ᠯᠢ ᠵᠢᠢ ᠾᠧᠩ : ᠬᠦᠭᠵᠢᠭᠦᠯᠬᠦ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠳᠠᠯᠠᠵᠤ ᠨᠡᠩ ᠠᠮᠢᠵᠢᠷᠠᠯ ᠲᠠᠢ ᠨᠡᠩ ᠦᠵᠡᠰᠭᠦᠯᠡᠩᠳᠦ ᠰᠠᠶᠢᠬᠠᠨ ᠨᠡᠩ ᠡᠶ᠎ᠡ ᠵᠤᠬᠢᠴᠠᠩᠭᠤᠢ ᠤᠳᠤᠬᠢᠴᠢᠯᠠᠬᠰᠠᠨ ᠣᠷᠣᠨ ᠤ ᠲᠦᠪ ᠬᠤᠳᠠ ᠶᠢ ᠪᠦᠳᠦᠭᠡᠨ ᠪᠠᠶᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2016-11-23
     ᠯᠢ ᠵᠢᠢ ᠾᠧᠩ ᠬᠦᠬᠡᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠳᠠᠭᠠᠨ ᠴᠢᠬᠤᠯᠠᠴᠢᠯᠠᠬᠰᠠᠨ ᠨᠢ ᠬᠦᠭᠵᠢᠭᠦᠯᠬᠦ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠳᠠᠯᠠᠵᠤ ᠨᠡᠩ ᠠᠮᠢᠵᠢᠷᠠᠯ ᠲᠠᠢ ᠨᠡᠩ ᠦᠵᠡᠰᠭᠦᠯᠡᠩᠳᠦ ᠰᠠᠶᠢᠬᠠᠨ ᠨᠡᠩ ᠡᠶ᠎ᠡ ᠵᠤᠬᠢᠴᠠᠩᠭᠤᠢ ᠤᠳᠤᠬᠢᠴᠢᠯᠠᠬᠰᠠᠨ ᠣᠷᠣᠨ ᠤ ᠲᠦᠪ ᠬᠤᠳᠠ ᠶᠢ ᠪᠦᠳᠦᠭᠡᠨ ᠪᠠᠶᠢᠭᠤᠯᠬᠤ ᠬᠡᠷᠡᠭᠳᠡᠢ
    11 ᠳ᠋ᠦ᠋ᠭᠡᠷ ᠰᠠᠷ᠎ᠠ ᠶᠢᠨ 22 ᠤᠨ ᠦᠳᠡ ᠶᠢᠨ ᠬᠤᠶᠢᠨ᠎ᠠ᠂ ᠯᠢ ᠵᠢᠢ ᠾᠧᠩ ᠨᠦᠬᠦᠷ ᠲᠦᠯᠦᠭᠡᠯᠡᠭᠴᠢ ᠶᠢᠨ ᠬᠤᠪᠢ ᠪᠠᠷ ᠬᠦᠬᠡᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠢᠯᠡᠳᠭᠡᠯ ᠢ ᠬᠢᠨᠠᠨ ᠵᠦᠪᠯᠡᠭᠦ ᠳᠤ ᠤᠷᠤᠯᠴᠠᠪᠠ᠃        11 ᠳ᠋ᠦ᠋ᠭᠡᠷ ᠰᠠᠷ᠎ᠠ ᠶᠢᠨ 22 ᠤᠨ ᠦᠳᠡ ᠶᠢᠨ ᠬᠤᠶᠢᠨ᠎ᠠ᠂ ᠯᠢ ᠵᠢᠢ ᠾᠧᠩ ᠨᠦᠬᠦᠷ ᠲᠦᠯᠦᠭᠡᠯᠡᠭᠴᠢ ᠶᠢᠨ ᠬᠤᠪᠢ ᠪᠠᠷ ᠬᠦᠬᠡᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠢᠯᠡᠳᠭᠡᠯ ᠢ ᠬᠢᠨᠠᠨ ᠵᠦᠪᠯᠡᠭᠦ ᠳᠤ ᠤᠷᠤᠯᠴᠠᠪᠠ᠃ ᠲᠡᠷᠡ ᠵᠢᠭᠠᠵᠣ ᠭᠠᠷᠭᠠᠭᠰᠠᠨ ᠨᠢ᠂ ᠬᠦᠭᠵᠢᠭᠦᠯᠬᠦ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠳᠠᠯᠠᠵᠤ᠂ ᠨᠡᠩ ᠠᠮᠢᠵᠢᠷᠠᠯ ᠲᠠᠢ ᠨᠡᠩ ᠦᠵᠡᠰᠭᠦᠯᠡᠩᠳᠦ ᠰᠠᠶᠢᠬᠠᠨ ᠨᠡᠩ ᠢ ᠎ᠠ ᠵᠤᠬᠢᠴᠠᠩᠭᠤᠢ ᠤᠳᠤᠬᠢᠴᠢᠯᠠᠬᠰᠠᠨ ᠣᠷᠣᠨ ᠤ ᠲᠦᠪ ᠬᠤᠳᠠ ᠶᠢ ᠪᠦᠳᠦᠭᠡᠨ ᠪᠠᠶᠢᠭᠤᠯᠬᠤ ᠬᠡᠷᠡᠭᠳᠡᠢ ᠭᠡᠪᠡ᠃     ᠬᠦᠬᠡᠬᠤᠳᠠ ᠶᠢᠨ ᠲᠦᠯᠦᠭᠡᠨᠯᠭᠴᠢᠳ ᠤᠨ ᠪᠦᠯᠬᠦᠮ ᠤᠨ ᠶᠠᠷᠢᠯᠴᠠᠭ᠎ᠠ ᠮᠠᠰᠢ ᠬᠦᠭᠵᠢᠶᠡᠨ ᠲᠠᠢ ᠶᠠᠪᠤᠬᠳᠠᠪᠠ᠃ ᠨᠠᠰᠤᠨᠮᠦ᠋ᠩᠭᠡ᠂ ᠯᠢ ᠵᠢᠶᠧ ᠰᠢᠶᠠᠩ᠂ ᠵᠦ ᠵᠢᠶᠠᠨ ᠬᠦᠸᠧ᠂ ᠹᠦ᠋ ᠲᠠᠢ ᠽᠧᠩ ᠵᠡᠷᠭᠡ ᠲᠦᠯᠦᠭᠡᠯᠡᠭᠴᠢ ᠤᠷᠢᠳ ᠬᠤᠵᠢᠳ ᠦᠭᠡ ᠬᠡᠯᠡᠵᠤ᠂ ᠪᠤᠳᠠᠳᠠᠢ ᠲᠠᠢ ᠪᠠᠨ ᠤᠶᠠᠯᠳᠤᠭᠤᠯᠤᠨ ᠦᠵᠡᠯᠳᠡ ᠲᠠᠨᠢᠯᠳᠠ ᠤᠯᠤᠯᠳᠠ ᠲᠦᠷᠦᠭᠳᠡᠯ ᠢᠶᠠᠨ ᠶᠠᠷᠢᠵᠤ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠬᠦᠢᠴᠡᠳ ᠨᠤᠳᠠᠯᠠᠬᠤ ᠶᠢᠨ ᠲᠠᠭᠠᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠲᠡᠪᠰᠢᠭᠦᠯᠵᠡᠢ᠃      ᠯᠢ ᠵᠢᠢ ᠾᠧᠩ ᠲᠦᠯᠦᠭᠡᠯᠡᠭᠴᠢᠳ ᠤᠨ ᠶᠠᠷᠢᠬᠤ ᠶᠢ ᠬᠢᠨᠨᠮᠠᠭᠠᠢ ᠰᠤᠨᠤᠰᠴᠤ᠂ ᠲᠦᠯᠦᠭᠡᠯᠡᠭᠴᠢᠳ ᠲᠠᠢ ᠰᠠᠨᠠᠯ ᠪᠤᠳᠤᠯ ᠢᠶᠠᠨ ᠰᠤᠯᠢᠯᠴᠠᠵᠠᠢ᠃ ᠯᠢ ᠵᠢᠢ ᠾᠧᠩ ᠬᠡᠯᠡᠭᠰᠡᠨ ᠨᠢ᠂ ᠡᠨᠡ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠤᠯ ᠲᠠᠷᠤᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠶᠠᠪᠤᠳᠠᠯ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠶᠢ ᠪᠠᠳᠤᠯᠠᠬᠤ ᠳᠤ᠂ ᠡᠷᠬᠡᠪᠰᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠳᠤᠳᠬᠠᠨ᠂ ︽ᠲᠦᠷᠪᠡᠨ ᠤᠬᠠᠮᠰᠠᠷ︾ ᠤᠨᠴᠠᠭᠠᠢᠢᠯᠠᠨ ᠭᠤᠤᠯᠯᠠᠭᠴᠢ ᠶᠢᠨ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ ᠴᠢᠩᠭᠠᠷᠠᠭᠤᠯᠵᠤ᠂ ᠦᠵᠡᠯ ᠰᠠᠨᠠᠭ᠎ᠠ ᠶᠢᠨ ᠲᠠᠯ᠎ᠠ ᠪᠠᠷ ᠭᠤᠤᠯᠯᠠᠬᠴᠢ ᠪᠠᠨ ᠡᠷᠡᠰ ᠬᠦᠷᠢᠶᠡᠯᠡᠵᠤ᠂ ᠤᠯᠤᠰ ᠲᠦᠷᠦ ᠶᠢᠨ ᠲᠠᠯ᠎ᠠ ᠪᠠᠷ ᠭᠤᠤᠯᠯᠠᠬᠴᠢ ᠪᠠᠨ ᠡᠷᠡᠰ ᠬᠠᠮᠠᠭᠠᠯᠠᠵᠤ᠂ ᠵᠤᠬᠢᠶᠠᠨ ᠪᠠᠶᠢᠭᠤᠯᠤᠯᠳᠠ ᠶᠢᠨ ᠲᠠᠯ᠎ᠠ ᠪᠠᠷ ᠤᠬᠠᠮᠰᠠᠷ ᠠᠴᠠ ᠪᠠᠨ ᠭᠤᠤᠯᠯᠠᠬᠴᠢ ᠪᠠᠨ ᠲᠠᠭᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠭᠤᠤᠯᠯᠠᠬᠴᠢ ᠪᠠᠨ ᠢᠮᠠᠬᠳᠠ ᠨᠢᠬᠳᠠ ᠲᠠᠭᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠨᠡᠩ ᠡᠷᠡᠰ ᠢᠶᠠᠷ ᠬᠠᠮᠠᠭᠠᠯᠠᠵᠤ᠂ ᠨᠡᠩ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠩ ᠯᠠᠪᠳᠠᠭᠤᠨ ᠪᠠᠳᠤᠳᠠᠢ ᠪᠤᠳᠠᠳᠠᠢ ᠳᠤ ᠨᠡᠶᠢᠳᠡᠪᠦᠷᠢᠵᠢᠭᠤᠯᠵᠤ᠂ ᠦᠪᠦᠷ ᠮᠤᠩᠭᠤᠯ ᠤᠨ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠭᠦ ᠬᠡᠷᠡᠭᠳᠡᠢ ᠬᠡᠪᠡ᠃      ᠯᠢ ᠵᠢᠢ ᠾᠧᠩ ᠬᠡᠯᠡᠭᠰᠡᠨ ᠨᠢ᠂ ᠲᠦᠪ ᠠᠴᠠ ᠡᠨᠡ ᠤᠳᠠᠭ᠎ᠠ ᠶᠢᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠠᠵᠢᠯ ᠳᠤ᠂ ᠢᠷᠡᠭᠡᠳᠦᠢ ᠶᠢᠨ ᠲᠦᠰᠦᠪ ᠢᠶᠠᠨ ᠰᠠᠶᠢᠳᠤᠷ ᠵᠢᠷᠤᠭᠯᠠᠬᠤ᠂ ᠰᠠᠶᠢᠨ ᠺᠠᠳ᠋ᠷ ᠢ ᠰᠤᠩᠭᠤᠨ ᠭᠠᠷᠭᠠᠬᠤ᠂ ᠰᠠᠶᠢᠨ ᠪᠠᠭ ᠢ ᠲᠤᠬᠢᠷᠠᠭᠤᠯᠬᠤ᠂ ᠰᠠᠶᠢᠨ ᠲᠦᠷᠢ ᠲᠦᠷᠭᠦ ᠲᠠᠢ ᠪᠣᠯᠬᠤ ︽ᠲᠦᠷᠪᠠᠨ ᠰᠠᠶᠢᠨ︾ ᠤ ᠬᠠᠷᠠᠯᠳᠠ ᠱᠠᠭᠠᠷᠳᠠᠯᠭ᠎ᠠ ᠶᠢ ᠲᠤᠷᠠᠳᠴᠤ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠰᠠᠶᠢᠳᠤᠷ ᠬᠤᠷᠠᠯᠳᠤᠭᠤᠯᠬᠤ ᠳᠤ ᠴᠢᠭᠯᠡᠯ ᠢ ᠵᠢᠭᠠᠨ ᠦᠭᠴᠡᠢ᠃ ᠲᠦᠯᠦᠭᠡᠯᠡᠭᠴᠢᠳ ᠶᠡᠭᠡ ᠲᠠᠯ᠎ᠠ ᠳᠤ ᠰᠠᠭᠤᠷᠢᠯᠠᠨ᠂ ᠪᠤᠳᠤᠯ ᠰᠠᠨᠠᠯ ᠢᠶᠠᠨ ᠲᠡᠯᠭᠡᠵᠤ᠂ ᠪᠤᠳᠤᠬᠰᠠᠨ ᠰᠠᠨᠠᠬᠰᠠᠨ ᠢᠶᠠᠨ ᠠᠭᠤᠵᠢᠷᠠᠳᠠᠯ᠎ᠠ ᠶᠠᠷᠢᠵᠤ᠂ ᠨᠠᠮ ᠤᠨ ᠲᠦᠪ ᠬᠤᠷᠢᠶ᠎ᠠ ᠶᠢᠨ ᠣᠯᠣᠰ ᠢ ᠵᠠᠰᠠᠵᠤ ᠵᠠᠰᠠᠭ ᠡᠷᠬᠢᠯᠡᠭᠦ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠪᠠ ᠲᠦᠪ ᠠᠴᠠ ᠦᠪᠦᠷ ᠮᠤᠩᠭᠤᠯ ᠳᠤ ᠲᠠᠯᠪᠢᠬᠰᠠᠨ ᠠᠵᠢᠯ ᠤᠨ ᠱᠠᠭᠠᠷᠳᠠᠯᠭ᠎ᠠ ᠶᠢ ᠵᠦᠪ ᠤᠨᠤᠪᠴᠢᠳᠠᠢ ᠡᠵᠡᠮᠰᠢᠵᠤ᠂ ᠦᠪᠦᠷ ᠮᠤᠩᠭᠤᠯ ᠤᠨ ᠠᠵᠤ ᠠᠬᠤᠢ ᠬᠠᠷᠠᠬᠠᠨ ᠬᠦᠭᠵᠢᠭᠡᠳᠦᠢ ᠭᠠᠵᠠᠷ ᠤᠷᠤᠨ ᠪᠤᠯᠬᠤ ᠦᠨᠳᠦᠰᠦᠨ ᠤᠷᠤᠨ ᠤ ᠪᠠᠶᠢᠳᠠᠯ ᠤᠨ ᠤᠨᠴᠠᠯᠢᠭ ᠢᠶᠠᠨ ᠵᠦᠪ ᠡᠵᠡᠮᠰᠢᠵᠤ᠂ ᠬᠦᠭᠵᠢᠯᠳᠡ ᠶᠢᠨ ᠬᠠᠷᠠᠯᠳᠠ ᠰᠡᠳᠬᠢᠴᠡ ᠪᠠᠨ ᠰᠢᠨᠵᠢᠯᠡᠭᠦ ᠤᠬᠠᠭᠠᠨᠴᠢ ᠪᠠᠷ ᠲᠤᠬᠳᠠᠭᠠᠨ᠂ ᠡᠯ᠎ᠠ ᠲᠠᠯ᠎ᠠ ᠶᠢᠨ ᠤᠶᠤᠨ ᠤᠬᠠᠭᠠᠨ ᠢ ᠲᠦᠪᠯᠡᠷᠡᠭᠦᠯᠦᠨ᠂ ᠨᠠᠷᠢᠯᠢᠭ ᠱᠤᠭᠤᠨ ᠨᠢᠮᠪᠠᠢ ᠰᠡᠶᠢᠯᠵᠤ ᠲᠠᠬᠢᠨ ᠲᠠᠪᠳᠠᠨ ᠵᠠᠰᠠᠨ ᠵᠠᠯᠠᠷᠠᠭᠤᠯᠵᠤ᠂ ᠢᠯᠡᠳᠭᠡᠯ ᠢ ᠲᠦᠪ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠬᠰᠠᠨ᠂ ᠤᠷᠤᠨ ᠤ ᠪᠠᠶᠢᠳᠠᠯ ᠤᠨᠴᠠᠯᠢᠭ ᠢᠶᠠᠨ ᠬᠦᠢᠴᠡᠳ ᠢᠯᠡᠷᠡᠭᠦᠯᠦᠭᠰᠡᠨ᠂ ᠪᠠᠶᠢᠳᠠᠯ ᠤᠨ ᠬᠦᠭᠵᠢᠯᠳᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠤᠯᠠᠨ ᠲᠦᠮᠡᠨ ᠤ ᠬᠦᠰᠡᠯ ᠪᠤᠳᠤᠯ ᠲᠠᠢ ᠲᠡᠭᠡᠳᠦ ᠬᠡᠮᠵᠢᠶ᠎ᠠ ᠪᠠᠷ ᠨᠡᠶᠢᠴᠡᠭᠰᠡᠨ᠂ ᠢᠷᠡᠭᠡᠳᠦᠢ ᠪᠠᠨ ᠪᠦᠳᠦᠮᠵᠢᠳᠡᠢ ᠬᠦᠳᠦᠯᠦᠨ ᠲᠠᠭᠠᠭᠤᠯᠬᠤ ᠬᠦᠳᠦᠯᠪᠦᠷᠢ ᠶᠢᠨ ᠴᠢᠨᠠᠷᠳᠠᠢ ᠪᠢᠴᠢᠭ ᠮᠠᠲ᠋ᠧᠷᠢᠶᠠᠯ ᠪᠤᠯᠭᠠᠬᠤ ᠶᠢ ᠬᠦᠰᠡᠵᠤ ᠪᠠᠶᠢᠨ᠎ᠠ ᠬᠡᠵᠡᠢ᠃      ᠯᠢ ᠵᠢᠢ ᠾᠧᠩ ᠬᠡᠯᠡᠭᠰᠡᠨ ᠨᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠬᠳᠠᠭᠠᠬᠰᠠᠨ ᠬᠠᠷᠠᠯᠳᠠ ᠡᠭᠦᠷᠭᠡ ᠶᠢ ᠪᠡᠶᠡᠯᠡᠭᠦᠯᠭᠦ ᠳᠤ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠤ ᠦᠷᠭᠦᠯᠵᠢᠯᠡᠨ ᠲᠡᠮᠡᠴᠡᠵᠤ ᠴᠦᠭᠦᠷᠡᠯ ᠦᠭᠡᠢ ᠴᠢᠷᠮᠠᠶᠢᠬᠤ ᠶᠢ ᠱᠠᠭᠠᠷᠳᠠᠨ᠎ᠠ᠃ ᠬᠦᠬᠡᠬᠤᠳᠠ ᠦᠪᠡᠷᠳᠡᠭᠡᠨ ᠵᠠᠰᠠᠬᠤ ᠤᠷᠤᠨ ᠤ ᠲᠦᠪ ᠬᠤᠳᠠ ᠪᠣᠯᠣᠭᠰᠠᠨ ᠤ ᠬᠤᠪᠢ ᠳᠤ᠂ ᠪᠦᠬᠦ ᠤᠷᠤᠨ ᠤ ᠬᠦᠭᠵᠢᠯᠳᠡ ᠶᠢᠨ ᠶᠡᠭᠡ ᠲᠠᠯ᠎ᠠ ᠳᠤ ᠮᠠᠰᠢ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ᠃ ᠬᠦᠬᠡᠬᠤᠳᠠ ᠬᠤᠳᠠ ᠶᠢᠨ ᠡᠯ ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠣᠷᠣᠨ ᠤ ᠲᠦᠪ ᠬᠤᠳᠠ ᠶᠢᠨ ᠤᠬᠠᠮᠰᠠᠷ ᠢᠶᠠᠨ ᠴᠢᠨᠠᠬᠰᠢᠳᠠ ᠴᠢᠩᠭᠠᠷᠠᠭᠤᠯᠤᠨ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠳᠠᠭᠠᠨ ᠪᠤᠳᠠᠳᠠᠢ ᠠᠵᠢᠯᠯᠠᠨ᠂ ᠪᠦᠬᠦ ᠤᠷᠤᠨ ᠤ ᠡᠮᠦᠨ᠎ᠠ ᠡᠩᠨᠡᠭᠡ ᠳᠤ ᠶᠠᠪᠣᠵᠣ᠂ ᠢᠯᠠᠩᠭᠤᠶ᠎ᠠ ᠬᠦᠭᠵᠢᠯᠳᠡ ᠪᠠᠨ ᠲᠦᠷᠭᠡᠳᠭᠡᠭᠦ᠂ ᠨᠡᠭᠡᠭᠡᠯᠳᠡ ᠬᠢᠵᠤ ᠬᠠᠮᠳᠤᠷᠠᠯᠴᠠᠬᠤ᠂ ᠬᠤᠳᠠ ᠬᠦᠳᠡᠭᠡ ᠶᠢ ᠨᠢᠭᠡᠳᠦᠯᠳᠡᠢ ᠲᠦᠯᠦᠪᠵᠢᠭᠦᠯᠭᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠪᠦᠯᠬᠦᠮᠳᠡᠨ ᠵᠤᠬᠢᠴᠠᠯᠳᠤᠬᠤ ᠲᠠᠯ᠎ᠠ ᠪᠠᠷ ᠪᠤᠳᠠᠳᠠᠢ ᠳᠤ ᠠᠵᠢᠯᠯᠠᠨ᠂ ᠡᠮᠦᠨ᠎ᠠ ᠡᠩᠨᠡᠭᠡ ᠳᠤ ᠶᠠᠪᠤᠵᠤ᠂ ᠨᠡᠩ ᠠᠮᠢᠵᠢᠷᠠᠯ ᠲᠠᠢ ᠨᠡᠩ ᠦᠵᠡᠰᠭᠦᠯᠡᠩᠳᠦ ᠰᠠᠶᠢᠬᠠᠨ ᠨᠡᠩ ᠡᠶ᠎ᠡ ᠵᠤᠬᠢᠴᠠᠩᠭᠤᠢ ᠤᠳᠤᠬᠢᠴᠢᠯᠠᠭᠰᠠᠨ ᠣᠷᠣᠨ ᠤ ᠲᠦᠪ ᠬᠤᠳᠠ ᠶᠢ ᠪᠦᠳᠦᠭᠡᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠡᠯᠳᠠ ᠶᠢ ᠲᠡᠮᠡᠴᠡᠨ ᠤᠯᠬᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠤ ᠪᠠᠶᠢᠨ᠎ᠠ ᠬᠡᠪᠡ᠃      ᠯᠢ ᠵᠢᠢ ᠾᠧᠩ ᠬᠡᠯᠡᠭᠰᠡᠨ ᠨᠢ᠂ ᠦᠪᠡᠷᠳᠡᠭᠡᠨ ᠵᠠᠰᠬᠠᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠣᠷᠣᠨ ᠤ ᠲᠦᠪ ᠬᠤᠳᠠ ᠶᠢᠨ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠡᠯ᠎ᠠ ᠵᠦᠢᠯ ᠤᠨ ᠠᠵᠢᠯ ᠢᠶᠠᠨ ᠰᠠᠶᠢᠳᠤᠷ ᠠᠳᠬᠤᠬᠤ ᠶᠢᠨ ᠦᠨᠳᠦᠰᠦᠨ ᠪᠠᠳᠤᠯᠠᠭ᠎ᠠ ᠨᠢ ᠪᠦᠬᠦ ᠲᠠᠯ᠎ᠠ ᠪᠠᠷ ᠨᠠᠮ ᠢᠶᠠᠨ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠠᠪᠣᠳᠠᠯ ᠪᠣᠯᠣᠨ᠎ᠠ᠃ ᠬᠦᠬᠡᠬᠤᠳᠠ ᠶᠢᠨ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠡᠭᠦᠷᠭᠡ ᠶᠢ ᠪᠤᠳᠠᠳᠠᠢ ᠳᠤ ᠨᠡᠶᠢᠳᠡᠪᠦᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠ ᠣᠯᠣᠰ ᠢ ᠵᠠᠰᠠᠵᠤ ᠵᠠᠰᠠᠭ ᠡᠷᠬᠢᠯᠡᠭᠦ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠵᠤ᠂ ᠦᠨᠡᠨᠴᠢ ᠰᠢᠳᠤᠷᠭᠤ ᠠᠷᠢᠭᠤᠨ ᠴᠢᠭᠡᠴᠢ ᠬᠷᠢᠭᠤᠴᠠᠯᠭ᠎ᠠ ᠡᠭᠦᠷᠭᠡᠯᠡᠭᠦ ᠦᠨᠳᠦᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠰᠤᠷᠳᠠᠯ ᠤᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠭᠦ ᠲᠠᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠤᠨ᠂ ᠤᠪᠤᠷ ᠲᠦᠪ ᠰᠤᠷᠳᠠᠯ ᠴᠢᠭᠡᠴᠢ᠂ ᠠᠵᠢᠯ ᠬᠢᠵᠤ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠬᠳᠠᠭᠠᠬᠰᠠᠨ ᠬᠠᠷᠠᠯᠳᠠ ᠡᠭᠦᠷᠭᠡ ᠶᠢ ᠪᠡᠶᠡᠯᠡᠭᠦᠯᠭᠦ ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号