【ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠪᠠᠶᠠᠷᠯᠠᠨ ᠤᠭᠲᠤᠶ᠎ᠠ · ᠰᠢᠷᠢᠰ ᠮᠡᠳᠡᠭᠡᠯᠡᠯ】 ᠨᠡᠶᠢᠭᠡᠮ ᠤᠨ ᠦᠢᠯᠡᠰ ᠲᠣᠭᠲᠠᠭᠤᠨ ᠬᠦᠭᠵᠢᠵᠦ ᠵᠣᠯ ᠵᠢᠷᠭᠠᠯᠲᠤ ᠬᠠᠭᠤᠳᠠᠰᠤ ᠶᠢ ᠵᠢᠷᠤᠭᠯᠠᠯ᠎ᠠ
ᠨᠡᠶᠢᠲᠡᠯᠡᠭᠰᠡᠨ ᠴᠠᠭ᠄
2016-11-22
      ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ ᠠᠴᠠ ᠨᠠᠰᠢᠬᠢ 5 ᠵᠢᠯ ᠪᠤᠯ ᠮᠠᠨ ᠤ ᠤᠷᠤᠨ ᠤ ᠬᠦᠭᠵᠢᠯᠳᠡ ᠶᠢᠨ ᠶᠠᠪᠤᠴᠠ ᠳᠠᠬᠢ ᠬᠦᠰᠢᠶ᠎ᠡ ᠳᠤᠷᠠᠰᠬᠠᠯ ᠤᠨ ᠠᠴᠢ ᠬᠤᠯᠪᠤᠬᠳᠠᠯ ᠪᠦᠬᠦᠢ 5 ᠵᠢᠯ ᠪᠤᠯᠤᠨ᠎ᠠ᠃ 5 ᠵᠢᠯ ᠤᠨ ᠳᠤᠷᠰᠢ᠂ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ︽ᠭᠤᠷᠪᠠᠨ ᠬᠤᠭᠤᠴᠠᠭ᠎ᠠ ᠳᠠᠪᠬᠤᠴᠠᠭᠰᠠᠨ︾ ᠱᠠᠳᠤᠨ ᠳᠠᠬᠢ᠂ ᠲᠦᠪᠡᠭ ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠪᠠ ᠦᠬᠡᠷᠡᠴᠢᠯᠡᠯᠳᠡ ᠬᠦᠭᠵᠢᠯᠳᠡ ᠶᠢᠨ ᠬᠦᠨᠳᠤ ᠡᠬᠦᠷᠬᠡ ᠶᠢᠨ ᠡᠮᠦᠨ᠎ᠡ᠂ ᠨᠠᠮ ᠤᠨ ᠲᠦᠪ ᠬᠤᠷᠢᠶ᠎ᠠ ᠪᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠮᠠᠨ ᠤ ᠤᠷᠤᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠨᠠᠠᠭ᠎ᠠ ᠶᠢ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ︽ᠳᠠᠪᠤ ᠶᠢ ᠨᠢᠬᠡ ᠴᠤᠭᠴᠠᠵᠢᠭᠤᠯᠬᠤ︾ ᠪᠠ ︽ᠲᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠳᠤᠭᠤᠷᠢᠨ ᠳᠤ᠂ ᠬᠦᠭᠵᠢᠯᠳᠡ ᠶᠢᠨ ᠶᠡᠭᠡ ᠪᠠᠶᠢᠳᠠᠯ ᠢ ᠡᠵᠡᠮᠳᠡᠵᠦ᠂ ᠴᠠᠭ ᠦᠶ᠎ᠡ ᠶᠢᠨ ᠱᠠᠭᠠᠷᠳᠠᠯᠭ᠎ᠠ ᠲᠠᠢ ᠵᠤᠬᠢᠴᠠᠵᠤ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠶᠠᠪᠤᠴᠠ ᠳᠤ ᠬᠢᠯᠢ ᠤᠷᠤᠨ ᠢᠶᠠᠨ ᠰᠠᠬᠢᠨ ᠬᠠᠮᠠᠭᠠᠯᠠᠵᠤ ᠠᠯᠤᠰ ᠢ ᠪᠠᠷᠠᠯᠠᠨ ᠬᠠᠷᠢᠯᠴᠠᠨ ᠬᠠᠪᠰᠤᠷᠠᠯᠴᠠᠵᠤ ᠪᠦᠯᠬᠦᠮᠳᠡᠨ ᠲᠡᠮᠡᠴᠡᠵᠤ᠂ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡᠳᠦ᠂ ᠬᠠᠮᠳᠤᠪᠡᠷ ᠡᠳ᠋ᠯᠡᠬᠦ ᠬᠦᠭᠵᠢᠯᠳᠡ ᠶᠢᠨ ᠣᠨᠤᠯᠵᠢᠬᠤᠨ ᠤ ᠵᠢᠯᠤᠭᠤᠳᠤᠯᠭ᠎ᠠ ᠳᠤᠤᠷ᠎ᠠ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠴᠢᠩᠭᠠᠳᠬᠠᠵᠤ᠂ ᠰᠢᠨ᠎ᠡ ᠬᠡᠪ ᠪᠠᠶᠢᠳᠠᠯ ᠳᠤ ᠳᠠᠰᠤᠷᠠᠯᠳᠠ ᠦᠬᠡᠢ ᠵᠤᠬᠢᠴᠠᠭᠤᠯᠵᠤ᠂ ᠪᠦᠬᠦ ᠤᠷᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠢ ᠠᠬᠢᠭᠤᠯᠬᠤ᠂ ᠠᠵᠤ ᠦᠢᠯᠡᠰ ᠤᠨ ᠬᠦᠭᠵᠢᠯᠳᠡ ᠶᠢ ᠳᠡᠰ ᠳᠡᠪᠰᠢᠬᠦᠯᠬᠦ᠂ ᠬᠤᠳᠠ ᠬᠦᠳᠡᠭᠡ ᠶᠢᠨ ᠬᠦᠭᠵᠢᠯᠳᠡ ᠶᠢᠨ ᠲᠦᠷᠢ ᠲᠦᠷᠬᠦ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠲᠦᠪᠰᠢᠨ᠂ ᠪᠠᠳᠤᠯᠠᠪᠤᠷᠢ ᠶᠢᠨ ᠴᠢᠳᠠᠪᠤᠷᠢ ᠪᠠ ᠠᠷᠠᠳ ᠤᠨ ᠠᠮᠢᠳᠤᠷᠠᠯ  ᠤᠨ ᠲᠦᠪᠰᠢᠨ ᠢ ᠰᠠᠶᠢᠵᠢᠷᠠᠭᠤᠯᠬᠤ ᠶᠢ ᠰᠢᠨ᠎ᠡ ᠲᠦᠪᠰᠢᠨ ᠳᠤ ᠬᠦᠷᠬᠡᠵᠦ᠂ ᠪᠦᠬᠦ ᠤᠷᠤᠨ ᠤ ᠠᠵᠤ ᠠᠬᠤᠢ ᠨᠡᠶᠢᠬᠡᠮ  ᠤᠨ ᠬᠦᠭᠵᠢᠯᠳᠡ ᠶᠢᠨ ᠰᠢᠨ᠎ᠡ ᠭᠠᠷᠤᠭ᠎ᠠ ᠶᠢ ᠡᠬᠢᠯᠡᠬᠦᠯᠪᠡ᠃      ᠦᠩᠬᠡᠷᠡᠭᠰᠡᠨ ᠢᠶᠠᠨ ᠡᠷᠬᠢᠴᠡᠬᠦᠯᠵᠤ᠂ ᠢᠷᠡᠬᠡᠳᠦᠢ ᠳᠡᠰᠢ ᠪᠠᠨ ᠨᠡᠩ ᠢᠳᠡᠷᠡᠬᠦᠨ ᠤᠷᠤᠭᠰᠢᠯᠠᠨ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠢ ᠪᠠᠶᠠᠷᠯᠠᠨ ᠤᠭᠳᠤᠬᠤ ᠶᠢᠨ ᠲᠦᠯᠦᠬᠡ ᠳᠤᠰ ᠰᠤᠨᠢᠨ ᠤ ᠬᠢᠨ ᠦᠩᠬᠡᠷᠡᠭᠰᠡᠨ 5 ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢ ᠪᠦᠬᠦ ᠳᠠᠯ᠎ᠠ ᠪᠠᠷ ᠬᠠᠷᠠᠭᠤᠯᠬᠤ ᠶᠢ ᠵᠤᠷᠢᠯ᠎ᠠ᠃      ᠨᠡᠶᠢᠭᠡᠮ ᠤᠨ ᠦᠢᠯᠡᠰ ᠲᠣᠭᠲᠠᠭᠤᠨ ᠬᠦᠭᠵᠢᠵᠦ ᠵᠣᠯ ᠵᠢᠷᠭᠠᠯᠲᠤ ᠬᠠᠭᠤᠳᠠᠰᠤ ᠶᠢ ᠵᠢᠷᠤᠭᠯᠠᠯ᠎ᠠ      【ᠰᠢᠢᠳᠪᠦᠷᠢᠲᠦ ᠪᠣᠳᠤᠯᠭ᠎ᠠ ᠶᠢᠨ ᠠᠶᠠᠨ】      ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠯᠢ ᠤᠯᠠᠨ ᠲᠦᠷᠦ ᠶᠢᠨ ᠪᠤᠳᠤᠯᠭ᠎ᠠ ᠳᠤᠭᠳᠠᠭᠠᠵᠤ᠂ ᠦᠪᠦᠷ ᠮᠤᠩᠭᠤᠯ ᠤᠨ ᠨᠡᠶᠢᠬᠡᠮ ᠤᠨ ᠦᠢᠯᠡᠰ ᠤᠨ ᠪᠦᠬᠦ ᠳᠠᠯ᠎ᠠ ᠶᠢᠨ ᠬᠦᠭᠵᠢᠯᠳᠡ ᠶᠢ ᠠᠬᠢᠭᠤᠯᠪᠠ᠃ ᠳᠤᠤᠷ᠎ᠠ ᠪᠢᠳᠡ ᠳᠡᠳᠡᠬᠡᠷ ᠪᠠᠳᠤᠯᠠᠪᠤᠷᠢ ᠶᠢᠨ ᠴᠢᠨᠠᠷᠳᠠᠢ ᠲᠦᠷᠦ ᠶᠢᠨ ᠪᠤᠳᠤᠯᠭ᠎ᠠ ᠶᠢ ᠡᠷᠭᠢᠴᠡᠭᠦᠯᠦᠶ᠎ᠡ᠃      ● ᠦᠪᠡᠷᠳᠡᠬᠡᠨ ᠵᠠᠰᠠᠬᠤ ᠤᠷᠤᠨ ︽ᠪᠦᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠭᠵᠢᠭᠤᠯᠬᠤ ᠲᠦᠯᠦᠪᠯᠡᠭᠡ ︵2011 - 2015︶︾᠂ ︽ᠳᠠᠮᠢᠷ ᠤᠨ ᠠᠵᠤ ᠦᠢᠯᠡᠰ ᠢ ᠲᠦᠷᠬᠡᠳᠬᠡᠨ ᠬᠦᠭᠵᠢᠬᠦᠯᠬᠦ ᠳᠠᠮᠢᠷ ᠤᠨ ᠬᠡᠷᠡᠭᠯᠡᠭᠡ ᠶᠢ ᠠᠬᠢᠭᠤᠯᠬᠤ ᠳᠤᠬᠠᠢ ᠬᠡᠷᠡᠭᠵᠢᠬᠦᠯᠬᠦ ᠰᠠᠨᠠᠯ︾᠂ ︽︿ᠳᠤᠮᠳᠠᠳᠤ ᠤᠯᠤᠰ ᠤᠨ ᠬᠦᠯ ᠪᠦᠮᠪᠦᠭᠡ ᠶᠢᠨ ᠦᠬᠡᠷᠡᠴᠢᠯᠡᠯᠳᠡ ᠬᠦᠭᠵᠢᠬᠦᠯᠦᠯᠳᠡ ᠶᠢᠨ ᠶᠡᠷᠦᠩᠬᠡᠢ ᠲᠦᠰᠦᠯ﹀ ᠤᠨ ᠳᠤᠬᠠᠢ ᠰᠠᠨᠠᠯ ᠢ ᠨᠠᠶᠢᠳᠠᠪᠤᠷᠢᠵᠢᠭᠤᠯᠬᠤ︾ ᠪᠠ ︽ᠬᠦᠯ ᠪᠦᠮᠪᠦᠭᠡ ᠶᠢᠨ ᠦᠬᠡᠷᠡᠴᠢᠯᠡᠯᠳᠡ ᠬᠦᠭᠵᠢᠬᠦᠯᠦᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ︵2015-2017︶︾ ᠶᠢ ᠭᠠᠷᠭᠠᠪᠠ᠃      ● ᠦᠪᠡᠷᠳᠡᠬᠡᠨ ᠵᠠᠰᠠᠬᠤ ᠤᠷᠤᠨ ᠤ ᠵᠢᠷᠭᠤᠭᠠᠨ ᠰᠠᠯᠠᠭ᠎ᠠ ᠮᠦᠴᠢᠷ ᠬᠠᠮᠳᠤᠷᠠᠨ ︽ᠳᠠᠮᠢᠷᠴᠢᠨ ᠢ ᠤᠷᠢᠵᠤ ᠬᠡᠷᠡᠭᠯᠡᠬᠦ ᠳᠤᠬᠠᠢ ᠲᠦᠷ ᠬᠡᠷᠡᠭᠵᠢᠬᠦᠯᠬᠦ ᠠᠷᠭ᠎ᠠ︾ ᠵᠡᠷᠬᠡ ᠪᠠᠳᠤᠯᠠᠪᠤᠷᠢ ᠶᠢᠨ ᠴᠢᠨᠠᠷᠳᠠᠢ ᠮᠠᠲ᠋ᠧᠷᠢᠶᠠᠯ ᠢ ᠭᠠᠷᠭᠠᠵᠤ᠂ ᠪᠦᠬᠦ ᠠᠷᠠᠳ ᠤᠨ ᠪᠡᠶ᠎ᠠ ᠪᠠᠨ ᠴᠢᠬᠢᠷᠠᠭᠵᠢᠭᠤᠯᠬᠤ᠂ ᠳᠠᠮᠢᠷ ᠤᠨ ᠰᠠᠭᠤᠷᠢ ᠲᠦᠬᠦᠬᠡᠷᠦᠮᠵᠢ᠂ ᠬᠦᠯ ᠪᠦᠮᠪᠦᠭᠡ ᠶᠢᠨ ᠦᠬᠡᠷᠡᠴᠢᠯᠡᠯᠳᠡ ᠬᠦᠭᠵᠢᠬᠦᠯᠦᠯᠳᠡ ᠵᠡᠷᠬᠡ ᠠᠵᠢᠯ ᠢ ᠬᠠᠤᠯᠢ ᠶᠢᠨ ᠪᠠᠳᠤᠯᠠᠪᠤᠷᠢ ᠶᠢᠨ ᠰᠢᠰᠲ᠋ᠧᠮ ᠳᠤ ᠤᠷᠤᠭᠤᠯᠵᠤ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ᠂ ᠡᠷᠡᠬᠦᠯ ᠡᠩᠭᠡ ᠶᠢᠨ ᠦᠢᠯᠡᠴᠢᠯᠡᠬᠡᠨ ᠤ ᠦᠢᠯᠡᠰ ᠪᠠ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢᠨ ᠴᠢᠬᠤᠯᠠ ᠠᠭᠤᠯᠭ᠎ᠠ ᠪᠤᠯᠤᠨ᠎ᠠ᠃      ● ᠦᠪᠡᠷᠳᠡᠬᠡᠨ ᠵᠠᠰᠠᠬᠤ ᠤᠷᠤᠨ ᠠᠴᠠ ︽ᠤᠳᠤᠬᠢᠴᠢᠯᠠᠭᠰᠠᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ ᠢ ᠲᠦᠷᠬᠡᠳᠬᠡᠨ ᠪᠠᠶᠢᠭᠤᠯᠬᠤ ᠳᠤᠬᠠᠢ ᠬᠡᠷᠡᠭᠵᠢᠬᠦᠯᠬᠦ ᠰᠠᠨᠠᠯ︾ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠦᠰᠦᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢᠨ ᠬᠡᠷᠡᠭᠵᠢᠬᠦᠯᠬᠦ ᠪᠠᠷᠢᠮᠵᠢᠶ᠎ᠠ ︵2015-2020︶︾ ᠶᠢ ᠳᠠᠷᠤᠮᠠᠯᠯᠠᠨ ᠳᠠᠷᠬᠠᠭᠠᠵᠤ᠂ ᠬᠠᠮᠢᠶ᠎ᠠ ᠪᠦᠬᠦᠢ ᠵᠢᠭᠠᠯᠳᠠ ᠳᠤᠭ᠎ᠠ ᠶᠢ ᠨᠠᠷᠢᠯᠢᠭᠵᠢᠭᠤᠯᠵᠠᠢ᠃      ● ᠦᠪᠡᠷᠳᠡᠬᠡᠨ ᠵᠠᠰᠠᠬᠤ ᠤᠷᠤᠨ ︽ᠦᠨᠳᠦᠰᠦᠳᠡᠨ ᠤ ᠰᠤᠷᠭᠠᠨ ᠬᠦᠮᠦᠵᠢᠯ ᠢ ᠲᠦᠷᠬᠡᠨ ᠬᠦᠭᠵᠢᠬᠦᠯᠬᠦ ᠳᠤᠬᠠᠢ ᠬᠡᠷᠡᠭᠵᠢᠬᠦᠯᠬᠦ ᠰᠠᠨᠠᠯ︾ ᠢ ᠭᠠᠷᠭᠠᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠡ ᠶᠢᠨ ᠲᠦᠪᠰᠢᠨ ᠢ ᠳᠡᠬᠡᠭᠰᠢᠯᠡᠬᠦᠯᠬᠦ ᠢᠨᠵᠧᠨᠧᠷᠢᠩ ᠪᠠ ᠦᠨᠳᠦᠰᠦᠳᠡᠨ ᠤ ᠰᠤᠷᠭᠠᠨ ᠬᠦᠮᠦᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠵᠠᠭᠪᠤᠷ ᠤᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ᠋ ᠢ ᠵᠤᠬᠢᠶᠠᠨ ᠪᠠᠶᠢᠭᠤᠯᠤᠨ ᠬᠡᠷᠡᠭᠵᠢᠬᠦᠯᠦᠭᠰᠡᠨ ᠵᠢᠴᠢ ᠦᠨᠳᠦᠰᠦᠳᠡᠨ ᠤ ᠰᠤᠷᠭᠠᠭᠤᠯᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠵᠡᠷᠬᠡ ᠪᠤᠯᠤᠨ᠎ᠠ᠃      ● ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ᠠᠵᠢᠯ ᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠪᠠᠶᠢᠷᠢᠰᠢᠭᠤᠯᠤᠯᠳᠠ ᠳᠤᠮᠳᠠ ᠨᠢᠬᠡᠳᠦᠯᠳᠡᠢ ᠲᠦᠯᠦᠪᠵᠢᠬᠦᠯᠦᠨ ᠠᠬᠢᠭᠤᠯᠵᠤ᠂ ᠪᠤᠳᠠᠳᠠᠢ ᠳᠤ ᠰᠠᠭᠤᠷᠢᠯᠠᠵᠤ ︽ᠬᠤᠰᠢᠭᠤ ᠰᠢᠶᠠᠨ ᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠬᠤ ᠲᠤᠬᠠᠢ ᠬᠡᠷᠡᠭᠵᠢᠬᠦᠯᠬᠦ ᠲᠦᠰᠦᠯ︾᠂ ︽ᠬᠤᠳᠠ ᠶᠢᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ᠋ ᠤᠨ ᠬᠡᠷᠡᠭᠵᠢᠬᠦᠯᠬᠦ ᠲᠦᠰᠦᠯ︾ ᠵᠡᠷᠬᠡ 72 ᠢᠵᠢ ᠪᠢᠴᠢᠭ ᠮᠠᠲ᠋ᠧᠷᠢᠶᠠᠯ ᠭᠠᠷᠭᠠᠪᠠ᠃      ● ︽ᠰᠢᠨᠵᠢᠯᠡᠬᠦ ᠤᠬᠠᠭᠠᠨ ᠮᠡᠷᠬᠡᠵᠢᠯ ᠤᠨ ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷᠡᠭᠵᠢᠬᠦᠯᠬᠦ ᠲᠦᠰᠦᠯ︾ ᠢ ᠳᠤᠭᠳᠠᠭᠠᠵᠤ᠂ 8 ᠳᠠᠯ᠎ᠠ ᠶᠢᠨ 25 ᠵᠦᠢᠯ ᠤᠨ ᠦᠬᠡᠷᠡᠴᠢᠯᠡᠯᠳᠡ ᠶᠢᠨ ᠠᠷᠭ᠎ᠠ ᠪᠠᠷᠢᠯ ᠢ ᠳᠤᠷᠠᠳᠴᠤ᠂ 101 ᠪᠤᠳᠠᠳᠠᠢ ᠠᠷᠭ᠎ᠠ ᠠᠪᠴᠠᠯ ᠠᠪᠴᠠᠢ᠃      【 ᠠᠮᠵᠢᠯᠲᠠ ᠨᠢᠭᠡ】 ᠤᠯᠠᠨ ᠲᠦᠮᠡᠨ ᠳᠤ ᠨᠡᠩ ᠤᠯᠠᠨ ︽ᠬᠦᠷᠲᠡᠮᠵᠢ ᠶᠢᠨ ᠲᠦᠷᠦᠭᠳᠡᠯ︾ ᠤᠯᠭᠤᠯ᠎ᠠ      ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ  ᠠᠴᠠ ᠨᠠᠰᠢᠬᠢ 5 ᠵᠢᠯ ᠳᠤ᠂ ᠦᠪᠦᠷ ᠮᠤᠩᠭᠤᠯ ᠨᠢ ᠪᠦᠬᠦ ᠠᠷᠠᠳ ᠲᠤ ᠠᠰᠢᠭ ᠬᠦᠷᠳᠡᠬᠡᠭᠰᠡᠨ ᠤᠯᠠᠨ ᠨᠡᠶᠢᠳᠡ ᠶᠢᠨ ᠦᠢᠯᠡᠴᠢᠯᠡᠭᠡ ᠶᠢᠨ ᠰᠢᠰᠲ᠋ᠧᠮ ᠢ ᠪᠦᠷᠢᠯᠳᠦᠬᠦᠯᠵᠦ᠂ ᠳᠡᠩᠴᠡᠬᠦᠷᠢᠰᠢᠯ ᠲᠠᠢ ᠤᠯᠠᠨ ᠨᠡᠶᠢᠳᠡ ᠶᠢᠨ ᠦᠢᠯᠡᠴᠢᠯᠡᠭᠡ ᠶᠢᠨ ᠰᠢᠰᠲ᠋ᠧᠮ ᠨᠢ ᠠᠷᠠᠳ ᠤᠯᠠᠨ ᠳᠤ ᠨᠡᠩ ᠤᠯᠠᠨ ︽ᠬᠦᠷᠳᠡᠮᠵᠢ ᠶᠢᠨ ᠲᠦᠷᠦᠭᠳᠡᠯ︾ ᠤᠯᠭᠤᠯ᠎ᠠ᠃ 5 ᠵᠢᠯ ᠤᠨ ᠳᠤᠷᠰᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ᠂ ᠰᠤᠶᠤᠯ᠂ ᠡᠷᠡᠬᠦᠯ ᠬᠠᠮᠠᠭᠠᠯᠠᠯ᠂ ᠳᠠᠮᠢᠷ ᠵᠡᠷᠬᠡ ᠰᠢᠰᠲ᠋ᠧᠮ ᠤᠨ ᠬᠢᠨ ᠳᠠᠰᠤᠷᠠᠯᠳᠠ ᠦᠬᠡᠢ ᠤᠯᠠᠨ ᠨᠡᠶᠢᠳᠡ ᠶᠢᠨ ᠦᠢᠯᠡᠴᠢᠯᠡᠭᠡ ᠶᠢᠨ ᠰᠢᠰᠲ᠋ᠧᠮ ᠢᠶᠠᠨ ᠰᠠᠶᠢᠵᠢᠷᠠᠭᠤᠯᠵᠤ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠳᠤ ᠤᠨᠴᠠ ᠶᠢᠨ ᠬᠡᠷᠡᠯ ᠬᠢᠯᠪᠠᠭ᠎ᠠ ᠨᠡᠮᠡᠷᠢᠯᠡᠭᠰᠡᠨ ᠶᠤᠮ᠃      ︽12·5︾ ᠶᠢᠨ ᠬᠤᠭᠤᠴᠠᠭᠠᠨ ᠳᠤ᠂ ᠦᠪᠦᠷ ᠮᠤᠩᠭᠤᠯ ᠤᠨ ᠦᠨᠳᠦᠰᠦᠨ ᠡᠮ ᠡᠮᠨᠡᠯᠬᠡ ᠶᠢᠨ ᠦᠢᠯᠡᠴᠢᠯᠡᠭᠡ ᠶᠢ ᠠᠭᠠᠵᠢᠮ ᠢᠶᠠᠷ ᠳᠡᠩᠴᠡᠬᠦᠷᠢᠰᠢᠬᠦᠯᠬᠦ ᠶᠢ ᠵᠢᠩᠬᠢᠨᠢ ᠪᠠᠷ ᠡᠬᠢᠯᠡᠨ ᠬᠡᠷᠡᠭᠵᠢᠬᠦᠯᠵᠦ᠂ ᠢᠯᠡᠷᠬᠡᠢ ᠦᠷ᠎ᠡ ᠪᠦᠳᠦᠮᠵᠢ ᠤᠯᠤᠭᠰᠠᠨ ᠶᠤᠮ᠃ ᠦᠪᠦᠷ ᠮᠤᠩᠭᠤᠯ ᠤᠨ 15 ᠳᠤᠰᠬᠠᠢ ᠰᠠᠯᠠᠭ᠎ᠠ ᠨᠢ ᠤᠯᠤᠰ ᠤᠨ ᠡᠮᠴᠢᠯᠡᠬᠡᠨ ᠤ ᠭᠤᠤᠯᠳᠠᠯᠭ᠎ᠠ ᠲᠠᠢ ᠳᠤᠰᠬᠠᠢ ᠰᠠᠯᠠᠭ᠎ᠠ ᠶᠢᠨ ᠲᠦᠷᠦᠯ ᠵᠦᠢᠯ ᠤᠨ ᠳᠡᠮᠵᠢᠯᠬᠡ ᠶᠢ ᠤᠯᠵᠤ᠂ 7100 ᠲᠦᠮᠡᠨ ᠲᠦᠬᠦᠷᠢᠭ ᠤᠨ ᠨᠦᠬᠦᠪᠦᠷᠢ ᠪᠡᠯᠡ ᠮᠦᠩᠬᠦ ᠶᠢ ᠤᠯᠪᠠ᠃ ᠦᠪᠡᠷᠳᠡᠬᠡᠨ ᠵᠠᠰᠠᠬᠤ ᠤᠷᠤᠨ 560 ᠲᠦᠮᠡᠨ ᠲᠦᠬᠦᠷᠢᠭ  ᠤᠨ ᠳᠤᠰᠠᠯᠠᠨ ᠳᠡᠮᠵᠢᠬᠦ ᠪᠡᠯᠡ ᠮᠦᠩᠬᠦ ᠤᠷᠤᠭᠤᠯᠤᠨ᠂ ᠰᠢᠨᠵᠢᠯᠡᠬᠡᠨ ᠰᠤᠳᠤᠯᠭᠠᠨ ᠤ ᠰᠡᠳᠦᠪ 733 ᠶᠢ ᠳᠤᠭᠳᠠᠭᠠᠵᠤ᠂ 202 ᠡᠷᠳᠡᠮ ᠰᠢᠨᠵᠢᠯᠡᠬᠡᠨ ᠤ ᠦᠷ᠎ᠠ ᠪᠦᠳᠦᠬᠡᠯ ᠨᠢ ᠪᠦᠬᠦ ᠤᠷᠤᠨ ᠤ ᠡᠯ᠎ᠠ ᠲᠦᠷᠦᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠱᠠᠩᠨᠠᠯ ᠬᠦᠷᠳᠡᠵᠡᠢ᠃ ᠤᠳᠤᠬᠠᠨ ᠳᠤ᠂ ᠪᠦᠬᠦ ᠤᠷᠤᠨ ᠤ ᠬᠦᠮᠦᠨ ᠳᠤᠮᠳᠠᠴᠢ ᠶᠢᠨ ᠦᠨᠳᠦᠰᠦᠨ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠵᠠᠷᠤᠳᠠᠯ 2010 ᠣᠨ ᠤ ᠬᠦᠮᠦᠨ ᠳᠤᠮᠳᠠᠴᠢ ᠪᠠᠷ 15 ᠲᠦᠬᠦᠷᠢᠭ ᠪᠠᠶᠢᠭᠰᠠᠨ ᠢ 2015 ᠣᠨ ᠪᠤᠯᠬᠤ ᠳᠤ ᠨᠡᠮᠡᠭᠳᠡᠬᠦᠯᠦᠬᠡᠳ 40 ᠲᠦᠬᠦᠷᠢᠭ ᠪᠤᠯᠭᠠᠵᠤ᠂ 2010 ᠣᠨ ᠤ ᠬᠢ ᠠᠴᠠ 25 ᠲᠦᠬᠦᠷᠢᠭ ᠨᠡᠮᠡᠭᠳᠡᠬᠦᠯᠵᠡᠢ᠃ ᠦᠢᠯᠡᠴᠢᠯᠡᠬᠡᠨ ᠤ ᠲᠦᠷᠦᠯ  ᠢ ᠤᠤᠯ ᠤᠨ 9 ᠲᠦᠷᠦᠯ ᠠᠴᠠ 2015 ᠤᠨ ᠪᠤᠯᠬᠤ ᠳᠤ 12 ᠲᠦᠷᠦᠯ ᠪᠤᠯᠭᠠᠨ ᠨᠡᠮᠡᠭᠳᠡᠬᠦᠯᠵᠡᠢ᠃      ᠤᠢᠢᠷ᠎ᠠ ᠶᠢᠨ ᠵᠢᠯ ᠳᠤ᠂ ᠡᠷᠡᠬᠦᠯ ᠬᠠᠮᠠᠭᠠᠯᠠᠯ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠦᠷᠬᠦᠯᠵᠢᠯᠡᠨ ᠨᠡᠮᠡᠭᠳᠡᠪᠡ᠃ 2014 ᠣᠨ ᠤ ᠵᠢᠯ ᠤᠨ ᠰᠡᠬᠦᠯᠴᠢ ᠪᠤᠯᠳᠠᠯ᠎ᠠ᠂ ᠪᠦᠬᠦ ᠤᠷᠤᠨ ᠤ ᠡᠮ ᠡᠮᠨᠡᠯᠬᠡ ᠡᠷᠡᠬᠦᠯ ᠬᠠᠮᠠᠭᠠᠯᠠᠯ  ᠤᠨ ᠦᠢᠯᠡᠴᠢᠯᠡᠬᠡᠨ ᠤ ᠪᠠᠶᠢᠭᠤᠯᠤᠮᠵᠢ 2.34 ᠲᠦᠮᠡ ᠳᠤ ᠬᠦᠷᠴᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠡᠪᠡᠳᠴᠢᠳᠡᠨ ᠤ ᠤᠷᠤ 12.9 ᠲᠦᠮᠡ ᠳᠤ ᠬᠦᠷᠴᠦ᠂ 2010 ᠣᠨ ᠤ ᠬᠢ ᠠᠴᠠ 29.63% ᠢᠶᠠᠷ ᠨᠡᠮᠡᠭᠳᠡᠵᠦ᠂ ᠮᠢᠩᠭᠠᠨ ᠬᠦᠮᠦᠨ ᠳᠤ 5.15 ᠡᠪᠡᠳᠴᠢᠳᠡᠨ ᠤ ᠤᠷᠤ ᠨᠤᠭᠳᠠᠵᠤ᠂ 2010 ᠣᠨ ᠤ ᠬᠢ ᠠᠴᠠ 30.05% ᠢᠶᠠᠷ ᠨᠡᠮᠡᠭᠳᠡᠵᠡᠢ᠃      5 ᠵᠢᠯ ᠤᠨ ᠳᠤᠷᠰᠢ᠂ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠳᠤᠨᠤᠭ ᠲᠦᠬᠦᠬᠡᠷᠦᠮᠵᠢ ᠨᠡᠩ ᠳᠡᠬᠦᠯᠳᠡᠷᠵᠢᠵᠦ᠂ ᠪᠦᠬᠦ ᠤᠷᠤᠨ ᠤ ᠪᠡᠶ᠎ᠠ ᠴᠢᠬᠢᠷᠠᠭᠵᠢᠭᠤᠯᠬᠤ ᠦᠢᠯᠡᠴᠢᠯᠡᠬᠡᠨ ᠤ ᠰᠢᠰᠲ᠋ᠧᠮ ᠠᠩᠬ᠎ᠠ ᠠᠯᠬᠤᠮ ᠪᠦᠷᠢᠯᠳᠦᠵᠡᠢ᠃ ︽12·5︾ ᠶᠢᠨ ᠬᠤᠭᠤᠴᠠᠭᠠᠨ ᠳᠤ᠂ 84% ᠶᠢᠨ ᠬᠤᠰᠢᠭᠤ ᠰᠢᠶᠠᠨ ︵ᠬᠤᠳᠠ᠂ ᠳᠤᠭᠤᠷᠢᠭ︶ ᠳᠤ ᠪᠡᠶ᠎ᠠ ᠴᠢᠬᠢᠷᠠᠭᠵᠢᠭᠤᠯᠬᠤ ᠬᠦᠳᠡᠯᠬᠡᠬᠡᠨ ᠤ ᠲᠦᠪ ᠪᠠᠶᠢᠭᠤᠯᠵᠤ᠂ 81% ᠶᠢᠨ ᠰᠤᠮᠤ ᠰᠢᠶᠠᠩ ᠪᠠᠯᠭᠠᠰᠤ ᠳᠤ ᠪᠠᠭ᠎ᠠ ᠬᠡᠯᠪᠡᠷᠢ ᠶᠢᠨ ᠪᠡᠶ᠎ᠠ ᠴᠢᠬᠢᠷᠠᠬᠵᠢᠭᠤᠯᠬᠤ ᠲᠦᠪ ᠪᠠᠶᠢᠭᠤᠯᠪᠠ᠃ 60% ᠶᠢᠨ ᠭᠠᠴᠠᠭ᠎ᠠ ᠳᠤᠰᠬᠤᠨ ᠳᠤ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠬᠦᠳᠡᠯᠬᠡᠬᠡᠨ ᠤ ᠴᠢᠭ᠋ ᠭᠠᠷᠭᠠᠵᠤ᠂ ᠬᠦᠮᠦᠨ ᠳᠤᠮᠳᠠᠴᠢ ᠶᠢᠨ ᠳᠠᠮᠢᠷ ᠤᠨ ᠳᠠᠯᠠᠪᠠᠢ ᠶᠢᠨ ᠬᠡᠮᠵᠢᠶ᠎ᠠ 1.66 ᠳᠡᠭᠰᠢ ᠲᠦᠷᠪᠡᠯᠵᠢᠨ ᠮᠧᠲᠷ ᠲᠤ ᠬᠦᠷᠴᠡᠢ᠃ ᠪᠦᠬᠦ ᠤᠷᠤᠨ ᠤ ᠡᠯ᠎ᠠ ᠠᠶᠢᠮᠠᠭ ᠬᠤᠳᠠ᠂ 66% ᠶᠢᠨ ᠬᠤᠰᠢᠭᠤ ᠰᠢᠶᠠᠨ ︵ᠬᠤᠳᠠ᠂ ᠳᠤᠭᠤᠷᠢᠭ︶ ᠳᠤ ᠳᠠᠮᠢᠷ ᠤᠨ ᠶᠡᠷᠦᠩᠬᠡᠢ ᠡᠪᠯᠡᠯ ᠪᠠᠶᠢᠭᠤᠯᠵᠤ᠂ ᠳᠠᠮᠢᠷ ᠤᠨ ᠲᠦᠷᠦᠯ ᠤᠨ ᠨᠡᠶᠢᠬᠡᠮ ᠤᠨ ᠵᠤᠬᠢᠶᠠᠨ ᠪᠠᠶᠢᠭᠤᠯᠤᠯᠳᠠ 1561 ᠳᠤ ᠬᠦᠷᠴᠡᠢ᠃      ᠦᠪᠦᠷ ᠮᠤᠩᠭᠤᠯ ᠨᠢ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠳᠡᠩᠴᠡᠬᠦᠷᠢᠰᠢᠬᠦᠯᠬᠦ ᠶᠢ ᠠᠬᠢᠭᠤᠯᠵᠤ᠂ ᠤᠯᠠᠨ ᠲᠦᠮᠡᠨ ᠤ ᠦᠨᠳᠦᠰᠦᠨ ᠰᠤᠶᠤᠯ ᠤᠨ ᠡᠷᠬᠡ ᠠᠰᠢᠭ ᠢ ᠦᠨᠡᠨᠬᠦ ᠪᠠᠳᠤᠯᠠᠵᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠬᠡᠨ ᠪᠠᠶᠢᠭᠤᠯᠵᠤ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠳᠤ ᠤᠶᠤᠨ ᠤᠬᠠᠭᠠᠨ ᠤ ᠬᠦᠴᠦᠨ ᠪᠠ ᠰᠤᠶᠤᠯ  ᠤᠨ ᠳᠡᠮᠵᠢᠯᠬᠡ ᠬᠠᠩᠭᠠᠪᠠ᠃ 3 ᠵᠢᠯ ᠤᠨ ᠳᠤᠷᠰᠢ᠂ ᠦᠪᠦᠷ ᠮᠤᠩᠭᠤᠯ ᠨᠢ ᠪᠦᠬᠦ ᠤᠷᠤᠨ ᠤ 10000 ᠵᠠᠰᠠᠭ ᠵᠠᠬᠢᠷᠭᠠᠨ ᠤ ᠳᠤᠰᠬᠤᠨ ᠤ ᠰᠤᠶᠤᠯ ᠤᠨ ᠦᠷᠦᠬᠡ ᠶᠢᠨ ᠦᠷᠦᠬᠡ ᠨᠢᠬᠡᠪᠦᠷᠢ ᠳᠤ 5000 ᠲᠦᠬᠦᠷᠢᠭ ᠳᠤᠬᠢᠷᠠᠭᠤᠯᠵᠤ ᠂ ᠨᠡᠶᠢᠳᠡ 5000 ᠲᠦᠮᠡᠨ ᠲᠦᠬᠦᠷᠢᠭ ᠢᠶᠠᠷ ᠰᠤᠶᠤᠯ ᠤᠨ ᠠᠵᠢᠯᠯᠠᠭ᠎ᠠ ᠶᠢᠨ ᠲᠤᠨᠤᠭ ᠲᠦᠬᠦᠬᠡᠷᠦᠮᠵᠢ ᠶᠢ ᠲᠦᠬᠦᠷᠵᠢᠬᠦᠯᠵᠡᠢ᠃ ᠤᠳᠤᠬᠠᠨ ᠳᠤ 8975 ᠭᠠᠴᠠᠭ᠎ᠠ ᠳᠤᠰᠬᠤᠨ ᠳᠤ ᠳᠤᠨᠤᠭ ᠲᠦᠬᠦᠬᠡᠷᠦᠮᠵᠢ ᠶᠢ ᠳᠤᠬᠢᠷᠠᠭᠤᠯᠵᠤ ᠳᠠᠭᠤᠰᠴᠠᠢ᠃ ᠪᠦᠷᠢᠳᠬᠡᠯ ᠢᠶᠠᠷ᠂ 2014 ᠣᠨ ᠠᠴᠠ ᠡᠮᠦᠨ᠎ᠡ᠂ ᠮᠠᠨ ᠤ ᠤᠷᠤᠨ ᠤ 11224 ᠵᠠᠰᠠᠭ ᠵᠠᠬᠢᠷᠭᠠᠨ  ᠤ ᠳᠤᠰᠬᠤᠨ ᠳᠤ ᠳᠤᠰᠬᠤᠨ ᠤ ᠳᠡᠰ ᠤᠨ ᠨᠤᠮ ᠤᠨ ᠦᠷᠦᠬᠡ 5332 ᠪᠠᠶᠢᠵᠤ᠂ 100 ᠳᠡᠭᠰᠢ ᠲᠦᠷᠪᠡᠯᠵᠢᠨ ᠮᠧᠲᠷ ᠠᠴᠠ ᠳᠡᠬᠡᠭᠰᠢ ᠪᠠᠷᠢᠮᠵᠢᠶ᠎ᠠ ᠲᠠᠢ ᠨᠢ ᠵᠦᠪᠬᠡᠨ 1422 ᠪᠠᠶᠢᠵᠠᠢ᠃ 2015 ᠣᠨ ᠤ ᠵᠢᠯ ᠤᠨ ᠰᠡᠬᠦᠯᠴᠢ ᠪᠤᠯᠳᠠᠯ᠎ᠠ᠂ ᠪᠦᠬᠦ ᠤᠷᠤᠨ ᠤ ᠤᠯᠠᠨ ᠨᠡᠶᠢᠳᠡ ᠶᠢᠨ ᠰᠢᠨ᠎ᠠ ᠪᠠᠷ ᠪᠠᠶᠢᠭᠤᠯᠤᠭᠰᠠᠨ᠂ ᠦᠷᠬᠡᠳᠬᠡᠨ ᠪᠠᠶᠢᠭᠤᠯᠤᠭᠰᠠᠨ ᠰᠤᠶᠤᠯ ᠤᠨ ᠦᠷᠦᠬᠡ 2403 ᠳᠤ ᠬᠦᠷᠴᠦ᠂ ᠰᠤᠶᠤᠯ ᠤᠨ ᠦᠷᠦᠬᠡ ᠶᠢᠨ ᠶᠡᠷᠦᠩᠬᠡᠢ ᠳᠤᠭ᠎ᠠ 10733 ᠳᠤ ᠬᠦᠷᠴᠡᠢ᠃      【 ᠠᠮᠵᠢᠯᠲᠠ ᠬᠤᠶᠠᠷ】 ᠳᠤᠲᠠᠭᠤᠳᠠᠯ ᠢᠶᠠᠨ ᠨᠦᠬᠦᠪᠦᠷᠢᠯᠡᠵᠦ ᠦᠨᠳᠦᠰᠦᠨ ᠠᠷᠠᠳ ᠤᠨ ᠠᠮᠢᠳᠤᠷᠠᠯ ᠢᠶᠠᠨ ᠪᠠᠲᠤᠯᠠᠯ᠎ᠠ      ᠠᠷᠠᠳ ᠤᠨ ᠠᠮᠢᠳᠤᠷᠠᠯ ᠨᠡᠶᠢᠬᠡᠮ ᠤᠨ ᠦᠢᠯᠡᠰ ᠤᠨ ᠬᠦᠭᠵᠢᠯᠳᠡ ᠶᠢᠨ ᠳᠤᠳᠠᠭᠤᠳᠠᠯ ᠢᠶᠠᠨ ᠨᠦᠬᠦᠪᠦᠷᠢᠯᠡᠵᠦ᠂ ᠦᠨᠳᠦᠰᠦᠨ ᠠᠷᠠᠳ ᠤᠨ ᠠᠮᠢᠳᠤᠷᠠᠯ ᠢ ᠪᠠᠳᠤᠯᠠᠵᠤ᠂ ᠤᠯᠠᠨ ᠨᠡᠶᠢᠳᠡ ᠶᠢᠨ ᠦᠢᠯᠡᠴᠢᠯᠡᠭᠡ ᠶᠢᠨ ᠬᠠᠩᠭᠠᠯᠭ᠎ᠠ ᠶᠢ ᠨᠡᠮᠡᠭᠳᠡᠬᠦᠯᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠳᠡᠩᠴᠡᠬᠦᠷᠢᠰᠢᠯ ᠢ ᠨᠡᠮᠡᠭᠳᠡᠬᠦᠯᠵᠦ᠂ ᠨᠡᠶᠢᠬᠡᠮ  ᠤᠨ ᠪᠠᠳᠤᠯᠠᠪᠤᠷᠢ ᠶᠢᠨ ᠬᠤᠳᠠ ᠬᠦᠳᠡᠭᠡ ᠶᠢᠨ ᠨᠢᠬᠡ ᠴᠤᠭᠴᠠᠵᠢᠯᠳᠠ ᠶᠢ ᠪᠡᠶᠡᠯᠡᠬᠦᠯᠪᠡ᠃      2014 ᠣᠨ ᠤ 1 ᠳ᠋ᠦ᠋ᠭᠡᠷ ᠰᠠᠷ᠎ᠠ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠬᠦᠨᠳᠤ ᠴᠢᠬᠤᠯᠠ ᠰᠢᠢᠳᠪᠦᠷᠢᠳᠤ ᠪᠤᠳᠤᠯᠭ᠎ᠠ ᠭᠠᠷᠭᠠᠵᠤ᠂ ᠬᠦᠳᠡᠭᠡ ᠳᠤᠰᠬᠤᠨ ᠮᠠᠯᠵᠢᠬᠤ ᠳᠠᠷᠢᠶᠠᠯᠠᠬᠤ ᠤᠷᠤᠨ ᠤ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠳᠡᠬᠡᠭᠰᠢᠯᠡᠬᠦᠯᠪᠠ᠃ ︽ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠶᠢᠨ ᠪᠠᠶᠢᠷᠢ ᠶᠢᠨ ᠪᠦᠳᠦᠬᠡᠨ ᠪᠠᠶᠢᠭᠤᠯᠤᠯᠳᠠ ᠵᠢᠴᠢ ᠠᠮᠤᠷ ᠲᠦᠪᠰᠢᠨ ᠤ ᠵᠠᠰᠠᠨ ᠦᠬᠡᠷᠡᠴᠢᠯᠡᠬᠦ ᠢᠨᠵᠧᠨᠧᠷᠢᠩ︾ ᠪᠤᠯ ᠡᠬᠦᠨ ᠤ ᠳᠤᠳᠤᠷᠠᠬᠢ ᠴᠢᠬᠤᠯᠠ ᠠᠭᠤᠯᠭ᠎ᠠ ᠪᠤᠯᠤᠨ᠎ᠠ᠃ 3 ᠵᠢᠯ ᠤᠨ ᠲᠤᠷᠰᠢ᠂ 23.98 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ︵ᠴᠡᠴᠡᠷᠯᠢᠭ︶ ᠶᠢᠨ ᠳᠠᠯᠠᠪᠠᠢ 98.02 ᠲᠦᠮᠡᠨ ᠳᠡᠭᠰᠢ ᠲᠦᠷᠪᠡᠯᠵᠢᠨ ᠮᠧᠲᠷ ᠲᠤ ᠬᠦᠷᠴᠦ᠂ ᠨᠡᠶᠢᠳᠡ 1276 ᠪᠠᠭ᠎ᠠ ᠰᠤᠷᠭᠠᠭᠤᠯᠢ ︵ᠵᠢᠭᠠᠨ ᠰᠤᠷᠭᠠᠯᠳᠠ ᠶᠢᠨ ᠴᠢᠭ᠋︶᠂ ᠴᠡᠴᠡᠷᠯᠢᠭ ᠲᠠᠢ ᠬᠤᠯᠪᠤᠭᠳᠠᠪᠠ᠃ 2011 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ᠂ ᠮᠠᠨ ᠤ ᠤᠷᠤᠨ ᠤ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠪᠠ ᠡᠩ ᠤᠨ ᠦᠨᠳᠦᠷ ᠳᠤᠮᠳᠠᠳᠤ ᠶᠢᠨ ᠮᠤᠩᠭᠤᠯ ᠬᠡᠯᠡ ︵ᠰᠤᠯᠤᠩᠭᠤᠰ ᠬᠡᠯᠡ︶ ᠪᠠᠷ ᠰᠤᠷᠤᠯᠴᠠᠵᠤ ᠪᠠᠶᠢᠬᠤ ᠰᠤᠷᠤᠭᠴᠢᠳ ᠲᠤ ︽ᠬᠤᠶᠠᠷ ᠢ ᠬᠡᠯᠳᠦᠷᠢᠬᠦᠯᠬᠦ︾ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠡᠢ᠃ 2012 ᠣᠨ ᠳᠤ ᠪᠦᠬᠦ ᠡᠩ ᠤᠨ ᠦᠨᠳᠦᠷ ᠳᠤᠮᠳᠠᠳᠤ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ︽ᠬᠤᠶᠠᠷ ᠢ ᠬᠡᠯᠳᠦᠷᠢᠬᠦᠯᠬᠦ︾ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠪᠦᠬᠦ ᠤᠯᠤᠰ ᠲᠤ ᠲᠦᠷᠦᠬᠦᠯᠡᠨ 12 ᠵᠢᠯ ᠤᠨ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠢ ᠪᠡᠶᠡᠯᠡᠬᠦᠯᠵᠦ᠂ ᠨᠡᠶᠢᠳᠡ 17.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ᠦᠨᠳᠦᠷ ᠳᠤᠮᠳᠠᠳᠤ ᠶᠢᠨ ᠱᠠᠳᠤᠨ ᠤ 71.6 ᠲᠦᠮᠡᠨ ᠰᠤᠷᠤᠭᠴᠢ ᠶᠢ ᠬᠠᠮᠤᠷᠴᠠᠢ᠃      ᠤᠢᠢᠷ᠎ᠠ ᠶᠢᠨ ᠵᠢᠯ ᠠᠴᠠ᠂ ᠦᠪᠡᠷᠳᠡᠬᠡᠨ ᠵᠠᠰᠠᠬᠤ ᠤᠷᠤᠨ ᠨᠡᠶᠢᠬᠡᠮ ᠤᠨ ᠪᠠᠳᠤᠯᠠᠪᠤᠷᠢ ᠶᠢᠨ ᠲᠦᠷᠢᠮ ᠢ ᠨᠡᠩ ᠲᠦᠪ ᠭᠤᠤᠯᠴᠢ ᠪᠠᠷ ᠦᠷᠬᠦᠯᠵᠢᠯᠡᠬᠦᠯᠵᠦ᠂ ᠨᠡᠶᠢᠬᠡᠮ ᠤᠨ ᠪᠠᠳᠤᠯᠠᠪᠤᠷᠢ ᠶᠢᠨ ᠲᠦᠷᠦ ᠶᠢᠨ ᠪᠤᠳᠤᠯᠭ᠎ᠠ ᠪᠠᠨ ᠳᠡᠬᠦᠯᠳᠡᠷᠵᠢᠬᠦᠯᠵᠦ᠂ ᠬᠦᠷᠳᠡᠬᠡᠮᠵᠢ ᠤᠯᠭᠤᠮᠵᠢ ᠶᠢᠨ ᠲᠦᠪᠰᠢᠨ ᠢ ᠳᠤᠭᠳᠠᠭᠤᠨ ᠢᠶᠠᠷ ᠳᠡᠬᠡᠭᠰᠢᠯᠡᠬᠦᠯᠵᠦ᠂ ᠨᠡᠶᠢᠬᠡᠮ  ᠤᠨ ᠳᠠᠭᠠᠳᠬᠠᠯ ᠤᠨ ᠬᠠᠮᠢᠶᠠᠷᠤᠯᠳᠠ ᠶᠢᠨ ᠦᠢᠯᠡᠴᠢᠯᠡᠬᠡᠨ ᠤ ᠰᠢᠰᠲ᠋ᠧᠮ ᠢ ᠳᠠᠰᠤᠷᠠᠯᠳᠠ ᠦᠬᠡᠢ ᠴᠢᠩᠭᠠᠳᠬᠠᠵᠤ᠂ ᠳᠠᠭᠠᠳᠬᠠᠯ ᠤᠨ ᠪᠦᠷᠬᠦᠴᠡ ᠶᠢᠨ ᠬᠡᠮᠵᠢᠶ᠎ᠡ ᠶᠢ ᠤᠯᠠᠮ ᠴᠢᠨᠠᠭᠰᠢᠳᠠ ᠦᠷᠬᠡᠳᠬᠡᠵᠡᠢ᠃ 2015 ᠣᠨ ᠳᠤ ᠬᠤᠳᠠ ᠪᠠᠯᠭᠠᠰᠤ  ᠶᠢᠨ ᠰᠠᠭᠤᠭᠠᠯᠢ ᠠᠷᠠᠳ ᠤᠨ ᠬᠦᠨᠳᠤ ᠡᠪᠡᠳᠴᠢᠨ ᠤ ᠳᠠᠭᠠᠳᠬᠠᠯ ᠢ ᠪᠦᠬᠦᠳᠡ ᠳᠤ ᠪᠦᠷᠬᠦᠬᠦᠯᠵᠦ᠂ ᠳᠠᠭᠠᠳᠬᠠᠯ ᠳᠤ ᠤᠷᠤᠯᠴᠠᠭᠰᠠᠳ ᠤᠨ ᠳᠠᠩᠰᠡᠡ ᠠᠴᠠ ᠳᠠᠶᠢᠯᠵᠤ ᠦᠭᠬᠦᠭᠰᠡᠨ ᠤ ᠳᠠᠷᠠᠭᠠᠬᠢ ᠳᠤᠭᠳᠠᠭᠠᠯ ᠳᠤ ᠨᠡᠶᠢᠴᠡᠭᠰᠡᠨ ᠡᠮ ᠡᠮᠨᠡᠯᠬᠡ ᠶᠢᠨ ᠰᠦᠢᠳᠬᠡᠯ ᠤᠨ ᠳᠠᠩᠰᠠᠨ ᠠᠴᠠ ᠳᠠᠶᠢᠯᠬᠤ ᠬᠠᠷᠢᠴᠠᠯ ᠨᠢ 55% ᠳᠤ ᠬᠦᠷᠴᠦ᠂ ᠤᠯᠤᠰ ᠤᠨ ᠱᠠᠭᠠᠷᠳᠠᠯᠭ᠎ᠠ ᠶᠢᠨ 50% ᠠᠴᠠ ᠦᠨᠳᠦᠷ ᠪᠠᠶᠢᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠬᠡ ᠶᠢᠨ ᠨᠠᠰᠤᠵᠢᠯ ᠤᠨ ᠳᠠᠭᠠᠳᠬᠠᠯ ᠤᠨ ᠲᠦᠷᠢᠮ ᠢ ᠴᠢᠨᠠᠭᠰᠢᠳᠠ ᠳᠡᠬᠦᠯᠳᠡᠷᠵᠢᠬᠦᠯᠵᠦ᠂ ᠰᠦᠢᠳᠬᠡᠯ ᠳᠤᠰᠢᠶᠠᠬᠤ ᠨᠦᠬᠦᠪᠦᠷᠢ ᠶᠢᠨ ᠪᠠᠷᠢᠮᠵᠢᠶ᠎ᠠ ᠶᠢ ᠨᠡᠮᠡᠭᠳᠡᠬᠦᠯᠵᠦ᠂ ᠨᠠᠰᠤᠵᠢᠯ ᠤᠨ ᠳᠠᠭᠠᠳᠬᠠᠯ ᠤᠨ ᠰᠦᠢᠳᠬᠡᠯ  ᠢ ᠤᠷᠤᠯᠠᠨ ᠳᠤᠰᠢᠶᠠᠵᠤ ᠦᠭᠬᠦ ᠬᠡᠪᠴᠢᠶ᠎ᠡ ᠶᠢ ᠦᠷᠬᠡᠳᠬᠡᠭᠰᠡᠨ ᠪᠠᠶᠢᠨ᠎ᠠ᠃ 2015 ᠣᠨ ᠳᠤ ᠪᠦᠬᠦ ᠤᠷᠤᠨ ᠤ 15.9 ᠲᠦᠮᠡᠨ ᠶᠠᠳᠠᠭᠤ ᠬᠦᠴᠢᠷᠳᠡᠯᠳᠡᠢ ᠬᠦᠮᠦᠰ ᠤᠨ ᠨᠡᠶᠢᠬᠡᠮ ᠤᠨ ᠳᠠᠭᠠᠳᠬᠠᠯ ᠢ ᠤᠷᠤᠯᠠᠨ ᠲᠤᠰᠢᠶᠠᠵᠤ ᠥᠭᠴᠡᠢ᠃      ︽12·5︾ ᠶᠢᠨ ᠬᠤᠭᠤᠴᠠᠭᠠᠨ ᠳᠤ᠂ ᠲᠦᠪ ᠪᠠ ᠦᠪᠡᠷᠳᠡᠬᠡᠨ ᠵᠠᠰᠠᠬᠤ ᠤᠷᠤᠨ ᠠᠴᠠ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ 165 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠨᠢ 9544 ᠳᠤ ᠬᠦᠷᠴᠡᠢ᠃      5 ᠵᠢᠯ ᠤᠨ ᠳᠤᠷᠰᠢ᠂ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠬᠠᠮᠳᠤᠷᠠᠨ ᠴᠦᠬᠡᠨ ᠳᠤᠭᠠᠳᠤ ᠦᠨᠳᠦᠰᠦᠳᠡᠨ ᠤ ᠬᠦᠭᠵᠢᠯᠳᠡ ᠳᠤ 3.565 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠵᠤ᠂ 877 ᠲᠦᠷᠦᠯ ᠵᠦᠢᠯ ᠢ ᠬᠡᠷᠡᠭᠵᠢᠬᠦᠯᠵᠦ᠂ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠶᠠᠳᠠᠭᠤ ᠶᠢ ᠳᠡᠳᠬᠦᠬᠦ ᠪᠡᠯᠡ ᠮᠦᠩᠬᠦ ᠶᠢ 1.2533 ᠳ᠋ᠦᠩᠰᠢᠭᠤᠷ ᠲᠦᠬᠦᠷᠢᠭ ᠤᠷᠤᠭᠤᠯᠵᠤ᠂ 86 ᠲᠦᠷᠦᠯ ᠵᠦᠢᠯ ᠢ ᠬᠡᠷᠡᠭᠵᠢᠬᠦᠯᠵᠡᠢ᠃      5 ᠵᠢᠯ ᠤᠨ ᠳᠤᠷᠰᠢ᠂ ᠪᠦᠬᠦ ᠤᠷᠤᠨ ᠤ ᠡᠯ᠎ᠠ ᠲᠦᠷᠦᠯ ᠤᠨ ᠨᠠᠰᠤᠳᠠᠨ ᠢ ᠠᠰᠠᠷᠠᠬᠤ ᠪᠠᠶᠢᠭᠤᠯᠤᠮᠵᠢ 2421 ᠳᠤ ᠬᠦᠷᠴᠦ᠂ ᠤᠷᠤ ᠶᠢᠨ ᠳᠤᠭ᠎ᠠ 22.2 ᠲᠦᠮᠡ ᠳᠤ ᠬᠦᠷᠴᠦ᠂ ᠮᠢᠩᠭᠠᠨ ᠨᠠᠰᠤᠳᠠᠨ ᠳᠤ 58 ᠤᠷᠤ ᠨᠤᠭᠳᠠᠵᠤ ᠪᠠᠶᠢᠨ᠎ᠠ᠃ ᠦᠪᠦᠷ ᠮᠤᠩᠭᠤᠯ ᠤᠨ ᠮᠢᠩᠭᠠᠨ ᠨᠠᠰᠤᠳᠠᠨ ᠳᠤ ᠨᠤᠭᠳᠠᠵᠤ ᠪᠠᠶᠢᠬᠤ ᠤᠷᠤ ᠶᠢᠨ ᠳᠤᠭ᠎ᠠ ᠨᠢ 2 ᠵᠢᠯ ᠳᠠᠷᠠᠭᠠᠯᠠᠨ ᠪᠦᠬᠦ ᠤᠯᠤᠰ ᠲᠤ ᠳᠡᠷᠢᠬᠦᠯᠡᠵᠦ ᠪᠠᠶᠢᠨ᠎ᠠ᠃     【 ᠠᠮᠵᠢᠯᠲᠠ ᠭᠤᠷᠪᠠ】 ᠬᠦᠭᠵᠢᠯᠲᠡ ᠳᠤ ᠨᠡᠩ ᠤᠯᠠᠨ ᠬᠦᠳᠡᠯᠭᠡᠬᠦ ᠬᠦᠴᠦᠨ ᠬᠠᠩᠭᠠᠪᠠ      ᠦᠬᠡᠷᠡᠴᠢᠯᠡᠯᠳᠡ ᠶᠢᠨ ︽ᠬᠦᠨᠳᠤ ᠶᠡᠭᠡ ᠬᠦᠴᠢᠷ ᠲᠦᠪᠡᠭ︾ ᠪᠤᠯ ᠳᠡᠳᠡᠬᠡᠷ ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠮᠵᠢ ᠳᠤᠭᠳᠠᠴᠠ ᠶᠢᠨ ᠬᠠᠷᠰᠢ ᠰᠠᠭᠠᠳ ᠪᠤᠯᠤᠨ᠎ᠠ᠃ ︽12·5︾ ᠶᠢᠨ ᠬᠤᠭᠤᠴᠠᠭᠠᠨ ᠳᠤ᠂ ᠦᠪᠦᠷ ᠮᠤᠩᠭᠤᠯ ᠤᠨ ᠦᠬᠡᠷᠡᠴᠢᠯᠡᠯᠳᠡ ᠶᠢᠨ ᠲᠤᠬᠠᠢ ᠬᠠᠮᠳᠤ ᠶᠢᠨ ᠳᠠᠨᠢᠯᠳᠠ ᠤᠯᠠᠮ ᠳᠤᠳᠤᠷᠬᠠᠢ ᠪᠤᠯᠵᠤ᠂ ᠦᠪᠡᠷᠳᠡᠬᠡᠨ ᠵᠠᠰᠠᠬᠤ ᠤᠷᠤᠨ ᠤ ᠲᠦᠷᠦ ᠶᠢᠨ ᠪᠤᠳᠤᠯᠭ᠎ᠠ ᠪᠠ ᠤᠷᠤᠨ ᠨᠤᠳᠤᠭ ᠤᠨ ᠡᠷᠢᠯᠬᠢᠯᠡᠯ ᠨᠢ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠳᠤᠮᠳᠠ ᠪᠦᠳᠦᠮᠵᠢᠳᠡᠢ ᠵᠠᠯᠭᠠᠯᠳᠤᠵᠤ᠂ ᠰᠢᠨ᠎ᠡ ᠶᠢ ᠡᠬᠦᠳᠬᠦ ᠦᠢᠯᠡᠳᠦᠯᠬᠡ ᠶᠢᠨ ᠳᠤᠮᠳᠠ ᠠᠮᠢᠵᠢᠷᠠᠯ ᠤᠨ ᠬᠦᠴᠦᠨ ᠲᠠᠢ ᠪᠤᠯᠪᠠ᠃      ᠤᠢᠢᠷ᠎ᠠ ᠶᠢᠨ ᠵᠢᠯ ᠠᠴᠠ ᠨᠠᠰᠢ᠂ ᠮᠠᠨ ᠤ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠰᠤᠷᠭᠠᠨ ᠬᠦᠮᠦᠵᠢᠯ ᠤᠨ ᠡᠷᠬᠡ ᠳᠡᠭᠰᠢ ᠶᠢ ᠶᠡᠬᠡᠪᠡᠷ ᠠᠬᠢᠭᠤᠯᠵᠤ᠂ ᠦᠬᠡᠷᠡᠴᠢᠯᠡᠯᠳᠡ ᠶᠢᠨ ᠦᠢᠯᠡᠳᠦᠯᠬᠡ ᠶᠢ ᠯᠠᠪᠳᠠᠭᠤᠨ ᠪᠠᠳᠤᠳᠠᠢ ᠡᠮᠬᠢ ᠴᠡᠭᠴᠡᠳᠠᠢ ᠠᠬᠢᠭᠤᠯᠵᠤ᠂ ᠡᠯ᠎ᠠ ᠱᠠᠳᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠤᠨ ᠵᠤᠬᠢᠴᠠᠩᠭᠤᠢ ᠬᠦᠭᠵᠢᠯᠳᠡ ᠶᠢ ᠪᠦᠬᠦ ᠳᠠᠯ᠎ᠠ ᠪᠠᠷ ᠠᠬᠢᠭᠤᠯᠪᠠ᠃ ᠬᠤᠶᠠᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠠᠵᠢᠯᠯᠠᠭᠠᠨ  ᠤ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠᠶᠢᠭᠤᠯᠬᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠳᠡᠮᠵᠢᠬᠦ᠂ ᠬᠠᠮᠳᠤᠷᠠᠨ ᠴᠡᠴᠡᠷᠯᠢᠭ ᠡᠷᠬᠢᠯᠡᠬᠦ ᠵᠠᠭᠪᠤᠷ ᠢ ᠡᠬᠦᠳᠬᠦ ᠵᠡᠷᠬᠡ ᠠᠷᠭ᠎ᠠ ᠵᠠᠮ ᠢᠶᠠᠷ᠂ ᠠᠷᠠᠳ ᠲᠤ ᠠᠰᠢᠭ ᠬᠦᠷᠳᠡᠬᠡᠬᠦ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠦᠷᠬᠡᠳᠬᠡᠵᠡᠢ᠃ 2015 ᠣᠨ ᠤ ᠵᠢᠯ ᠤᠨ ᠰᠡᠬᠦᠯᠴᠢ ᠪᠤᠯᠳᠠᠯ᠎ᠠ᠂ ᠪᠦᠬᠦ ᠤᠷᠤᠨ  ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠴᠡᠴᠡᠷᠯᠢᠭ ᠲᠤ ᠰᠠᠭᠤᠭᠰᠠᠨ ᠨᠤᠷᠮ᠎ᠠ 91.57% ᠳᠤ ᠬᠦᠷᠴᠦ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 16.57% ᠦᠨᠳᠦᠷ ᠪᠤᠯᠤᠨ᠎ᠠ᠃      ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ︽ᠪᠡᠷᠬᠡᠰᠢᠶᠡᠯᠳᠤ ᠬᠤᠭᠤᠴᠠᠭ᠎ᠠ︾ ᠳᠤ ᠤᠷᠤᠭᠰᠠᠨ ᠵᠠᠩᠬᠢᠯᠠᠭ᠎ᠠ ᠶᠢᠨ ᠦᠶ᠎ᠡ ᠪᠤᠯᠤᠨ᠎ᠠ᠃ ᠡᠬᠦᠷᠬᠡ ᠬᠦᠨᠳᠤ ᠪᠤᠯᠪᠠᠴᠤ ᠡᠷᠬᠡᠪᠰᠢ ᠰᠢᠨᠵᠢᠯᠡᠬᠦ ᠤᠬᠠᠭᠠᠨᠴᠢ ᠪᠠᠷ ᠠᠬᠢᠭᠤᠯᠬᠤ ᠬᠡᠷᠡᠭᠳᠡᠢ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠪᠤᠳᠠᠳᠤ ᠠᠬᠢᠴᠠ ᠲᠠᠢ ᠪᠤᠯᠵᠤ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠡᠬᠢᠯᠡᠬᠦᠯᠦᠭᠰᠡᠨ ᠤ ᠳᠠᠷᠠᠭ᠎ᠠ᠂ ᠦᠪᠡᠷᠳᠡᠬᠡᠨ ᠵᠠᠰᠠᠬᠤ ᠤᠷᠤᠨ  ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠬᠡ ᠶᠢᠨ ᠳᠤᠮᠳᠠ ᠨᠢᠬᠡᠳᠦᠯᠳᠡᠢ ᠲᠦᠯᠦᠪᠯᠡᠨ ᠠᠬᠢᠭᠤᠯᠵᠤ᠂ ᠤᠯᠤᠰ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠶᠢᠨ ᠵᠡᠷᠬᠡᠪᠡᠷ᠂ ︽ᠬᠤᠰᠢᠭᠤ ᠰᠢᠶᠠᠨ ᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠡᠷᠡᠭᠵᠢᠬᠦᠯᠬᠦ ᠲᠦᠰᠦᠯ︾᠂ ︽ᠬᠤᠳᠠ ᠶᠢᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ᠋ ᠤᠨ ᠬᠡᠷᠡᠭᠵᠢᠬᠦᠯᠬᠦ ᠲᠦᠰᠦᠯ︾ ᠵᠡᠷᠬᠡ 72 ᠢᠵᠢ ᠪᠢᠴᠢᠭ ᠮᠠᠲ᠋ᠧᠷᠢᠶᠠᠯ ᠢ ᠭᠠᠷᠭᠠᠵᠠᠢ᠃      ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠪᠠ ᠲᠦᠷᠢᠮ ᠤᠨ ᠰᠢᠨ᠎ᠡ ᠶᠢ ᠡᠬᠦᠳᠬᠦ ᠪᠠᠷ ︽ᠬᠤᠤᠰ ᠬᠦᠷᠳᠤ︾ ᠪᠠᠨ ᠪᠤᠯᠭᠠᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠬᠡᠪᠡ᠃ ᠤᠢᠢᠷ᠎ᠠ ᠶᠢᠨ ᠵᠢᠯ ᠠᠴᠠ ᠨᠠᠰᠢ᠂ ᠮᠠᠨ ᠤ ᠤᠷᠤᠨ ᠰᠢᠨᠵᠢᠯᠡᠬᠦ ᠤᠬᠠᠭᠠᠨ ᠮᠡᠷᠬᠡᠵᠢᠯ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭ᠎ᠠ ᠶᠢᠨ ᠪᠠᠶᠢᠭᠤᠯᠤᠮᠵᠢ ᠳᠤᠭᠳᠠᠴᠠ ᠶᠢᠨ ᠰᠢᠨ᠎ᠡ ᠶᠢ ᠡᠬᠦᠳᠬᠦ ᠶᠢ ᠰᠠᠶᠢᠳᠤᠷ ᠠᠳᠬᠤᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠡ ᠶᠢᠨ ᠠᠮᠢᠵᠢᠷᠠᠯ ᠤᠨ ᠬᠦᠴᠦᠨ ᠢ ᠬᠦᠭᠵᠢᠬᠡᠪᠡ᠃ ︽ᠰᠢᠨᠵᠢᠯᠡᠬᠦ ᠤᠬᠠᠭᠠᠨ ᠮᠡᠷᠬᠡᠵᠢᠯ ᠤᠨ ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠨᠠᠯ︾ ᠢ ᠭᠠᠷᠭᠠᠵᠤ᠂ 8 ᠳᠠᠯ᠎ᠠ ᠶᠢᠨ 25 ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠠᠪᠴᠤ᠂ 101 ᠪᠤᠳᠠᠳᠠᠢ ᠠᠷᠭ᠎ᠠ ᠬᠡᠮᠵᠢᠶ᠎ᠠ ᠠᠪᠴᠠᠢ᠃      【ᠲᠤᠰᠬᠠᠢ ᠮᠡᠷᠭᠡᠵᠢᠯᠲᠡᠨ ᠤ ᠦᠨᠡᠯᠡᠯᠲᠡ】 ᠨᠡᠶᠢᠭᠡᠮ ᠤᠨ ᠦᠢᠯᠡᠰ ᠤᠨ ᠬᠦᠭᠵᠢᠯᠲᠡ ᠪᠠᠷ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠳᠡᠭᠡᠭᠰᠢᠯᠡᠯ᠎ᠡ      ᠦᠪᠡᠷᠳᠡᠬᠡᠨ ᠵᠠᠰᠠᠬᠤ ᠤᠷᠤᠨ ᠤ ᠶᠢᠰᠦᠳᠦᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ ᠠᠴᠠ ᠨᠠᠰᠢ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠨᠡᠶᠢᠬᠡᠮ ᠤᠨ ᠦᠢᠯᠡᠰ ᠤᠨ ᠥᠭᠡᠷᠡᠴᠢᠯᠡᠯᠲᠡ ᠪᠠ ᠰᠢᠨ᠎ᠡ ᠶᠢ ᠡᠬᠦᠳᠬᠦ ᠶᠢ ᠶᠡᠬᠡᠪᠡᠷ ᠠᠬᠢᠭᠤᠯᠵᠤ᠂ ᠰᠢᠨᠵᠢᠯᠡᠬᠦ ᠤᠬᠠᠭᠠᠨ ᠮᠡᠷᠬᠡᠵᠢᠯ᠂ ᠰᠤᠷᠭᠠᠨ ᠬᠦᠮᠦᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ ᠰᠤᠶᠤᠯ ᠵᠢᠴᠢ ᠪᠤᠰᠤᠳ ᠨᠡᠶᠢᠬᠡᠮ ᠤᠨ ᠦᠢᠯᠡᠰ ᠤᠨ ᠪᠦᠬᠦ ᠳᠠᠯ᠎ᠠ ᠶᠢᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠠᠷᠠᠳ ᠤᠯᠠᠨ ᠤ ᠦᠨᠡᠨᠬᠦ ᠠᠰᠢᠭ ᠳᠤᠰᠠ ᠶᠢ ᠪᠠᠳᠤᠯᠠᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠢ ᠳᠡᠬᠡᠭᠰᠢᠯᠡᠬᠦᠯᠪᠡ᠃      ᠰᠢᠨ᠎ᠡ ᠶᠢ ᠡᠬᠦᠳᠬᠦ ᠬᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠵᠤ᠂ ᠰᠢᠨ᠎ᠡ ᠶᠢ ᠡᠬᠦᠳᠬᠦ ᠪᠠᠷ ᠬᠦᠳᠡᠯᠬᠡᠬᠦᠷ ᠪᠣᠯᠭᠠᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠭᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠴᠢᠬᠤᠯᠠ ᠶᠡᠭᠡ ᠳᠤᠰᠬᠠᠢ ᠰᠢᠨᠵᠢᠯᠡᠬᠦ ᠤᠬᠠᠭᠠᠨ ᠮᠡᠷᠬᠡᠵᠢᠯ ᠤᠨ ᠲᠦᠯᠦᠪᠯᠡᠭᠡ ᠶᠢ ᠵᠤᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠬᠡᠵᠢᠯ ᠢᠶᠠᠷ ᠰᠢᠨ᠎ᠡ ᠶᠢ ᠡᠬᠦᠳᠬᠦ ᠳᠠᠪᠴᠠᠩ ᠤᠨ ᠪᠦᠳᠦᠬᠡᠨ ᠪᠠᠶᠢᠭᠤᠯᠤᠯᠳᠠ ᠪᠠ ᠨᠡᠬᠡᠬᠡᠯᠳᠡ ᠬᠢᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠬᠡᠵᠢᠯ ᠤᠨ ᠪᠦᠬᠦ ᠳᠠᠯ᠎ᠠ ᠪᠠᠷ ᠰᠢᠨ᠎ᠡ ᠶᠢ ᠡᠬᠦᠳᠬᠦ ᠶᠠᠪᠤᠴᠠ ᠳᠤᠮᠳᠠᠬᠢ ᠳᠤᠯᠭᠠᠭᠤᠷᠢᠯᠠᠨ ᠬᠦᠳᠦᠯᠬᠦ ᠦᠢᠯᠡᠳᠦᠯ ᠢ ᠪᠠᠳᠠᠷᠠᠭᠤᠯᠵᠤ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠦᠳᠡᠯᠬᠡᠬᠦᠷ ᠤᠨ ᠡᠯᠧᠮᠧᠨ᠋ᠲ ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠠ ᠪᠦ᠋ᠳᠦᠬᠡᠯ ᠢ ᠬᠤᠪᠢᠷᠠᠭᠤᠯᠤᠨ ᠬᠡᠷᠡᠭᠯᠡᠬᠦ ᠴᠢᠳᠠᠪᠤᠷᠢ ᠶᠢ ᠢᠯᠡᠷᠬᠡᠢ ᠳᠡᠭᠡᠭᠰᠢᠯᠡᠭᠦᠯᠪᠡ᠃      ᠵᠤᠬᠢᠴᠠᠩᠭᠤᠢ ᠪᠠ ᠬᠠᠮᠳᠤᠪᠡᠷ ᠬᠦᠭᠵᠢᠬᠦ ᠬᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠵᠤ᠂ ᠰᠤᠷᠭᠠᠨ ᠬᠦᠮᠦᠵᠢᠯ᠂ ᠡᠮ ᠡᠮᠨᠡᠯᠬᠡ᠂ ᠡᠷᠡᠬᠦᠯ ᠬᠠᠮᠠᠭᠠᠯᠠᠯ᠂ ᠰᠤᠶᠤᠯ ᠤᠨ ᠠᠵᠤ ᠦᠢᠯᠡᠰ ᠤᠨ ᠳᠡᠩᠴᠡᠬᠦᠷᠢᠳᠡᠢ ᠬᠦᠭᠵᠢᠯᠳᠡ ᠶᠢ ᠪᠠᠷᠢᠮᠳᠠᠯᠠᠪᠠ᠃ ᠠᠷᠠᠳ ᠤᠨ ᠰᠡᠳᠬᠢᠯ ᠳᠤ ᠬᠠᠨᠤᠮᠵᠢᠳᠠᠢ ᠰᠤᠷᠭᠠᠨ ᠬᠦᠮᠦᠵᠢᠯ ᠤᠨ ᠵᠤᠷᠢᠯᠳᠠ ᠶᠢ ᠪᠠᠷᠢᠮᠳᠠᠯᠠᠵᠤ᠂ ᠰᠤᠷᠭᠠᠨ ᠬᠦᠮᠦᠵᠢᠯ ᠤᠨ ᠡᠷᠬᠡ ᠳᠡᠭᠰᠢ ᠶᠢ ᠠᠬᠢᠭᠤᠯᠵᠤ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠰᠢᠯᠢᠳᠡᠭᠵᠢᠬᠦᠯᠬᠦ ᠪᠠᠷ ᠭᠤᠤᠯ ᠰᠢᠵᠢᠮ ᠪᠤᠯᠭᠠᠵᠤ᠂ ᠦᠨᠳᠦᠰᠦᠨ ᠤᠯᠠᠨ ᠨᠡᠶᠢᠳᠡ ᠶᠢᠨ ᠰᠤᠷᠭᠠᠨ ᠬᠦᠮᠦᠵᠢᠯ ᠤᠨ ᠦᠢᠯᠡᠴᠢᠯᠡᠭᠡ ᠶᠢᠨ ᠳᠡᠩᠴᠡᠬᠦᠷᠢᠰᠢᠯ ᠢ ᠠᠬᠢᠭᠤᠯᠵᠤ᠂ ᠦᠨᠳᠦᠰᠦᠳᠡᠨ ᠤ ᠰᠤᠷᠭᠠᠨ ᠬᠦᠮᠦᠵᠢᠯ ᠢ ︽ᠤᠷᠢᠳᠠᠪᠡᠷ ᠭᠤᠤᠯᠳᠠᠯᠭ᠎ᠠ︾ ᠲᠠᠢ ᠬᠦᠭᠵᠢᠬᠦᠯᠵᠦ᠂ ᠤᠳᠤ ᠦᠶ᠎ᠠ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ  ᠢ ᠪᠠᠶᠢᠭᠤᠯᠵᠤ᠂ ᠳᠡᠬᠡᠳᠤ ᠵᠡᠷᠬᠡ ᠶᠢᠨ ᠰᠤᠷᠭᠠᠨ ᠬᠦᠮᠦᠵᠢᠯ ᠤᠨ ᠬᠦᠭᠵᠢᠯᠳᠡ ᠶᠢ ᠠᠬᠢᠭᠤᠯᠵᠤ᠂ ᠤᠯᠠᠨ ᠲᠦᠮᠡᠨ ᠤ ᠤᠯᠠᠨ ᠶᠠᠩᠵᠤ ᠶᠢᠨ᠂ ᠳᠡᠬᠡᠳᠤ ᠴᠢᠨᠠᠷ ᠴᠢᠨᠰᠠᠭ᠎ᠠ ᠲᠠᠢ ᠰᠤᠷᠭᠠᠨ ᠬᠦᠮᠦᠵᠢᠯ ᠤᠨ ᠲᠤᠬᠠᠢ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃      ᠠᠷᠠᠳ ᠤᠯᠠᠨ ᠤ ᠡᠷᠡᠬᠦᠯ ᠮᠡᠨᠳᠤ ᠶᠢᠨ ᠲᠦᠪᠰᠢᠨ ᠢ ᠳᠡᠬᠡᠭᠰᠢᠯᠡᠬᠦᠯᠬᠦ ᠪᠠᠷ ᠭᠤᠤᠯ ᠪᠤᠯᠭᠠᠵᠤ᠂ ᠬᠤᠳᠠ ᠬᠦᠳᠡᠭᠡ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠦᠬᠡᠷᠡᠴᠢᠯᠡᠯᠳᠡ ᠶᠢᠨ ᠰᠢᠰᠲ᠋ᠧᠮ ᠤᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠵᠤ᠂ ᠦᠨᠳᠦᠰᠦᠨ ᠡᠮ ᠡᠮᠨᠡᠯᠬᠡ ᠪᠠ ᠡᠷᠡᠬᠦᠯ ᠬᠠᠮᠠᠭᠠᠯᠠᠯ ᠤᠨ ᠦᠢᠯᠡᠴᠢᠯᠡᠭᠡ ᠪᠠ ᠪᠠᠳᠤᠯᠠᠪᠤᠷᠢ ᠶᠢᠨ ᠴᠢᠳᠠᠪᠤᠷᠢ ᠶᠢ ᠴᠢᠩᠭᠠᠳᠬᠠᠬᠤ ᠶᠢᠨ ᠵᠡᠷᠬᠡᠪᠡᠷ᠂ ᠬᠦᠨᠳᠤ ᠡᠪᠡᠳᠴᠢᠨ ᠢ ᠰᠡᠷᠬᠡᠶᠢᠯᠡᠬᠦ᠂ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ᠂ ᠡᠬᠡ ᠨᠢᠯᠬᠠᠰ ᠤᠨ ᠡᠷᠡᠬᠦᠯᠵᠢᠯ᠂ ᠮᠤᠩᠭᠤᠯ ᠬᠢᠳᠠᠳ ᠡᠮ ᠡᠮᠨᠡᠯᠬᠡ ᠶᠢᠨ ᠦᠢᠯᠡᠴᠢᠯᠡᠭᠡ᠂ ᠡᠷᠡᠬᠦᠯ ᠬᠠᠮᠠᠭᠠᠯᠠᠯ ᠤᠨ ᠬᠢᠨᠠᠯᠳᠠ ᠳᠠᠯᠪᠢᠬᠤ ᠪᠠ ᠢᠳᠡᠬᠡᠨ ᠤ ᠠᠮᠤᠷ ᠲᠦᠪᠰᠢᠨ ᠤ ᠲᠦᠭᠰᠢᠬᠦᠷᠢ ᠶᠢ ᠬᠢᠨᠠᠨ ᠰᠢᠯᠭᠠᠬᠤ ᠬᠡᠮᠵᠢᠶ᠎ᠠ ᠪᠠ ᠲᠦᠪᠰᠢᠨ ᠢ ᠶᠡᠬᠡᠪᠡᠷ ᠳᠡᠬᠡᠭᠰᠢᠯᠡᠬᠦᠯᠵᠦ᠂ ᠬᠤᠳᠠ ᠬᠦᠳᠡᠭᠡ᠂ ᠭᠠᠵᠠᠷ ᠤᠷᠤᠨ᠂ ᠤᠯᠠᠨ ᠲᠦᠮᠡᠨ ᠤ ᠬᠤᠭᠤᠷᠤᠨᠳᠤᠬᠢ ᠦᠨᠳᠦᠰᠦᠨ ᠡᠷᠡᠬᠦᠯ ᠮᠡᠨᠳᠤ ᠶᠢᠨ ᠦᠢᠯᠡᠴᠢᠯᠡᠭᠡ ᠪᠠ ᠪᠠᠳᠤᠯᠠᠪᠤᠷᠢ ᠶᠢᠨ ᠵᠦᠷᠢᠶ᠎ᠡ ‍ᠵᠢᠠᠭᠠᠵᠢᠮᠵᠢᠡᠷᠪᠠᠭᠠᠰᠬᠠᠵᠠᠢ᠃      ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠢ ᠬᠦᠨᠵᠡᠬᠡᠢ ᠠᠬᠢᠭᠤᠯᠵᠤ᠂ ᠡᠷᠬᠡ ᠳᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠤᠬᠢᠴᠠᠩᠭᠤᠢ ᠨᠡᠶᠢᠬᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠴᠢᠨᠠᠭᠰᠢᠳᠠ ᠪᠠᠳᠤᠳᠬᠠᠪᠠ᠃ ᠳᠠᠮᠢᠷ᠂ ᠰᠤᠨᠢᠨ ᠮᠡᠳᠡᠭᠡ ᠷᠠᠳᠢᠣ᠋ ᠺᠢᠨᠣ᠋ ᠲᠧᠯᠧᠢᠰ᠂ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠦᠢᠯᠡᠰ ᠦᠷᠨᠢᠩᠬᠦᠢ ᠬᠦᠭᠵᠢᠵᠦ᠂ ᠴᠠᠭ ᠠᠭᠤᠷ᠂ ᠡᠮᠡᠭᠳᠡᠶᠢᠴᠤᠳ ᠬᠡᠦᠬᠡᠳ᠂ ᠨᠠᠰᠤᠵᠢᠯ᠂ ᠵᠡᠮᠳᠡᠭᠴᠤᠳ ᠤᠨ ᠦᠢᠯᠡᠰ ᠰᠢᠨ᠎ᠡ ᠳᠡᠭᠲᠡᠷ ᠲᠤ ᠬᠦᠷᠪᠡ᠃      ᠰᠠᠶᠢᠨ ᠰᠠᠶᠢᠬᠠᠨ ᠨᠡᠶᠢᠬᠡᠮ ᠤᠨ ᠦᠢᠯᠡᠰ ᠤᠨ ᠬᠦᠭᠵᠢᠯᠳᠡ ᠪᠤᠯ ᠪᠦᠬᠦ ᠤᠷᠤᠨ ᠤ ᠦᠨᠳᠦᠰᠦᠳᠡᠨ ᠨᠦᠭᠦᠳ  ᠤᠨ ᠠᠷᠠᠳ ᠲᠦᠮᠡᠨ ᠤ ᠬᠦᠰᠡᠯ ᠵᠤᠷᠢᠯ᠂ ᠨᠡᠩ ᠴᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ  ᠤᠨ ᠤᠷᠳᠤᠨ ᠤ ᠬᠦᠭᠵᠢᠯᠳᠡ ᠶᠢᠨ ᠣᠨᠤᠯᠵᠢᠬᠤᠨ ᠪᠤᠯᠤᠨ᠎ᠠ᠃ 5 ᠵᠢᠯ ᠤᠨ ᠳᠤᠷᠰᠢ᠂ ᠦᠪᠡᠷᠳᠡᠬᠡᠨ ᠵᠠᠰᠠᠬᠤ ᠤᠷᠤᠨ  ᠤ ᠨᠡᠶᠢᠬᠡᠮ ᠤᠨ ᠦᠢᠯᠡᠰ ᠤᠨ ᠬᠦᠭᠵᠢᠯᠳᠡ ᠨᠢ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡᠳᠤ᠂ ᠬᠠᠮᠳᠤᠪᠡᠷ ᠡᠳ᠋ᠯᠡᠬᠦ ᠬᠦᠭᠵᠢᠯᠳᠡ ᠶᠢᠨ ᠣᠨᠤᠯᠵᠢᠬᠤᠨ ᠢ ᠪᠠᠷᠢᠮᠳᠠᠯᠠᠵᠤ᠂ ᠬᠦᠮᠦᠰ ᠢ ᠪᠠᠶᠠᠷᠯᠠᠭᠤᠯᠤᠮ᠎ᠠ ᠦᠷ᠎ᠡ ᠪᠦᠳᠦᠬᠡᠯ ᠤᠯᠵᠠᠢ᠃ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠬᠤᠷᠠᠯ ᠨᠢ ᠨᠡᠶᠢᠬᠡᠮ ᠤᠨ ᠦᠢᠯᠡᠰ ᠤᠨ ᠬᠦᠭᠵᠢᠯᠳᠡ ᠶᠢ ᠨᠡᠩ ᠨᠠᠷᠢᠯᠢᠭ ᠪᠠᠶᠢᠷᠢᠯᠠᠭᠤᠯᠬᠤ ᠳᠤ ᠪᠢᠳᠡ ᠪᠠᠳᠤ ᠢᠳᠡᠬᠡᠯ ᠲᠠᠢ ᠪᠠᠶᠢᠨ᠎ᠠ᠂ ᠨᠡᠶᠢᠭᠡᠮ ᠤᠨ ᠦᠢᠯᠡᠰ ᠤᠨ ᠢᠷᠡᠭᠡᠳᠦᠢ ᠨᠡᠩ ᠰᠠᠶᠢᠨ ᠰᠠᠶᠢᠬᠠᠨ ᠪᠣᠯᠬᠤ ᠨᠢ ᠯᠠᠪᠲᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号