ᠥᠪᠥᠷ ᠮᠣᠩᠭᠤᠯ᠄ 2017 ᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠢᠯᠭᠠᠬᠤ ᠲᠦᠷᠦᠯ ᠢᠯᠭᠠᠯ ᠢ ᠲᠣᠭᠲᠠᠭᠠᠪᠠ
ᠨᠡᠶᠢᠲᠡᠯᠡᠭᠰᠡᠨ ᠴᠠᠭ᠄
2016/11/22
     2017 ᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠢᠯᠭᠠᠬᠤ ᠲᠦᠷᠦᠯ ᠢᠯᠭᠠᠯ ᠢ ᠨᠢᠭᠡᠨᠲᠡ ᠲᠣᠭᠲᠠᠭᠠᠪᠠ᠂ ᠡᠭᠦᠨ ᠳᠤ ᠡᠩ ᠤᠨ ᠲᠥᠷᠥᠯ᠂ ᠤᠷᠠᠯᠢᠭ ᠤᠨ ᠲᠥᠷᠥᠯ᠂ ᠲᠠᠮᠢᠷ ᠤᠨ ᠲᠥᠷᠥᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠵᠢᠯ ᠲᠥᠷᠥᠯ ᠤᠨ ᠰᠢᠰᠲ᠋ᠧᠮ ᠢᠶᠠᠷ ᠰᠤᠷᠤᠭᠴᠢ ᠡᠯᠰᠡᠬᠦ 4 ᠲᠣᠮᠣ ᠲᠥᠷᠥᠯ 38 ᠲᠦᠷᠦᠯ ᠢᠯᠭᠠᠯ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠡᠩ ᠤᠨ ᠲᠥᠷᠥᠯ ᠳᠤ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠪᠠᠶᠢᠨ᠎ᠠ᠃      ᠤᠷᠠᠯᠢᠭ ᠤᠨ ᠲᠦᠷᠦᠯ ᠳᠤ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ᠂ ᠪᠤᠰᠤᠳ ᠤᠷᠠᠯᠢᠭ ᠤᠨ ᠲᠥᠷᠥᠯ ᠪᠠᠭᠲᠠᠨ᠎ᠠ᠃ ᠡᠭᠦᠨ ᠳᠤ᠂ ᠤᠷᠠᠨ ᠵᠢᠷᠤᠭ ᠤᠨ ᠲᠥᠷᠥᠯ ᠳᠤ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ︵ᠨᠡᠶᠢᠭᠡᠮ ︶᠂ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ︵ᠪᠠᠶᠢᠭᠠᠯᠢ︶᠂ ᠮᠣᠩᠭᠤᠯ ᠢᠶᠠᠷ ᠬᠢᠴᠢᠶᠡᠯᠯᠡᠬᠦ ᠤᠷᠠᠨ ᠵᠢᠷᠤᠭ ︵ᠨᠡᠶᠢᠭᠡᠮ ︶᠂ ᠮᠣᠩᠭᠤᠯ ᠢᠶᠠᠷ ᠬᠢᠴᠢᠶᠡᠯᠯᠡᠬᠦ ᠤᠷᠠᠨ ᠵᠢᠷᠤᠭ ︵ᠪᠠᠶᠢᠭᠠᠯᠢ︶ ᠪᠠᠶᠢᠨ᠎ᠠ︔ ᠳᠠᠭᠤᠤ ᠬᠥᠭᠵᠢᠮ ᠤᠨ ᠲᠥᠷᠥᠯ ᠳᠤ ᠬᠢᠲᠠᠳ ᠢᠶᠠᠷ ᠬᠢᠴᠢᠶᠡᠯᠯᠡᠬᠦ ᠳᠠᠭᠤᠤ ᠬᠥᠭᠵᠢᠮ ︵ᠨᠡᠶᠢᠭᠡᠮ︶᠂ ᠬᠢᠲᠠᠳ ᠢᠶᠠᠷ ᠬᠢᠴᠢᠶᠡᠯᠯᠡᠬᠦ ᠳᠠᠭᠤᠤ ᠬᠥᠭᠵᠢᠮ ︵ᠪᠠᠶᠢᠭᠠᠯᠢ︶᠂ ᠮᠣᠩᠭᠤᠯ ᠢᠶᠠᠷ ᠬᠢᠴᠢᠶᠡᠯᠯᠡᠬᠦ ᠳᠠᠭᠤᠤ ᠬᠥᠭᠵᠢᠮ ︵ᠨᠡᠶᠢᠭᠡᠮ ︶᠂ ᠮᠣᠩᠭᠤᠯ ᠢᠶᠠᠷ ᠬᠢᠴᠢᠶᠡᠯᠯᠡᠬᠦ ᠳᠠᠭᠤᠤ ᠬᠥᠭᠵᠢᠮ ︵ᠪᠠᠶᠢᠭᠠᠯᠢ ︶ ᠪᠠᠶᠢᠨ᠎ᠠ︔ ᠨᠠᠶᠢᠷᠠᠭᠤᠯᠤᠨ ᠤᠳᠤᠷᠢᠳᠤᠭᠠᠴᠢ ᠶᠢᠨ ᠲᠦᠷᠦᠯ ᠳᠤ ᠬᠢᠲᠠᠳ ᠢᠶᠠᠷ ᠬᠢᠴᠢᠶᠡᠯᠯᠡᠬᠦ ᠨᠠᠶᠢᠷᠠᠭᠤᠯᠤᠨ ᠤᠳᠤᠷᠢᠳᠤᠭᠠᠴᠢ ︵ᠨᠡᠶᠢᠭᠡᠮ ︶᠂ ᠬᠢᠲᠠᠳ ᠢᠶᠠᠷ ᠬᠢᠴᠢᠶᠡᠯᠯᠡᠬᠦ ᠨᠠᠶᠢᠷᠠᠭᠤᠯᠤᠨ ᠤᠳᠤᠷᠢᠳᠤᠭᠠᠴᠢ ︵ᠪᠠᠶᠢᠭᠠᠯᠢ︶ ᠪᠠᠶᠢᠨ᠎ᠠ︔ ᠪᠤᠰᠤᠳ ᠤᠷᠠᠯᠢᠭ ᠤᠨ ᠲᠥᠷᠥᠯ ᠳᠤ ᠬᠢᠲᠠᠳ ᠢᠶᠠᠷ ᠬᠢᠴᠢᠶᠡᠯᠯᠡᠬᠦ ᠪᠤᠰᠤᠳ ᠤᠷᠠᠯᠢᠭ ︵ᠨᠡᠶᠢᠭᠡᠮ ︶᠂ ᠬᠢᠲᠠᠳ ᠢᠶᠠᠷ ᠬᠢᠴᠢᠶᠡᠯᠯᠡᠬᠦ ᠪᠤᠰᠤᠳ ᠤᠷᠠᠯᠢᠭ ︵ᠪᠠᠶᠢᠭᠠᠯᠢ ︶᠂ ᠮᠣᠩᠭᠤᠯ ᠢᠶᠠᠷ ᠬᠢᠴᠢᠶᠡᠯᠯᠡᠬᠦ ᠪᠤᠰᠤᠳ ᠤᠷᠠᠯᠢᠭ ︵ᠨᠡᠶᠢᠭᠡᠮ ︶᠂ ᠮᠣᠩᠭᠤᠯ ᠢᠶᠠᠷ ᠬᠢᠴᠢᠶᠡᠯᠯᠡᠬᠦ ᠪᠤᠰᠤᠳ ᠤᠷᠠᠯᠢᠭ ︵ᠪᠠᠶᠢᠭᠠᠯᠢ︶ ᠪᠠᠶᠢᠨ᠎ᠠ᠃      ᠪᠡᠶ᠎ᠡ ᠶᠢᠨ ᠲᠠᠮᠢᠷ ᠤᠨ ᠲᠥᠷᠥᠯ ᠳᠤ ᠬᠢᠲᠠᠳ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠨᠡᠶᠢᠭᠡᠮ ︶᠂ ᠬᠢᠲᠠᠳ ᠎ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠪᠠᠶᠢᠭᠠᠯᠢ ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠨᠡᠶᠢᠭᠡᠮ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠪᠠᠶᠢᠭᠠᠯᠢ ︶ ᠪᠠᠶᠢᠨ᠎ᠠ᠃      ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠵᠢᠯ ᠲᠥᠷᠥᠯ ᠤᠨ ᠰᠢᠰᠲ᠋ᠧᠮ ᠢᠶᠠᠷ ᠰᠤᠷᠤᠭᠴᠢ ᠡᠯᠰᠡᠬᠦ ᠲᠥᠷᠥᠯ ᠳᠤ ᠺᠣᠮᠫᠢᠦ᠋ᠲ᠋ᠧᠷ ᠤᠨ ᠲᠦᠷᠦᠯ᠂ ᠲᠠᠷᠢᠶᠠᠯᠠᠩ ᠤᠨ ᠤᠬᠠᠭᠠᠨ ᠤ ᠲᠥᠷᠥᠯ᠂ ᠮᠠᠯ ᠡᠮᠨᠡᠯᠭᠡ ᠶᠢᠨ ᠲᠥᠷᠥᠯ᠂ ᠲᠣᠭᠤᠭᠠᠴᠢ ᠶᠢᠨ ᠮᠡᠷᠭᠡᠵᠢᠯ ᠤᠨ ᠲᠦᠷᠦᠯ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠲᠦᠷᠦᠯ᠂ ᠤᠷᠠᠨ ᠵᠢᠷᠤᠭ ᠲᠥᠯᠥᠪᠯᠡᠭᠡ ᠶᠢᠨ ᠲᠥᠷᠥᠯ᠂ ᠵᠢᠭᠤᠯᠴᠢᠯᠠᠯ ᠤᠨ ᠲᠥᠷᠥᠯ᠂ ᠮᠠᠰᠢᠨ ᠲᠡᠷᠭᠡ ᠵᠢᠯᠣᠭᠤᠳᠬᠤ ᠲᠦᠷᠦᠯ᠂ ᠪᠠᠷᠢᠯᠭ᠎ᠠ ᠶᠢᠨ ᠲᠥᠷᠥᠯ᠂ ᠮᠠᠰᠢᠨ ᠴᠠᠬᠢᠯᠭᠠᠨ ᠤ ᠲᠥᠷᠥᠯ᠂ ᠮᠣᠩᠭᠤᠯ ᠮᠠᠯ ᠡᠮᠨᠡᠯᠭᠡ ᠶᠢᠨ ᠲᠥᠷᠥᠯ᠂ ᠬᠢᠮᠢ ᠶᠢᠨ ᠠᠵᠤ ᠦᠢᠯᠡᠳᠪᠦᠷᠢ ᠎ ᠶᠢᠨ ᠲᠥᠷᠥᠯ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠥᠷᠥᠯ᠂ ᠠᠨᠠᠭᠠᠬᠤ ᠤᠬᠠᠭᠠᠨ ᠤ ᠲᠥᠷᠥᠯ᠂ ᠲᠠᠮᠢᠷ ᠤᠨ ᠲᠥᠷᠥᠯ᠂ ᠠᠭᠤᠷᠬᠠᠶ ᠮᠠᠯᠲᠠᠬᠤ ᠲᠦᠷᠦᠯ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠰᠠᠳ ᠲᠤ ᠰᠠᠨᠠᠭᠤᠯᠬᠤ ᠨᠢ᠂ ᠰᠢᠯᠭᠠᠭᠤᠯᠤᠭᠰᠠᠳ ᠥᠪᠡᠷ ᠤᠨ ᠨᠡᠷ᠎ᠡ ᠮᠡᠳᠡᠭᠦᠯᠬᠦ ᠲᠦᠷᠦᠯ ᠵᠦᠢᠯ ᠢᠶᠠᠨ ᠨᠠᠷᠢᠨ ᠬᠢᠨᠠᠮᠠᠭᠠᠶ ᠰᠣᠩᠭᠤᠵᠤ᠂ ᠨᠡᠷ᠎ᠡ ᠮᠡᠳᠡᠭᠦᠯᠬᠦ ᠲᠦᠷᠦᠯ ᠵᠦᠢᠯ ᠠᠴᠠ ᠭᠠᠳᠠᠨ᠎ᠠ ᠪᠠᠰᠠ ᠭᠠᠳᠠᠭᠠᠳᠤ ᠬᠡᠯᠡᠨ ᠤ ᠲᠥᠷᠥᠯ ᠪᠠ ᠶᠠᠮᠠᠷ ᠦᠨᠳᠦᠰᠦᠲᠡᠨ ᠤ ᠬᠡᠯᠡ ᠪᠠᠷ ᠰᠢᠯᠭᠠᠬᠤ ᠪᠠᠨ ᠵᠥᠪ ᠰᠣᠩᠭᠤᠬᠤ ᠬᠡᠷᠡᠭᠲᠡᠢ᠂ ᠡᠨᠡ ᠭᠤᠷᠪᠠᠨ ᠲᠥᠷᠥᠯ ᠨᠢ ᠰᠢᠯᠭᠠᠭᠤᠯᠤᠭᠴᠢ ᠶᠢᠨ ᠰᠢᠯᠭᠠᠭᠤᠯᠢ ᠶᠢᠨ ᠲᠥᠷᠥᠯ ᠢ ᠲᠣᠭᠲᠠᠭᠠᠨ᠎ᠠ᠂ ᠪᠤᠷᠤᠭᠤ ᠰᠣᠩᠭᠤᠪᠠᠯ ᠰᠢᠯᠭᠠᠯᠲᠠ ᠵᠢᠴᠢ ᠶᠡᠷᠦᠩᠬᠡᠶ ᠬᠤᠪᠢ ᠪᠤᠳᠤᠬᠤ ᠶᠢ ᠨᠥᠯᠥᠭᠡᠯᠡᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号