ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠡᠯᠡᠳᠬᠡᠯ ᠬᠤᠷᠠᠯ ᠬᠢᠪᠡ  ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2016-11-22
     ᠬᠤᠷᠠᠯ ᠠᠴᠠ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠤᠮᠢᠰ᠂ ᠶᠡᠭᠡ ᠬᠤᠷᠠᠯ ᠤᠨ ᠲᠦᠯᠦᠭᠡᠯᠡᠭᠴᠢᠳ ᠤᠨ ᠪᠦᠯᠬᠦᠮ᠂ ᠨᠠᠷᠢᠨ ᠪᠢᠴᠢᠭ ᠤᠨ ᠲᠠᠷᠤᠭ᠎ᠠ ᠶᠢᠨ ᠨᠡᠷᠡᠰ ᠢ ᠪᠠᠲᠤᠯᠠᠵᠤ ᠬᠤᠷᠠᠯ ᠤᠨ ᠵᠦᠪᠯᠡᠬᠦ ᠵᠦᠢᠯᠡᠰ ᠢ ᠪᠠᠲᠤᠯᠠᠵᠠᠢ      11 ᠳ᠋ᠦ᠋ᠭᠡᠷ ᠰᠠᠷ᠎ᠠ ᠶᠢᠨ 21 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠪᠡᠯᠡᠳᠭᠡᠯ ᠬᠤᠷᠠᠯ ᠬᠢᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠢ ᠾᠧᠩ᠂ ᠷᠸᠠ ᠶᠠ ᠫᠢᠩ᠂ ᠯᠢ ᠵᠢᠶᠠ᠂ ᠵᠠᠩ ᠵᠢᠶᠠᠨ ᠮᠢᠨ᠂ ᠨᠠᠰᠤᠨᠮᠦ᠋ᠩᠭᠡ᠂ ᠸᠠᠩ ᠵᠦᠩ ᠾᠧ᠂ ᠸᠠᠩ ᠯᠢ ᠰᠢᠶᠠ᠂ ᠶᠠᠩ ᠵᠢᠶᠦ᠋ᠨ ᠰᠢᠩ᠂ ᠽᠧᠩ ᠢ ᠴᠦᠨ᠂ ᠯᠢᠦ ᠴᠢ ᠹᠠᠨ᠂ ᠵᠠᠩ ᠶᠤᠸᠠᠨ ᠵᠦᠩ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠪᠠ᠃ ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠬᠤᠷᠠᠯ ᠳᠤ ᠤᠷᠤᠯᠴᠠᠨ ᠵᠢᠭᠠᠨ ᠵᠢᠯᠤᠭᠤᠳᠪᠠ᠃      ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠶᠤᠰᠤᠳᠠᠢ ᠲᠦᠯᠦᠭᠡᠯᠡᠭᠴᠢ 665 ᠬᠦᠮᠦᠨ ᠪᠣᠢ᠂ ᠡᠪᠡᠳᠴᠢᠨ ᠢᠶᠠᠷ ᠪᠤᠶᠤ ᠶᠠᠪᠤᠳᠠᠯ ᠢᠶᠠᠷ 12 ᠲᠦᠯᠦᠭᠡᠯᠡᠭᠴᠢ ᠴᠢᠯᠦᠭᠡ ᠭᠤᠶᠤᠵᠤ᠂ 653 ᠲᠦᠯᠦᠭᠡᠯᠡᠭᠴᠢ ᠪᠡᠯᠡᠳᠭᠡᠯ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠵᠡᠢ᠃      ᠯᠢ ᠵᠢᠢ ᠾᠧᠩ ᠬᠤᠷᠠᠯ ᠡᠷᠬᠢᠯᠡᠵᠤ᠂ ᠯᠢ ᠵᠢᠶᠠ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠪᠡᠯᠡᠳᠭᠡᠭᠰᠡᠨ ᠪᠠᠶᠢᠳᠠᠯ ᠢ ᠮᠡᠳᠡᠭᠳᠡᠵᠦ᠂ ᠯᠢᠦ ᠴᠢ ᠹᠠᠨ ᠶᠡᠭᠡ ᠬᠤᠷᠠᠯ ᠤᠨ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ ᠴᠢᠬᠤᠯᠠᠴᠢᠯᠠᠪᠠ᠃      ᠬᠤᠷᠠᠯ ᠠᠴᠠ ᠲᠤᠮᠳᠠᠳᠤ ᠤᠯᠤᠰ ᠤ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠨᠡᠷᠡᠰ ᠢ ᠪᠠᠳᠤᠯᠠᠪᠠ︔ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠡᠷᠡᠰ᠂ ᠨᠠᠷᠢᠨ ᠪᠢᠴᠢᠭ ᠤᠨ ᠲᠠᠷᠤᠭ᠎ᠠ ᠶᠢᠨ ᠨᠡᠷᠡᠰ ᠢ ᠪᠠᠳᠤᠯᠠᠪᠠ︔ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ ᠪᠠ ᠠᠵᠢᠯ ᠤᠨ ᠡᠭᠦᠷᠭᠡ ᠶᠢ ᠪᠠᠳᠤᠯᠠᠵᠠᠢ᠃      ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠵᠦᠪᠯᠡᠭᠦ ᠵᠦᠢᠯᠡᠰ ᠢ ᠪᠠᠳᠤᠯᠠᠪᠠ᠄ ︵ᠨᠢᠭᠡ︶ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠢᠯᠡᠳᠭᠡᠯ ᠢ ᠰᠤᠨᠤᠰᠦᠨ ᠬᠢᠨᠠᠨ ᠵᠦᠪᠯᠡᠨ᠎ᠠ︔ ︵ᠬᠤᠶᠠᠷ︶ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠨ᠎ᠡ︔ ︵ᠭᠤᠷᠪᠠ︶ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢ ᠰᠤᠩᠭᠤᠨ ᠭᠠᠷᠭᠠᠨ᠎ᠠ︔ ︵ᠲᠦᠷᠪᠡ︶ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠨ᠎ᠠ᠃      ᠯᠢ ᠵᠢᠢ ᠾᠧᠩ ᠶᠠᠷᠢᠶᠠᠨ ᠳᠠᠭᠠᠨ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ ᠮᠠᠨ ᠤ ᠤᠷᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤᠨ ᠳᠤ ᠤᠷᠤᠬᠰᠠᠨ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠣ ᠪᠠᠶᠢᠭ᠎ᠠ ᠴᠢᠬᠤᠯᠠ ᠴᠠᠭ ᠦᠶ᠎ᠡ ᠳᠤ ᠬᠤᠷᠠᠯᠳᠤᠭᠤᠯᠬᠤ ᠨᠢᠭᠡ ᠣᠳᠠᠭ᠎ᠠ ᠶᠢᠨ ᠮᠠᠰᠢ ᠴᠢᠬᠤᠯᠠ ᠬᠤᠷᠠᠯ ᠪᠤᠯᠤᠨ᠎ᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠲᠤᠮᠳᠠᠬᠢ ᠲᠤᠮᠤ ᠶᠠᠪᠤᠳᠠᠯ ᠪᠤᠯᠤᠨ᠎ᠠ᠃ ᠪᠢᠳᠡ ︽ᠲᠦᠷᠪᠡᠨ ᠤᠬᠠᠮᠰᠠᠷ︾ ᠤᠨᠴᠠᠭᠠᠢᠢᠯᠠᠨ ᠭᠤᠤᠯᠯᠠᠬᠤ‌ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ ᠴᠢᠩᠭᠠᠷᠠᠭᠤᠯᠤᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠨᠡᠩ ᠡᠷᠡᠰ ᠢᠶᠠᠷ ᠬᠠᠮᠠᠭᠠᠯᠠᠵᠤ᠂ ᠨᠡᠩ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠡᠩ ᠯᠠᠪᠳᠠᠭᠤᠨ ᠪᠠᠳᠤᠳᠠᠢ ᠪᠤᠳᠠᠳᠠᠢ ᠳᠤ ᠨᠡᠶᠢᠳᠡᠪᠦᠷᠢᠵᠢᠭᠤᠯᠬᠤ ᠳᠤ ᠴᠦᠮ ᠴᠢᠬᠤᠯᠠ ᠠᠬᠤᠢᠢᠴᠢ ᠠᠴᠢ ᠬᠤᠯᠪᠤᠬᠳᠠᠯ ᠪᠠ ᠠᠯᠤᠰ ᠬᠡᠳᠦ ᠶᠢᠨ ᠠᠴᠢ ᠬᠤᠯᠪᠤᠬᠳᠠᠯ ᠲᠠᠢ᠃ ᠲᠦᠯᠦᠭᠡᠯᠡᠭᠴᠢᠳ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠡᠷᠠᠨ ᠪᠦᠯᠬᠦᠮᠳᠠᠵᠦ᠂ ᠲᠡᠭᠡᠳᠤ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠭᠢᠯᠭᠡ ᠪᠠ ᠠᠷᠢᠭᠤᠨ ᠲᠡᠷᠬᠠᠨ ᠲᠡᠤᠭᠡᠨ ᠡᠭᠦᠷᠭᠡᠳᠤ ᠰᠡᠳᠭᠢᠯᠭᠡ ᠪᠠᠷ᠂ ᠨᠢᠭᠡ ᠰᠡᠳᠬᠢᠯ ᠨᠢᠭᠡ ᠵᠣᠷᠢᠭ ᠢᠶᠠᠷ᠂ ᠰᠡᠳᠭᠢᠯ ᠢᠶᠠᠨ ᠨᠢᠭᠡᠳᠭᠡᠨ ᠬᠦᠴᠦᠨ ᠢᠶᠠᠨ ᠬᠠᠮᠳᠤᠳᠬᠠᠵᠦ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠲᠤᠭ ᠢᠶᠠᠨ ᠦᠨᠳᠤᠷ ᠮᠠᠨᠳᠤᠭᠤᠯᠤᠬᠰᠠᠨ᠂ ᠭᠤᠤᠯᠯᠠᠬᠴᠢ ᠪᠠᠨ ᠡᠷᠡᠰ ᠬᠠᠮᠠᠭᠠᠯᠠᠬᠰᠠᠨ᠂ ᠤᠷᠢᠳᠤᠭᠢ ᠶᠢ ᠵᠠᠯᠭᠠᠮᠵᠢᠯᠠᠵᠦ ᠬᠤᠶᠢᠰᠢᠭᠢ ᠳᠤ ᠵᠠᠮ ᠨᠡᠭᠡᠭᠡᠭᠰᠡᠡ᠂ ᠪᠦᠯᠭᠦᠮᠳᠠᠯ ᠠᠷᠠᠳᠴᠢᠯᠠᠯ ᠲᠠᠢ ᠶᠡᠭᠡ ᠬᠤᠷᠠᠯ ᠪᠣᠯᠭᠠᠨ ᠬᠤᠷᠠᠯᠳᠣᠭᠤᠯᠵᠣ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠭᠰᠡᠨ᠂ ᠵᠠᠮ ᠨᠡᠭᠡᠭᠡᠨ ᠰᠢᠨ᠎ᠠ ᠶᠢ ᠡᠭᠦᠳᠦᠭᠰᠡᠨ ᠶᠡᠭᠡ ᠬᠤᠷᠠᠯ ᠪᠣᠯᠭᠠᠨ ᠬᠤᠷᠠᠯᠳᠣᠭᠤᠯᠵᠣ᠂ ᠰᠡᠳᠭᠢᠯ ᠢ ᠨᠢᠭᠳᠠᠷᠠᠭᠤᠯᠵᠣ ᠬᠦᠴᠦᠨ ᠢ ᠲᠦᠪᠯᠡᠷᠡᠭᠦᠯᠦᠭᠰᠡᠨ᠂ ᠤᠪᠤᠷ ᠲᠦᠪ ᠰᠤᠷᠳᠠᠯ ᠴᠢᠭᠡᠴᠢ ᠶᠡᠭᠡ ᠬᠤᠷᠠᠯ ᠪᠤᠯᠭᠠᠨ ᠬᠤᠷᠠᠯᠳᠤᠭᠤᠯᠬᠤ ᠬᠡᠷᠡᠭᠳᠡᠢ ᠬᠡᠪᠡ᠃      ᠯᠢ ᠵᠢᠢ ᠾᠸᠡᠭ ᠵᠢᠭᠠᠵᠦ ᠭᠠᠷᠭᠠᠬᠰᠠᠨ ᠨᠢ᠂ ᠲᠦᠪ ᠠᠴᠠ ᠡᠨᠡ ᠣᠳᠠᠭ᠎ᠠ ᠶᠢᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠠᠵᠢᠯ ᠳᠤ ᠢᠷᠡᠭᠡᠳᠦᠢ ᠶᠢᠨ ᠲᠦᠰᠦᠪ ᠢᠶᠠᠨ ᠰᠠᠶᠢᠳᠣᠷ ᠵᠢᠷᠤᠬᠯᠠᠬᠤ᠂ ᠰᠠᠶᠢᠨ ᠺᠠᠳ᠋ᠷ ᠢ ᠰᠤᠩᠭᠤᠨ ᠭᠠᠷᠭᠠᠬᠤ᠂ ᠰᠠᠶᠢᠨ ᠪᠠᠭ ᠢ ᠲᠤᠬᠢᠷᠠᠭᠤᠯᠬᠤ᠂ ᠰᠠᠶᠢᠨ ᠲᠦᠷᠢ ᠲᠦᠷᠭᠦ ᠶᠢ ᠰᠤᠯᠢᠬᠤ ︽ᠲᠦᠷᠪᠡᠨ ᠰᠠᠶᠢᠨ ︾ ᠤ ᠬᠠᠷᠠᠯᠳᠠ ᠡᠭᠦᠷᠭᠡ ᠶᠢ ᠲᠤᠷᠠᠳᠴᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠴᠢᠭᠯᠡᠯ ᠢ ᠵᠢᠭᠠᠨ ᠦᠭᠴᠠᠢ᠃ ᠲᠦᠯᠦᠭᠡᠯᠡᠭᠴᠢᠳ ᠠᠷᠠᠳᠴᠢᠯᠠᠯ ᠢ ᠭᠦᠢᠴᠡᠳ ᠪᠠᠳᠠᠷᠠᠭᠤᠯᠦᠨ᠂ ᠣᠯᠠᠨ ᠤ ᠰᠠᠨᠠᠯ ᠢ ᠦᠷᠭᠡᠨ ᠢᠶᠠᠷ ᠲᠦᠪᠯᠡᠷᠡᠭᠦᠯᠵᠦ᠂ ᠪᠣᠳᠣᠯ ᠰᠠᠨᠠᠯ ᠢᠶᠠᠨ ᠲᠡᠯᠭᠡᠵᠦ᠂ ᠪᠤᠳᠤᠬᠰᠠᠨ ᠰᠠᠨᠠᠬᠰᠠᠨ ᠢᠶᠠᠨ ᠠᠭᠤᠵᠢᠷᠠᠳᠠᠯ᠎ᠠ ᠶᠠᠷᠢᠵᠦ᠂ ᠨᠠᠮ ᠤᠨ ᠬᠤᠷᠢᠶ᠎ᠠ ᠶᠢᠨ ᠠᠵᠢᠯ ᠤᠨ ᠢᠯᠡᠳᠭᠡᠯ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠮᠠᠭᠠᠢ ᠬᠢᠨᠠᠨ ᠵᠦᠪᠯᠡᠵᠦ᠂ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠲᠠᠨᠢᠯᠳᠠ ᠶᠢ ᠨᠢᠭᠳᠠᠷᠠᠭᠤᠯᠵᠣ᠂ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠴᠦᠨ ᠴᠢᠳᠠᠯ ᠢ ᠲᠦᠪᠯᠡᠷᠡᠭᠦᠯᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠪᠦᠯᠭᠦᠮᠳᠡᠨ ᠲᠡᠮᠡᠴᠡᠵᠦ᠂ ᠪᠤᠴᠠᠯᠳᠠ ᠦᠭᠡᠢ ᠤᠷᠤᠬᠰᠢᠯᠠᠨ᠂ ᠪᠤᠭᠤᠮᠳᠠ ᠰᠢᠪᠳᠤᠯᠣᠨ ᠪᠡᠷᠭᠡ ᠶᠢ ᠲᠠᠪᠠᠵᠦ᠂ ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠡ ᠪᠠ ᠤᠳᠤᠬᠢᠴᠢᠯᠠᠬᠤ ᠪᠦᠲᠦᠭᠡᠨ ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠨᠡᠭᠡᠭᠡᠵᠦ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠠᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ ᠬᠡᠪᠡ᠃      ᠯᠢ ᠵᠢᠢ ᠾᠸᠡᠭ ᠴᠢᠬᠤᠯᠠᠴᠢᠯᠠᠬᠰᠠᠨ ᠨᠢ᠂ ᠡᠨᠡ ᠣᠳᠠᠭ᠎ᠠ ᠶᠢᠨ ᠬᠤᠷᠠᠯ ᠠᠴᠠ ᠰᠢᠨ᠎ᠠ ᠨᠢᠭᠡ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠬᠤ ᠪᠣᠯᠣᠨ᠎ᠠ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠭᠡᠯᠡᠭᠦ ᠰᠠᠶᠢᠨ ᠺᠠᠳ᠋ᠷ ᠢ ᠰᠤᠩᠭᠤᠨ ᠭᠠᠷᠭᠠᠵᠣ᠂ ᠪᠦᠳᠦᠴᠡ ᠨᠢ ᠰᠢᠯᠢᠳᠡᠭ ᠴᠢᠳᠠᠪᠬᠢ ᠨᠢ ᠴᠢᠩᠭ᠎ᠠ ᠰᠠᠶᠢᠨ ᠪᠠᠭ ᠢ ᠲᠤᠬᠢᠷᠠᠭᠤᠯᠬᠤ ᠨᠢ᠂ ᠲᠦᠪ ᠤᠨ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠣᠳᠠᠳᠠᠢ ᠳᠤ ᠰᠠᠶᠢᠳᠤᠷ ᠨᠠᠶᠢᠳᠠᠪᠤᠷᠢᠵᠢᠭᠤᠯᠵᠦ ᠲᠡᠶᠢᠯᠭᠦ ᠡᠰᠡᠭᠦ ᠲᠠᠢ ᠰᠢᠭᠤᠳ ᠬᠤᠯᠪᠤᠬᠳᠠᠨ᠎ᠠ᠂ ᠦᠪᠤᠷ ᠮᠤᠩᠭᠤᠯ ᠤᠨ ᠢᠷᠡᠭᠡᠳᠦᠢ ᠶᠢᠨ ᠬᠦᠭᠵᠢᠯᠳᠠ ᠶᠢᠨ ᠰᠠᠶᠢᠨ ᠰᠠᠶᠢᠬᠠᠨ ᠠᠤᠭ᠎ᠠ ᠲᠦᠰᠦᠪ ᠪᠡᠶᠡᠯᠡᠭᠳᠡᠵᠦ ᠲᠡᠶᠢᠯᠭᠦ ᠡᠰᠡᠭᠦ ᠲᠠᠢ ᠬᠤᠯᠪᠤᠬᠳᠠᠨ᠎ᠠ᠃ ᠤᠯᠠᠨ ᠢᠶᠠᠷ ᠢᠶᠠᠨ ᠨᠠᠮ᠂ ᠠᠷᠠᠳ ᠲᠦᠮᠡᠨ᠂ ᠦᠪᠤᠷ ᠮᠤᠩᠭᠤᠯ ᠤᠨ ᠢᠷᠡᠭᠡᠲᠦᠢ ᠶᠢᠨ ᠬᠦᠭᠵᠢᠯᠲᠡ ᠳᠤ ᠲᠡᠭᠡᠳᠤ ᠬᠡᠮᠵᠢᠶ᠎ᠡ ᠪᠠᠷ ᠬᠠᠷᠢᠭᠤᠴᠠᠬᠤ ᠤᠪᠤᠷ ᠢᠶᠠᠷ ᠡᠷᠭᠡ ᠪᠠᠨ ᠬᠡᠷᠡᠭᠵᠢᠭᠦᠯᠵᠦ᠂ ᠬᠠᠷᠢᠭᠤᠴᠠᠯᠭ᠎ᠠ ᠲᠠᠢ ᠨᠢᠭᠡᠨ ᠪᠢᠯᠧᠲ ᠢᠶᠠᠨ ᠦᠭᠭᠦ ᠬᠡᠷᠡᠭᠳᠡᠢ᠃ ᠬᠤᠨᠠᠨ ᠤ ᠾᠸᠡᠭ ᠶᠠᠩ᠂ ᠰᠧᠴᠤᠸᠠᠨ ᠤ ᠨᠠᠨ ᠴᠦᠡᠭ᠂ ᠯᠢᠶᠤᠤᠨᠢᠩ ᠵᠡᠷᠭᠡ ᠭᠠᠵᠠᠷ ᠤᠨ ᠰᠤᠩᠭᠤᠭᠤᠯᠢ ᠳᠤ ᠪᠢᠯᠧᠲ ᠤᠯᠬᠤ ᠪᠠᠷ ᠬᠠᠭ᠋ᠤᠤᠯᠢ ᠲᠦᠯᠭᠢᠭᠰᠡᠨ᠂ ᠰᠤᠩᠭᠤᠭᠤᠯᠢ ᠶᠢ ᠡᠪᠳᠡᠭᠰᠡᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠣ᠂ ᠲᠦᠪ ᠤᠨ ︽ᠶᠢᠰᠦ ᠶᠢ ᠴᠠᠭᠠᠵᠠᠯᠠᠬᠤ᠂ ᠶᠢᠰᠦᠨ ᠵᠠᠪᠠᠯ︾ ᠤᠨ ᠬᠤᠭᠤᠴᠠᠭ᠎ᠠ ᠰᠤᠯᠢᠬᠤ ᠪᠠ ᠰᠤᠩᠭᠤᠭᠤᠯᠢ ᠶᠢᠨ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠵᠦ᠂ ᠲᠡᠮᠤᠷ ᠮᠡᠲᠦ ᠬᠠᠳᠠᠭᠤ ᠰᠠᠬᠢᠯᠭ᠎ᠠ ᠪᠠᠳᠣ ᠪᠠᠷ ᠬᠤᠭᠤᠴᠠᠭ᠎ᠠ ᠰᠤᠯᠢᠬᠤ ᠰᠤᠩᠭᠤᠭᠤᠯᠢ ᠶᠢ ᠤᠪᠤᠷ ᠲᠦᠪ ᠰᠤᠷᠳᠠᠯ ᠴᠢᠭᠡᠴᠢ ᠮᠦᠷᠳᠡᠭᠡᠨ ᠤᠷᠤᠬᠰᠢᠳᠠᠢ ᠶᠠᠪᠤᠬᠳᠠᠬᠤ ᠶᠢ ᠪᠠᠳᠤᠯᠠᠬᠤ ᠬᠡᠷᠡᠭᠳᠡᠢ ᠬᠡᠪᠡ᠃      ᠪᠡᠯᠡᠳᠭᠡᠯ ᠬᠤᠷᠠᠯ‌‍ᠳᠥ ᠤᠷᠤᠯᠴᠠᠬᠰᠠᠨ ᠲᠦᠯᠦᠭᠡᠯᠡᠭᠴᠢᠳ ᠰᠡᠷᠡᠮᠵᠢ ᠶᠢᠨ ᠬᠦᠮᠦᠵᠢᠯ ᠤᠨ ᠹᠢᠯᠢᠮ ︽ᠲᠤᠯᠢᠳᠠᠯ ᠰᠤᠷᠭᠠᠮᠵᠢ︾ ᠪᠠ ︽ᠰᠡᠷᠡᠮᠵᠢ ᠶᠢᠨ ᠬᠤᠨᠭ᠍ᠬ᠎ᠠ︾ ᠶᠢ ᠰᠤᠨᠢᠷᠬᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号