᠢᠨ ᠶᠠᠪᠤᠳᠠᠯ ᠢ ᠡᠷᠬᠢᠯᠡᠬᠦ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠳᠤ ᠠᠭᠤᠰᠤᠯᠴᠠᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠳᠡᠯ᠎ᠠ ᠤᠢᠢᠯᠠᠭᠠᠵᠤ᠂ ᠲᠠᠷᠢᠬᠢᠨ ᠳᠠᠭᠠᠨ ᠰᠢᠩᠭᠡᠵᠤ ᠰᠡᠳᠭᠢᠯ ᠳᠡᠭᠡᠨ ᠬᠠᠳᠠᠩᠰᠢᠭᠤᠯᠵᠤ᠂ ᠦᠨᠡᠨᠬᠦ ᠪᠦᠭᠦᠳᠡ ᠬᠤᠷᠠᠯ ᠤᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠡᠯ᠎ᠠ ᠱᠠᠳᠤᠨ ᠤ ᠡᠯ᠎ᠠ ᠲᠦᠷᠦᠯ ᠤᠨ ᠵᠠᠭᠤᠴᠢᠯᠠᠭᠤᠷ ᠲᠤᠰᠬᠠᠢ ᠪᠤᠯᠤᠩ ᠲᠤᠰᠬᠠᠢ ᠰᠡᠳᠦᠪ ᠲᠦᠰᠦᠪᠯᠡᠵᠤ ᠪᠠᠶᠢᠭᠠᠳ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠠ ᠦᠷ᠎ᠠ ᠪᠦᠲᠦᠮᠵᠢ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠪᠤᠯᠤᠨ ᠨᠠᠮ ᠤᠨ ᠳᠤᠳᠤᠭᠠᠳᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠰᠢᠨ᠎ᠠ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠪᠠᠶᠢᠴᠠᠭᠠᠨ ᠰᠤᠳᠤᠯᠤᠯᠳᠠ ᠬᠢᠬᠦ ᠳᠡᠭᠡᠨ᠂ ᠯᠢ ᠵᠢᠢ ᠡᡁᠧᠩ ᠲᠤᠬᠠᠢ ᠶᠢᠨ ᠭᠠᠵᠠᠷ ᠲᠤ ᠬᠤᠳᠠ ᠶᠢᠨ ᠭᠠᠵᠠᠷ ᠲᠤᠤᠷᠠᠬᠢ ᠶᠠᠷᠤᠩᠬᠡᠢ ᠬᠤᠭᠤᠯᠠᠢ ᠶᠢᠨ ᠬᠤᠩᠬᠢᠯ᠂ ᠦᠪᠤᠷ ᠮᠤᠩᠭᠤᠯ ᠤᠨ ᠤᠷᠠᠨ ᠵᠢᠷᠤᠬ ᠤᠨ ᠤᠷᠳᠤᠨ᠂ ᠲᠠᠯ᠎ᠠ ᠨᠤᠳᠤᠬ ᠤᠨ ᠲᠤᠷᠭᠠᠨ ᠵᠠᠮ ᠤᠨ ᠰᠤᠶᠤᠯ ᠤᠨ ᠴᠡᠴᠡᠷᠯᠢᠭ᠂ ᠬᠦᠬᠡᠬᠤᠳᠠ — — ᠴᠢᠭᠤᠯᠤᠯᠳᠤ ᠬᠠᠭᠠᠯᠭ᠎ᠠ ᠬᠦᠷᠬᠦ ᠠᠶᠠᠨᠴᠢᠨ ᠤ ᠵᠦᠬᠡᠬᠡᠪᠤᠷᠢ ᠶᠢᠨ ᠲᠤᠰᠬᠠᠢ ᠱᠤᠭᠤᠮ ᠤᠨ ᠲᠦᠷᠬᠡᠨ ᠤ ᠲᠡᠮᠤᠷ ᠵᠠᠮ᠂ ᠱᠠ ᠯᠠᠩ ᠪᠠᠷᠠᠭᠠᠨ ᠤ ᠬᠦᠢᠯᠬᠡᠬᠡᠨ ᠤ ᠬᠦᠷᠢᠶᠠᠯᠠᠩ ᠲᠤᠭᠤᠷᠢᠬ᠂ ᠶᠡᠭᠡ ᠲᠦᠷᠬᠡᠨ ᠭᠤᠤᠯ ᠤᠨ ᠶᠠᠷᠤᠩᠬᠡᠶᠢᠯᠡᠨ ᠴᠡᠭᠴᠡᠯᠠᠨ ᠵᠠᠰᠠᠬᠤ ᠢᠨᠵᠧᠨᠧᠷᠢᠩ᠂ ᠤᠳᠤ ᠦᠶ᠎ᠠ ᠶᠢᠨ ᠲᠠᠷᠢᠶᠠᠯᠠᠩ ᠤᠨ ᠦᠵᠡᠮᠵᠢ ᠶᠢᠨ ᠠᠵᠤ ᠤᠢᠢᠯᠡᠰ᠂ ᠲᠤᠰᠬᠤᠨ ᠤ ᠲᠦᠷᠢ ᠲᠦᠷᠬᠦ ᠶᠢᠨ ᠤᠷᠴᠢᠨ ᠲᠤᠭᠤᠷᠢᠨ ᠢ ᠶᠠᠷᠤᠩᠬᠡᠶᠢᠯᠠᠨ ᠴᠡᠭᠴᠡᠯᠠᠨ ᠵᠠᠰᠠᠬᠤ ᠵᠡᠷᠬᠡ ᠲᠦᠷᠤᠯ ᠵᠦᠢᠯ ᠤᠨ ᠲᠤᠬᠠᠢ ᠶᠢᠨ ᠲᠠᠯᠠᠪᠠᠢ ᠪᠠᠷ ᠲᠤᠭᠤᠷᠢᠨ ᠪᠠᠶᠢᠴᠠᠭᠠᠪᠠ᠃ ᠲᠡᠷᠡ᠂ ᠬᠦᠬᠡᠬᠤᠳᠠ ᠶᠢᠨ ᠬᠢᠨ ᠲᠦᠪ ᠬᠤᠳᠠ ᠶᠢᠨ ᠤᠬᠠᠮᠰᠠᠷ ᠢᠶᠠᠨ ᠴᠢᠨᠠᠬᠰᠢᠳᠠ ᠴᠢᠩᠭᠠᠳᠬᠠᠵᠤ᠂ ᠠᠷᠠᠳ ᠲᠦᠮᠡᠨ ᠳᠤ ᠤᠢᠢᠯᠡᠴᠢᠯᠡᠬᠦ᠂ ᠦᠨᠳᠤᠰᠤᠨ ᠱᠠᠳᠤᠨ ᠳᠤ ᠤᠢᠢᠯᠡᠴᠢᠯᠡᠬᠦ᠂ ᠲᠡᠭᠡᠷ᠎ᠠ ᠱᠠᠳᠤᠨ ᠤ ᠪᠠᠶᠢᠭᠤᠯᠤᠯᠭ᠎ᠠ ᠳᠤ ᠤᠢᠢᠯᠡᠴᠢᠯᠡᠬᠦ᠂ ᠲᠦᠪ ᠬᠤᠷᠢᠶ᠎ᠠ ᠶᠢᠨ ᠬᠦᠬᠡᠬᠤᠳᠠ ᠳᠤ ᠰᠠᠭᠤᠭ᠎ᠠ ᠨᠢᠬᠡᠴᠠ ᠳᠤ ᠤᠢᠢᠯᠡᠴᠢᠯᠡᠬᠦ ︽ᠲᠦᠷᠪᠡᠨ ᠤᠢᠢᠯᠡᠴᠢᠯᠡᠬᠦ︾ ᠠᠵᠢᠯ ᠢ ᠰᠠᠶᠢᠳᠤᠷ ᠬᠢᠵᠤ᠂ ᠴᠢᠬᠤᠯᠠ ᠶᠡᠭᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ᠂ ᠠᠵᠤ ᠤᠢᠢᠯᠡᠰ ᠤᠨ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ᠂ ᠰᠢᠨ᠎ᠠ ᠶᠢ ᠡᠬᠦᠳᠴᠤ ᠤᠢᠢᠯᠡᠰ ᠪᠤᠰᠬᠠᠬᠤ᠂ ᠦᠬᠡᠷᠡᠴᠢᠯᠠᠯᠳᠠ ᠨᠡᠬᠡᠬᠡᠯᠳᠠ᠂ ᠠᠷᠠᠳ ᠤᠨ ᠠᠮᠢᠳᠤᠷᠠᠯ  ᠤᠨ ᠤᠢᠢᠯᠡᠰ ᠪᠤᠯᠤᠨ ᠨᠡᠶᠢᠬᠡᠮ ᠤᠨ ᠲᠤᠭᠳᠠᠭᠤᠨ ᠤ ᠠᠵᠢᠯ ᠢ ᠦᠷᠬᠦᠯᠵᠢᠯᠠᠨ ᠰᠠᠶᠢᠳᠤᠷ ᠬᠢᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠰᠠᠶᠢᠨ ᠲᠠᠭᠠᠭᠤᠯᠤᠬᠴᠢ ᠪᠤᠯᠵᠤ᠂ ᠲᠦᠪ ᠬᠤᠳᠠ ᠶᠢᠨ ᠲᠠᠭᠠᠭᠤᠯᠬᠤ ᠪᠠ ᠵᠢᠱᠢᠶ᠎ᠠ ᠦᠵᠡᠬᠦᠯᠬᠦ ᠤᠢᠢᠯᠡᠳᠤᠯ ᠢᠶᠠᠨ ᠬᠦᠢᠴᠡᠳ ᠪᠠᠳᠠᠷᠠᠭᠤᠯᠵᠤ᠂ ᠪᠦᠬᠦ ᠤᠷᠤᠨ ᠤ ᠠᠵᠤ ᠠᠬᠤᠢ ᠨᠡᠶᠢᠬᠡᠮ  ᠤᠨ ᠬᠦᠭᠵᠢᠯᠳᠠ ᠶᠢᠨ ᠶᠡᠭᠡ ᠲᠠᠯ᠎ᠠ ᠳᠤ ᠨᠡᠩ ᠰᠠᠶᠢᠨ ᠤᠢᠢᠯᠡᠴᠢᠯᠡᠬᠦ ᠭᠡᠷᠡᠭᠳᠠᠢ᠃ ᠦᠨᠳᠤᠷ ᠭᠠᠷᠤᠭ᠎ᠠ ᠲᠠᠢ ᠲᠦᠯᠤᠪᠵᠢᠬᠦᠯᠬᠡ᠂ ᠦᠨᠳᠤᠷ ᠪᠠᠷᠢᠮᠵᠢᠶ᠎ᠠ ᠲᠠᠢ ᠪᠦᠳᠤᠬᠡᠨ ᠪᠠᠶᠢᠭᠤᠯᠤᠯᠳᠠ᠂ ᠦᠨᠳᠤᠷ ᠬᠦᠴᠤᠯᠠᠴᠠ ᠲᠠᠢ ᠤᠷᠤᠭᠤᠯᠤᠯᠳᠠ᠂ ᠦᠨᠳᠤᠷ ᠠᠰᠢᠬ ᠲᠠᠢ ᠬᠠᠮᠢᠶᠠᠷᠤᠯᠳᠠ᠂ ᠦᠨᠳᠤᠷ ᠲᠦᠪᠰᠢᠨ ᠲᠠᠢ ᠡᠵᠡᠩᠨᠡᠯᠳᠠ ᠶᠢ ᠪᠠᠷᠢᠮᠳᠠᠯᠠᠵᠤ᠂ ᠨᠡᠩ ᠠᠮᠢᠵᠢᠷᠠᠯ ᠤᠨ ᠬᠦᠴᠤᠨ ᠲᠠᠢ᠂ ᠨᠡᠩ ᠭᠤᠶᠤ ᠰᠠᠶᠢᠬᠠᠨ᠂ ᠨᠡᠩ ᠡᠶ᠎ᠡ ᠵᠤᠬᠢᠴᠠᠩᠭᠤᠢ ᠤᠳᠤ ᠦᠶ᠎ᠠ ᠶᠢᠨ ᠲᠦᠪ ᠬᠤᠳᠠ ᠶᠢ ᠴᠢᠷᠮᠠᠶᠢᠨ ᠪᠦᠳᠤᠬᠡᠨ ᠪᠠᠶᠢᠭᠤᠯᠬᠤ ᠭᠡᠷᠡᠭᠳᠠᠢ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠤᠬᠠᠭᠤᠯᠬᠤ ᠪᠠᠷ ᠬᠦᠳᠡᠯᠬᠡᠬᠦ ᠬᠦᠴᠤᠨ ᠪᠤᠯᠭᠠᠵᠤ᠂ ᠴᠢᠬᠤᠯᠠ ᠲᠠᠯᠠᠪᠠᠢ ᠤᠷᠳᠤᠨ ᠤ ᠪᠦᠳᠤᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠵᠤ᠂ ᠬᠤᠳᠠ  ᠶᠢᠨ ᠤᠷᠴᠢᠨ ᠲᠤᠭᠤᠷᠢᠨ ᠤ ᠶᠠᠷᠤᠩᠬᠡᠶᠢᠯᠡᠭᠰᠡᠨ ᠴᠡᠭᠴᠡᠯᠠᠯᠳᠠ ᠰᠠᠶᠢᠵᠢᠷᠠᠭᠤᠯᠤᠯᠳᠠ ᠶᠢ ᠴᠢᠷᠮᠠᠶᠢᠨ ᠰᠠᠶᠢᠳᠤᠷ ᠠᠳᠬᠤᠵᠤ᠂ ᠠᠵᠤ ᠠᠬᠤᠢ ᠨᠡᠶᠢᠬᠡᠮ ᠤᠨ ᠲᠤᠭᠳᠠᠭᠤᠨ ᠡᠷᠡᠬᠦᠯ ᠬᠦᠭᠵᠢᠯᠳᠠ ᠶᠢ ᠠᠬᠢᠭᠤᠯᠵᠤ᠂ ᠡᠨᠡ ᠵᠢᠯ ᠤᠨ ᠡᠯ᠎ᠠ ᠵᠦᠢᠯ ᠤᠨ ᠬᠠᠷᠠᠯᠳᠠ ᠡᠬᠦᠷᠬᠡ ᠶᠢ ᠪᠦᠬᠦ ᠲᠠᠯ᠎ᠠ ᠪᠠᠷ ᠬᠦᠢᠴᠡᠳᠬᠡᠬᠦ ᠶᠢ ᠪᠠᠳᠤᠯᠠᠵᠤ᠂ ︽13·5︾ ᠶᠢᠨ ᠬᠦᠭᠵᠢᠯᠳᠠ ᠶᠢᠨ ᠰᠠᠶᠢᠨ ᠡᠬᠢᠯᠡᠯᠳᠠ ᠶᠢ ᠴᠢᠷᠮᠠᠶᠢᠨ ᠪᠡᠶᠡᠯᠡᠬᠦᠯᠵᠤ᠂ ᠰᠢᠯᠢᠳᠡᠭ ᠬᠢᠷᠢ ᠪᠦᠳᠤᠮᠵᠢ ᠪᠠᠷ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠤᠯᠤᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠢ ᠤᠬᠳᠤᠬᠤ ᠭᠡᠷᠡᠭᠳᠠᠢ ᠬᠡᠵᠤ ᠴᠢᠬᠤᠯᠠᠴᠢᠯᠠᠪᠠ᠃      ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠨᠠᠰᠤᠨᠮᠦ᠋ᠩᠬᠡ᠂ ᠵᠠᠩ ᠶᠤᠸᠠᠨ ᠵᠦᠩ ᠨᠡᠷ ᠤᠬᠠᠭᠤᠯᠤᠨ ᠲᠠᠶᠢᠯᠪᠤᠷᠢᠯᠠᠬᠤ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号