2016 ᠣᠨ ᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/11/23
      2016 ᠣᠨ ᠳᠤ ᠮᠠᠨ ᠤ ᠣᠷᠣᠨ ᠠᠴᠠ ᠰᠤᠷᠤᠭᠴᠢ ᠡᠯᠰᠡᠬᠦ ᠣᠷᠣᠨ ᠤ ᠳᠣᠲᠣᠷ᠎ᠠ ᠭᠠᠳᠠᠨᠠᠬᠢ ᠨᠠᠰᠤᠨ ᠳᠤ ᠬᠥᠷᠦᠭᠰᠡᠳ ᠤᠨ ᠳᠡᠭᠡᠳᠦ ᠰᠤᠷᠭᠠᠭᠤᠯᠢ ᠨᠡᠶᠢᠲᠡ 97 ᠪᠠᠶᠢᠵᠤ᠂ 15985 ᠰᠤᠷᠤᠭᠴᠢ ᠡᠯᠰᠡᠬᠦ ᠪᠠᠷ ᠲᠥᠯᠥᠪᠯᠡᠪᠡ᠃      ᠣᠷᠣᠨ ᠤ ᠳᠣᠲᠣᠷ᠎ᠠ ᠭᠠᠳᠠᠨᠠᠬᠢ ᠪᠠᠷ ᠠᠩᠭᠢᠯᠠᠪᠠᠯ᠄ ᠣᠷᠣᠨ ᠤ ᠭᠠᠳᠠᠨᠠᠬᠢ ᠰᠤᠷᠭᠠᠭᠤᠯᠢ ᠳᠤ 7108 ᠬᠥᠮᠦᠨ᠂ ᠣᠷᠣᠨ ᠤ ᠲᠣᠲᠣᠷᠠᠬᠢ ᠰᠤᠷᠭᠠᠭᠤᠯᠢ ᠳᠤ 8877 ᠬᠥᠮᠦᠨ ᠡᠯᠰᠡᠨ᠎ᠡ︔      ᠰᠤᠷᠤᠯᠭ᠎ᠠ ᠶᠢᠨ ᠨᠠᠮᠲᠠᠷ ᠤᠨ ᠲᠡᠰ ᠳᠠᠪᠬᠤᠷᠭ᠎ᠠ ᠪᠠᠷ ᠠᠩᠭᠢᠯᠠᠪᠠᠯ᠄ ᠲᠤᠰᠬᠠᠶ ᠮᠡᠷᠭᠡᠵᠢᠯ ᠤᠨ ᠬᠢᠷᠢ ᠲᠦᠪᠰᠢᠨ ᠠᠴᠠ ᠵᠢᠩᠬᠢᠨᠢ ᠠᠩᠭᠢ ᠳᠤ 12631 ᠬᠥᠮᠦᠨ ᠳᠡᠪᠰᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠲᠦᠪᠰᠢᠨ ᠠᠴᠠ ᠵᠢᠩᠬᠢᠨᠢ ᠠᠩᠭᠢ ᠳᠤ 209 ᠬᠥᠮᠦᠨ ᠳᠡᠪᠰᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠲᠦᠪᠰᠢᠨ ᠠᠴᠠ ᠲᠤᠰᠬᠠᠶ ᠮᠡᠷᠭᠡᠵᠢᠯ ᠤᠨ ᠠᠩᠭᠢ ᠳᠤ 3145 ᠬᠥᠮᠦᠨ ᠳᠡᠪᠰᠢᠭᠦᠯᠦᠨ᠎ᠡ᠃     ᠲᠤᠰᠬᠠᠶ ᠮᠡᠷᠭᠡᠵᠢᠯ ᠤᠨ ᠬᠢᠷᠢ ᠲᠦᠪᠰᠢᠨ ᠠᠴᠠ ᠵᠢᠩᠬᠢᠨᠢ ᠠᠩᠭᠢ ᠳᠤ ᠳᠡᠪᠰᠢᠬᠦ ᠳᠤ᠄ ᠬᠢᠲᠠᠳ ᠢᠶᠠᠷ ᠬᠢᠴᠢᠶᠡᠯᠯᠡᠬᠦ ᠳᠤ 12344 ᠰᠤᠷᠤᠭᠴᠢ ᠡᠯᠰᠡᠨ᠎ᠡ᠂ ᠡᠭᠦᠨ ᠳᠤ ᠰᠣᠶᠣᠯ ᠲᠡᠦᠬᠡ ᠬᠢᠲᠠᠳ ᠡᠮᠨᠡᠯᠭᠡ ᠶᠢᠨ ᠲᠥᠷᠥᠯ ᠳᠤ 873 ᠬᠥᠮᠦᠨ᠂ ᠤᠷᠠᠯᠢᠭ ᠤᠨ ᠲᠥᠷᠥᠯ ᠳᠤ 152 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠳᠤ 2951 ᠬᠥᠮᠦᠨ᠂ ᠠᠵᠤ ᠠᠬᠤᠶ ᠶᠢᠨ ᠬᠠᠮᠢᠶᠠᠷᠤᠯᠲᠠ ᠶᠢᠨ ᠲᠦᠷᠦᠯ ᠳᠤ 3263 ᠬᠥᠮᠦᠨ᠂ ᠬᠠᠤᠯᠢ ᠶᠢᠨ ᠤᠬᠠᠭᠠᠨ ᠤ ᠲᠥᠷᠥᠯ ᠳᠤ 787 ᠬᠥᠮᠦᠨ᠂ ᠰᠤᠷᠭᠠᠨ ᠬᠥᠮᠦᠵᠢᠯ ᠤᠨ ᠤᠬᠠᠭᠠᠨ ᠤ ᠲᠦᠷᠦᠯ ᠳᠤ 1138 ᠬᠥᠮᠦᠨ᠂ ᠲᠠᠷᠢᠶᠠᠯᠠᠩ ᠤᠨ ᠤᠬᠠᠭᠠᠨ ᠤ ᠲᠥᠷᠥᠯ ᠳᠤ 529 ᠬᠥᠮᠦᠨ᠂ ᠠᠨᠠᠭᠠᠬᠤ ᠤᠬᠠᠭᠠᠨ ᠤ ᠲᠥᠷᠥᠯ ᠳᠤ 2651 ᠬᠥᠮᠦᠨ ᠡᠯᠰᠡᠨ᠎ᠡ︔ ᠮᠣᠩᠭᠤᠯ ᠢᠶᠠᠷ ᠬᠢᠴᠢᠶᠡᠯᠯᠡᠬᠦ ᠳᠤ 287 ᠰᠤᠷᠤᠭᠴᠢ ᠡᠯᠰᠡᠨ᠎ᠡ᠂ ᠡᠭᠦᠨ ᠳᠤ ᠰᠣᠶᠣᠯ ᠲᠡᠦᠬᠡ ᠬᠢᠲᠠᠳ ᠡᠮᠨᠡᠯᠭᠡ ᠶᠢᠨ ᠲᠥᠷᠥᠯ ᠳᠤ 264 ᠬᠥᠮᠦᠨ᠂ ᠤᠷᠠᠯᠢᠭ ᠤᠨ ᠲᠥᠷᠥᠯ ᠳᠤ 3 ᠬᠥᠮᠦᠨ᠂ ᠬᠠᠤᠯᠢ ᠶᠢᠨ ᠤᠬᠠᠭᠠᠨ ᠤ ᠲᠥᠷᠥᠯ ᠳᠤ 20 ᠬᠥᠮᠦᠨ ᠡᠯᠰᠡᠨ᠎ᠡ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠲᠦᠪᠰᠢᠨ ᠠᠴᠠ ᠵᠢᠩᠬᠢᠨᠢ ᠠᠩᠭᠢ ᠳᠤ ᠳᠡᠪᠰᠢᠬᠦ ᠳᠤ᠄ ᠬᠢᠲᠠᠳ ᠢᠶᠠᠷ ᠬᠢᠴᠢᠶᠡᠯᠯᠡᠬᠦ ᠲᠤ 207 ᠰᠤᠷᠤᠭᠴᠢ ᠡᠯᠰᠡᠨ᠎ᠡ᠂ ᠡᠭᠦᠨ ᠳᠤ ᠰᠣᠶᠣᠯ ᠲᠡᠦᠬᠡ ᠶᠢᠨ ᠲᠥᠷᠥᠯ ᠳᠤ 115 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠳᠤ 92 ᠬᠥᠮᠦᠨ ᠡᠯᠰᠡᠨ᠎ᠡ︔ ᠮᠣᠩᠭᠤᠯ ᠢᠶᠠᠷ ᠬᠢᠴᠢᠶᠡᠯᠯᠡᠬᠦ ᠳᠤ 2 ᠰᠤᠷᠤᠭᠴᠢ ᠡᠯᠰᠨ᠎ᠡ᠂ ᠡᠭᠦᠨ ᠳᠤ ᠰᠣᠶᠣᠯ ᠲᠡᠦᠬᠡ ᠶᠢᠨ ᠲᠥᠷᠥᠯ ᠳᠤ 2 ᠬᠥᠮᠦᠨ ᠡᠯᠰᠡᠨ᠎ᠡ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠲᠦᠪᠰᠢᠨ ᠠᠴᠠ ᠲᠤᠰᠬᠠᠶ ᠮᠡᠷᠭᠡᠵᠢᠯ ᠤᠨ ᠠᠩᠭᠢ ᠳᠤ ᠳᠡᠪᠰᠢᠬᠦ ᠳᠤ᠄ ᠬᠢᠲᠠᠳ ᠬᠡᠯᠡ ᠪᠠᠷ ᠬᠢᠴᠢᠶᠡᠯᠯᠬᠦ ᠳᠤ 2986 ᠰᠤᠷᠤᠭᠴᠢ ᠡᠯᠰᠡᠨ᠎ᠡ᠂ ᠡᠭᠦᠨ ᠳᠤ ᠰᠣᠶᠣᠯ ᠲᠡᠦᠬᠡ ᠶᠢᠨ ᠲᠥᠷᠥᠯ ᠳᠤ 1125 ᠬᠥᠮᠦᠨ᠂ ᠤᠷᠠᠯᠢᠭ ᠤᠨ ᠲᠥᠷᠥᠯ ᠳᠤ 56 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠳᠤ 1766 ᠬᠥᠮᠦᠨ᠂ ᠪᠡᠶ᠎ᠡ ᠶᠢᠨ ᠲᠠᠮᠢᠷ ᠤᠨ ᠲᠥᠷᠥᠯ ᠳᠤ 39 ᠬᠥᠮᠦᠨ ᠡᠯᠰᠡᠨ᠎ᠡ︔ ᠮᠣᠩᠭᠤᠯ ᠢᠶᠠᠷ ᠬᠢᠴᠢᠶᠡᠯᠯᠡᠬᠦ ᠳᠤ 159 ᠰᠤᠷᠤᠭᠴᠢ ᠡᠯᠰᠡᠵᠦ᠂ ᠡᠭᠦᠨ ᠳᠤ ᠰᠣᠶᠣᠯ ᠲᠡᠦᠬᠡ ᠶᠢᠨ ᠲᠥᠷᠥᠯ ᠳᠤ 69 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠳᠤ 90 ᠬᠥᠮᠦᠨ ᠡᠯᠰᠡᠨ᠎ᠡ᠃      ᠰᠤᠷᠤᠭᠴᠢ ᠡᠯᠰᠡᠬᠦ ᠬᠠᠮᠤᠭ ᠳᠣᠣᠷ᠎ᠠ ᠬᠢᠵᠠᠭᠠᠷᠯᠠᠬᠤ ᠬᠤᠪᠢ ᠶᠢ ᠣᠶᠢᠷ᠎ᠠ ᠳᠤ ᠨᠡᠶᠢᠲᠡᠯᠡᠬᠦ ᠪᠠᠷ ᠪᠤᠢ᠂ ᠥᠷᠭᠡᠨ ᠤᠯᠠᠨ ᠰᠢᠯᠭᠠᠭᠤᠯᠤᠭᠴᠢ ᠨᠠᠷ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾᠎ ᠶᠢᠨ ᠣᠯᠠᠨ ᠨᠡᠶᠢᠲᠡ ᠶᠢᠨ ᠸᠢᠴᠠᠲ ᠤᠨ ᠳᠠᠪᠴᠠᠩ ᠢ  ᠨᠢᠭᠲᠠ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠠᠴᠠ ᠨᠡᠶᠢᠲᠡᠯᠡᠭᠰᠡᠨ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ᠂ ᠠᠵᠢᠯ ᠤᠨ ᠠᠬᠢᠴᠠ᠂ ᠣᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠠ ᠰᠢᠯᠭᠠᠭᠤᠯᠤᠭᠰᠠᠳ ᠤᠨ ᠦᠢᠯᠡᠴᠢᠯᠡᠭᠡ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠣᠯᠵᠤ ᠂ ᠲᠣᠭᠲᠠᠭᠰᠠᠨ ᠬᠤᠭᠤᠴᠠᠭᠠᠨ ᠳᠤᠨᠢ ᠡᠷᠡᠮᠡᠯᠵᠡᠯᠡᠯ ᠢᠶᠠᠨ ᠲᠠᠭᠯᠠᠭᠠᠷᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号