10 ᠳ᠋ᠤᠭᠠᠷ ᠰᠠᠷ᠎ᠠ ᠶᠢᠨ 27 ᠤ ᠡᠳᠦᠷ᠂ ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠳᠡ | ᠦᠭᠡᠷᠡᠴᠢᠯᠡᠯᠳᠡ ᠶᠢᠨ ᠵᠦᠪᠯᠡᠯ ᠠᠴᠠ ︽ᠮᠠᠰᠢᠨ ᠲᠡᠷᠭᠡᠨ ᠳᠤ ᠭᠡᠷᠡᠭᠯᠡᠬᠦ ᠴᠢᠶ᠋ᠢᠦ᠂ ᠴᠠᠶᠢᠶ᠋ᠢᠦ ᠶᠢ ᠲᠡᠰ ᠲᠡᠪᠰᠢᠬᠦᠯᠦᠨ | ᠦᠨ᠎ᠡ ᠶᠢ ᠨᠢ ᠦᠰᠭᠡᠬᠦ ᠳᠤᠬᠠᠢ ᠮᠡᠳᠡᠭᠳᠡᠯ︾ ᠳᠠᠷᠬᠠᠭᠠᠵᠤ᠂ ᠮᠠᠨ ᠤ ᠤᠷᠤᠨ ᠤ ᠮᠠᠰᠢᠨ ᠲᠡᠷᠭᠡᠨ ᠳᠤ ᠭᠡᠷᠡᠭᠯᠡᠬᠦ | ᠴᠢᠶ᠋ᠢᠦ᠂ ᠴᠠᠶᠢᠶ᠋ᠢᠦ ᠶᠢᠨ ᠶᠠᠰᠤ ᠴᠢᠨᠠᠷ ᠢ ᠲᠡᠰ ᠲᠡᠪᠰᠢᠬᠦᠯᠦᠨ ᠦᠨ᠎ᠡ ᠶᠢ ᠨᠢ ᠦᠰᠭᠡᠬᠦ ᠪᠠᠷ ᠳᠤᠭᠳᠠᠭᠠᠪᠠ᠃ | ᠡᠨᠡ ᠵᠢᠯ ᠤᠨ 12 ᠳ᠋ᠤᠭᠠᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ 12 ᠳ᠋ᠤᠭᠠᠷ ᠰᠠᠷ᠎ᠠ ᠶᠢᠨ 31 | ᠤ ᠡᠳᠦᠷ ᠤᠨ 24 ᠴᠠᠭ ᠢ ᠪᠦᠬᠦ ᠤᠷᠤᠨ ᠤ ᠴᠢᠶ᠋ᠢᠦ᠂ ᠴᠠᠶᠢᠶ᠋ᠢᠦ ᠶᠢ ᠲᠡᠰ ᠲᠡᠪᠰᠢᠬᠦᠯᠦᠨ ᠰᠤᠯᠢᠬᠤ ᠬᠤᠭᠤᠴᠠᠭ᠎ᠠ | ᠪᠤᠯᠭᠠᠬᠤ ᠪᠤᠯᠤᠨ᠎ᠠ᠃ ᠰᠤᠯᠢᠬᠤ ᠬᠤᠭᠤᠴᠠᠭᠠᠨ ᠳᠤ᠂ ᠪᠦᠬᠦ ᠤᠷᠤᠨ ᠤ ᠤᠯᠤᠰ ᠤᠨ IV ᠪᠠᠷᠢᠮᠵᠢᠶ᠎ᠠ ᠪᠠ ᠤᠯᠤᠰ | ᠤᠨ V ᠪᠠᠷᠢᠮᠵᠢᠶᠠᠨ ᠤ ᠮᠠᠰᠢᠨ ᠲᠡᠷᠭᠡᠨ ᠳᠤ ᠭᠡᠷᠡᠭᠯᠡᠬᠦ ᠴᠢᠶ᠋ᠢᠦ ᠶᠢ ᠳᠤᠰ ᠲᠤᠨᠢ ᠪᠤᠷᠤᠯᠠᠭᠤᠯᠵᠤ ᠪᠤᠯᠤᠨ᠎ᠠ ︵ | ᠬᠤᠯᠢᠬᠰᠠᠨ ᠤ ᠬᠤᠶᠢᠨ᠎ᠠ ᠪᠤᠷᠤᠯᠠᠭᠤᠯᠵᠤ ᠪᠤᠯᠬᠤ ᠦᠭᠡᠢ︶᠂ ᠤᠯᠤᠰ ᠤᠨ IV ᠪᠠᠷᠢᠮᠵᠢᠶᠠᠨ ᠤ ᠮᠠᠰᠢᠨ ᠲᠡᠷᠭᠡᠨ ᠳᠤ | ᠭᠡᠷᠡᠭᠯᠡᠬᠦ ᠴᠢᠶ᠋ᠢᠦ ᠶᠢᠨ ᠦᠨ᠎ᠡ ᠬᠠᠩᠰᠢ ᠶᠢ ᠤᠯᠤᠰ ᠤᠨ ᠳᠤᠭᠳᠠᠭᠠᠯ ᠢᠶᠠᠷ ᠭᠡᠷᠡᠭᠵᠢᠬᠦᠯᠦᠨ᠎ᠡ᠂ ᠤᠯᠤᠰ ᠤᠨ V | ᠪᠠᠷᠢᠮᠵᠢᠶᠠᠨ ᠤ ᠮᠠᠰᠢᠨ ᠲᠡᠷᠭᠡᠨ ᠳᠤ ᠭᠡᠷᠡᠭᠯᠡᠬᠦ ᠴᠢᠶ᠋ᠢᠦ ᠳᠤ ᠤᠯᠤᠰ ᠤᠨ V ᠦᠨ᠎ᠡ ᠬᠠᠩᠰᠢ ᠶᠢ ᠭᠡᠷᠡᠭᠵᠢᠬᠦᠯᠦᠨ᠎ᠡ᠂ | ᠳᠠᠷᠤᠢ ᠤᠯᠤᠰ ᠤᠨ IV ᠪᠠᠷᠢᠮᠵᠢᠶᠠᠨ ᠤ ᠦᠨ᠎ᠡ ᠬᠠᠩᠰᠢ ᠶᠢᠨ ᠲᠡᠭᠡᠷ᠎ᠡ ᠨᠢ ᠳᠤᠨ ᠪᠦᠷᠢ 170 ᠲᠦᠬᠦᠷᠢᠭ ᠨᠡᠮᠡᠨ᠎ᠡ᠃ | ᠪᠦᠬᠦ ᠤᠷᠤᠨ ᠤ ᠮᠠᠰᠢᠨ ᠲᠡᠷᠭᠡᠨ ᠳᠤ ᠭᠡᠷᠡᠭᠯᠡᠬᠦ ᠴᠠᠶᠢᠶ᠋ᠢᠦ ᠶᠢᠨ ᠦᠨ᠎ᠡ ᠰᠤᠯᠢᠬᠤ ᠬᠤᠭᠤᠴᠠᠭᠠᠨ ᠳᠤ ᠬᠤᠪᠢᠷᠠᠬᠤ | ᠦᠭᠡᠢ᠂ ᠮᠦᠨ ᠤᠯᠤᠰ ᠤᠨ IV ᠪᠠᠷᠢᠮᠵᠢᠶ᠎ᠠ ᠪᠠᠷ ᠭᠡᠷᠡᠭᠵᠢᠬᠦᠯᠦᠨ᠎ᠡ᠃ ᠰᠤᠯᠢᠬᠤ ᠬᠤᠭᠤᠴᠠᠭᠠᠨ ᠳᠤ᠂ ᠪᠦᠬᠦ ᠤᠷᠤᠨ | ᠳᠤ ᠤᠯᠤᠰ ᠤᠨ IV ᠪᠠᠷᠢᠮᠵᠢᠶ᠎ᠠ ᠪᠠ ᠤᠯᠤᠰ ᠤᠨ V ᠪᠠᠷᠢᠮᠵᠢᠶᠠᠨ ᠤ ᠮᠠᠰᠢᠨ ᠲᠡᠷᠭᠡᠨ ᠳᠤ ᠭᠡᠷᠡᠭᠯᠡᠬᠦ ᠴᠢᠶ᠋ᠢᠦ᠂ | ᠴᠠᠶᠢᠶ᠋ᠢᠦ ᠶᠢᠨ ᠦᠨ᠎ᠡ ᠬᠠᠩᠰᠢ ᠶᠢ ᠴᠦᠮ ᠤᠯᠤᠰ ᠤᠨ IV ᠪᠠᠷᠢᠮᠵᠢᠶ᠎ᠠ ᠪᠠᠷ ᠭᠡᠷᠡᠭᠵᠢᠬᠦᠯᠦᠨ᠎ᠡ᠃ | 2017 ᠤᠨ ᠤ 1 ᠳ᠋ᠤᠭᠡᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ᠂ ᠪᠦᠬᠦ ᠤᠷᠤᠨ ᠳᠤ | ᠤᠯᠤᠰ ᠤᠨ V ᠪᠠᠷᠢᠮᠵᠢᠶᠠᠨ ᠤ ᠮᠠᠰᠢᠨ ᠲᠡᠷᠭᠡᠨ ᠳᠤ ᠭᠡᠷᠡᠭᠯᠡᠬᠦ ᠴᠢᠶ᠋ᠢᠦ ︵E10 ᠠᠭᠤᠯᠤᠭᠰᠠᠨ ᠰᠫᠢᠷᠲᠲᠤ | ᠴᠢᠶ᠋ᠢᠦ︶᠂ ᠮᠠᠰᠢᠨ ᠲᠡᠷᠭᠡᠨ ᠲᠤ ᠭᠡᠷᠡᠭᠯᠡᠬᠦ ᠴᠠᠶᠢᠶ᠋ᠢᠦ ︵B5 ᠠᠭᠤᠯᠤᠭᠰᠠᠨ ᠠᠮᠢᠳᠤ ᠪᠤᠳᠠᠰ ᠤᠨ ᠴᠠᠶᠢᠶ᠋ᠢᠦ︶ ᠶᠢ | ᠪᠦᠬᠦ ᠳᠠᠯ᠎ᠠ ᠪᠠᠷ ᠪᠤᠷᠤᠯᠠᠭᠤᠯᠬᠤ ᠶᠢᠨ ᠬᠠᠮᠳᠤ ᠤᠯᠤᠰ ᠤᠨ V ᠪᠠᠷᠢᠮᠵᠢᠶᠠᠨ ᠠᠴᠠ ᠳᠤᠤᠷ᠎ᠠ ᠮᠠᠰᠢᠨ ᠲᠡᠷᠭᠡᠨ ᠳᠤ | ᠭᠡᠷᠡᠭᠯᠡᠬᠦ ᠴᠢᠶ᠋ᠢᠦ᠂ ᠴᠠᠶᠢᠶ᠋ᠢᠦ ᠶᠢ ᠪᠤᠷᠤᠯᠠᠭᠤᠯᠬᠤ ᠪᠠᠨ ᠵᠤᠭᠰᠤᠬᠤ ᠭᠡᠷᠡᠭᠳᠡᠢ᠃ ︽ᠤᠯᠤᠰ ᠤᠨ ᠬᠦᠭᠵᠢᠬᠦᠯᠦᠯᠳᠡ | ᠦᠭᠡᠷᠡᠴᠢᠯᠡᠯᠳᠡ ᠶᠢᠨ ᠵᠦᠪᠯᠡᠯ ᠤᠨ ᠳᠤᠰᠤᠨ ᠤ ᠵᠦᠢᠯᠡᠰ ᠤᠨ ᠶᠠᠰᠤ ᠴᠢᠨᠠᠷ ᠢ ᠲᠡᠰ ᠲᠡᠪᠰᠢᠬᠦᠯᠵᠦ ᠦᠨ᠎ᠡ ᠶᠢ ᠨᠢ | ᠦᠰᠭᠡᠬᠦ ᠲᠦᠷᠦ ᠶᠢᠨ ᠪᠤᠳᠤᠯᠭ᠎ᠠ ᠶᠢᠨ ᠳᠤᠬᠠᠢ ᠬᠠᠮᠢᠶ᠎ᠠ ᠪᠦᠬᠦᠢ ᠰᠠᠨᠠᠯ ᠤᠨ ᠮᠡᠳᠡᠭᠳᠡᠯ︾ ᠤᠨ ᠳᠤᠭᠳᠠᠭᠠᠯ ᠶᠤᠰᠤᠭᠠᠷ | ᠮᠠᠰᠢᠨ ᠲᠡᠷᠭᠡᠨ ᠳᠤ ᠭᠡᠷᠡᠭᠯᠡᠬᠦ ᠴᠢᠶ᠋ᠢᠦ ᠶᠢᠨ ᠶᠠᠰᠤ ᠴᠢᠨᠠᠷ ᠤᠨ ᠪᠠᠷᠢᠮᠵᠢᠶ᠎ᠠ ᠶᠢ ᠳᠠᠪᠤᠳᠤᠭᠠᠷ ᠱᠠᠳᠤ ︵ᠤᠯᠤᠰ ᠤᠨ V | ᠪᠠᠷᠢᠮᠵᠢᠶ᠎ᠠ︶ ᠬᠦᠷᠲᠡᠯ᠎ᠡ ᠲᠡᠰ ᠲᠡᠪᠰᠢᠬᠦᠯᠵᠦ᠂ ᠦᠨ᠎ᠡ ᠬᠠᠩᠰᠢ ᠶᠢ ᠨᠢ ᠤᠳᠤ ᠶᠢᠨ ᠰᠠᠭᠤᠷᠢᠨ ᠲᠡᠭᠡᠷ᠎ᠡ ᠳᠠᠬᠢᠭᠠᠳ | ᠳᠤᠨ ᠪᠦᠷᠢ 170 ᠲᠦᠬᠦᠷᠢᠭ ᠨᠡᠮᠡᠨ᠂ ᠮᠠᠰᠢᠨ ᠲᠡᠷᠭᠡᠨ ᠳᠤ ᠭᠡᠷᠡᠭᠯᠡᠬᠦ ᠴᠠᠶᠢᠶ᠋ᠢᠦ ᠶᠢᠨ ᠶᠠᠰᠤ ᠴᠢᠨᠠᠷ ᠢ ᠳᠠᠪᠤᠳᠤᠭᠠᠷ | ᠱᠠᠳᠤ ︵ᠤᠯᠤᠰ ᠤᠨ V ᠪᠠᠷᠢᠮᠵᠢᠶ᠎ᠠ︶ ᠬᠦᠷᠲᠡᠯ᠎ᠡ ᠲᠡᠰ ᠳᠠᠪᠰᠢᠬᠦᠯᠦᠨ᠂ ᠦᠨ᠎ᠡ ᠬᠠᠩᠰᠢ ᠶᠢ ᠨᠢ ᠤᠳᠤ ᠶᠢᠨ | ᠰᠠᠭᠤᠷᠢᠨ ᠲᠡᠭᠡᠷ᠎ᠡ ᠳᠠᠬᠢᠭᠠᠳ ᠳᠤᠨ ᠪᠦᠷᠢ 160 ᠲᠦᠬᠦᠷᠢᠭ ᠨᠡᠮᠡᠬᠦ ᠪᠤᠯᠤᠨ᠎ᠠ᠃ |