ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2016-11-23
     11 ᠳ᠋ᠦ᠋ᠭᠡᠷ ᠰᠠᠷ᠎ᠠ ᠶᠢᠨ 22 ᠤᠨ ᠦᠳᠡ ᠶᠢᠨ ᠡᠮᠦᠨ᠎ᠡ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠦᠪᠦᠷ ᠮᠣᠩᠭᠤᠯ ᠤᠨ ᠠᠷᠠᠳ ᠤᠨ ᠬᠤᠷᠠᠯ ᠤᠨ ᠳᠠᠩᠬᠢᠮ ᠳᠤ ᠥᠪᠳᠡᠭᠰᠢ ᠶᠡᠬᠡᠪᠡᠷ ᠡᠬᠢᠯᠡᠪᠡ  
     ᠯᠢ ᠵᠢᠢ ᠾᠧᠩ ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ᠢᠯᠡᠳᠭᠡᠯ ᠬᠢᠪᠡ
     ᠪᠦ᠋ ᠰᠢᠶᠣᠣ ᠯᠢᠨ ᠬᠤᠷᠠᠯ ᠡᠷᠬᠢᠯᠡᠵᠡᠢ      11 ᠳ᠋ᠦ᠋ᠭᠡᠷ ᠰᠠᠷ᠎ᠠ ᠶᠢᠨ 22 ᠤᠨ ᠦᠳᠡ ᠶᠢᠨ ᠡᠮᠦᠨ᠎ᠡ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠦᠪᠦᠷ ᠮᠣᠩᠭᠤᠯ ᠤᠨ ᠠᠷᠠᠳ ᠤᠨ ᠬᠤᠷᠠᠯ ᠤᠨ ᠳᠠᠩᠬᠢᠮ ᠳᠤ ᠥᠪᠳᠡᠭᠰᠢ ᠶᠡᠬᠡᠪᠡᠷ ᠡᠬᠢᠯᠡᠪᠡ᠃ ᠯᠢ ᠵᠢᠢ ᠾᠧᠩ ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ︽ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠳᠣᠭᠤᠷᠢᠨ ᠳᠤ ᠨᠢᠭᠳᠠᠷᠠᠨ ᠪᠦᠯᠬᠦᠮᠳᠡᠵᠦ ᠡᠬᠡ ᠣᠯᠣᠰ ᠤᠨ ᠣᠮᠠᠷᠠᠳᠣ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ ᠪᠠᠶᠢᠭᠤᠯᠣᠶ᠎ᠠ︾ ᠭᠡᠰᠡᠨ ᠰᠡᠳᠦᠪ ᠢᠶᠠᠷ ᠢᠯᠡᠳᠭᠡᠯ ᠬᠢᠪᠡ᠃ ᠯᠢ ᠵᠢᠢ ᠾᠧᠩ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠣᠷᠣᠨ  ᠤ ᠠᠷᠪᠠᠳᠣᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯ᠂ ᠮᠠᠨ ᠤ ᠣᠷᠣᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠱᠠᠳᠣᠨ ᠳᠤ ᠣᠷᠣᠭᠰᠠᠨ ᠪᠠ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠳᠣᠣᠱᠯᠠᠭᠤᠯᠵᠣ ᠪᠠᠶᠢᠭ᠎ᠠ ᠴᠢᠬᠤᠯᠠ ᠴᠠᠭ ᠮᠦᠴᠡ ᠳᠤ ᠬᠤᠷᠠᠯᠳᠣᠭᠤᠯᠣᠭᠰᠠᠨ ᠨᠢᠭᠡ ᠣᠳᠠᠭ᠎ᠠ ᠶᠢᠨ ᠣᠷᠢᠳᠣᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠭᠡᠷᠡᠭᠦᠯᠬᠦ᠂ ᠤᠷᠢᠳᠤᠭᠢ ᠶᠢ ᠵᠠᠯᠭᠠᠮᠵᠢᠯᠠᠵᠦ ᠬᠤᠶᠢᠰᠢᠭᠢ ᠳᠤ ᠵᠠᠮ ᠨᠡᠭᠡᠭᠡᠬᠦ ᠬᠤᠷᠠᠯ ᠪᠣᠯᠣᠨ᠎ᠠ᠃ ᠶᠡᠭᠡ ᠬᠤᠷᠠᠯ ᠤᠨ ᠭᠤᠣᠯ ᠰᠡᠳᠦᠪ ᠪᠣᠯ᠄ ᠳᠣᠮᠳᠠᠳᠣ ᠣᠯᠣᠰ  ᠤᠨ ᠣᠨᠴᠠᠯᠢᠭ ᠲᠠᠢ ᠨᠡᠶᠢᠭᠡᠮ ᠵᠢᠷᠣᠮ ᠤᠨ ᠠᠭᠤᠣ ᠶᠡᠭᠡ ᠳᠤᠭ ᠢ ᠦᠨᠳᠦᠷ ᠮᠠᠨᠳᠣᠭᠤᠯᠵᠣ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠳᠣᠭᠤᠷᠢᠨ ᠳᠤ ᠨᠢᠭᠳᠠᠷᠠᠨ ᠪᠦᠯᠬᠦᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠣᠨ ᠲᠦᠷᠦ ᠶᠢ ᠵᠠᠰᠠᠵᠣ ᠵᠠᠰᠠᠭ ᠢ ᠡᠷᠬᠢᠯᠡᠬᠦ ᠰᠢᠨ᠎ᠡ ᠣᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠣᠬᠤ ᠪᠣᠳᠣᠯᠭ᠎ᠠ ᠶᠢ ᠭᠦᠨᠵᠡᠭᠡᠢ ᠳᠣᠣᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ ᠬᠠᠷᠢᠯᠴᠠᠨ ᠬᠠᠪᠰᠣᠷᠣᠯᠴᠠᠵᠣ᠂ ᠪᠦᠯᠬᠦᠮᠳᠡᠨ ᠳᠡᠮᠡᠴᠡᠵᠦ᠂ ᠪᠣᠴᠠᠯᠳᠠ ᠦᠭᠡᠢ ᠣᠷᠣᠭᠰᠢᠯᠠᠵᠣ᠂ ᠡᠬᠡ ᠣᠯᠣᠰ ᠤᠨ ᠣᠮᠠᠷᠠᠳᠣ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠶᠠᠪᠣᠳᠠᠯ ᠪᠣᠯᠣᠨ᠎ᠠ ᠭᠡᠵᠡᠢ᠃      ᠦᠪᠦᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠲᠦᠪ ᠶᠡᠬᠡᠮᠰᠦᠭ ᠪᠦᠭᠡᠳ ᠪᠠᠶᠠᠷ ᠬᠦᠷ ᠢᠶᠠᠷ ᠪᠢᠯᠬᠠᠨ᠎ᠠ᠃ ᠪᠦᠬᠦ ᠣᠷᠣᠨ ᠤ ᠡᠯ᠎ᠡ ᠹᠷᠣᠨᠲ ᠠᠴᠠ ᠢᠷᠡᠭᠰᠡᠨ ᠨᠠᠮ ᠤᠨ ᠲᠦᠯᠦᠭᠡᠯᠡᠭᠴᠢᠳ ᠬᠦᠨᠳᠦ ᠨᠠᠶᠢᠳᠠᠯᠭ᠎ᠠ ᠶᠢ ᠬᠦᠯᠢᠶᠡᠵᠦ᠂ ᠬᠡᠭᠦᠳᠡᠭ ᠳᠦᠭᠦᠷᠡᠩ ᠬᠦᠰᠡᠯ ᠡᠷᠡᠮᠡᠯᠵᠡᠯ ᠢ ᠡᠪᠦᠷᠯᠡᠨ᠂ ᠢᠳᠡᠷᠬᠡᠭ ᠠᠯᠬᠤᠭ᠎ᠠ ᠪᠠᠷ ᠬᠤᠷᠠᠯ ᠤᠨ ᠳᠠᠯᠠᠪᠠᠢ ᠳᠤ ᠠᠯᠬᠤᠨ ᠣᠷᠣᠵᠠᠭᠠᠯ᠎ᠠ᠃ ᠳᠡᠷᠢᠭᠦᠯᠡᠭᠴᠢᠳ ᠤᠨ ᠳᠠᠶᠢᠰᠠᠨ ᠤ ᠳᠡᠭᠡᠷ᠎ᠡ ᠳᠠᠯ᠎ᠠ ᠳᠤ ᠮᠣᠩᠭᠤᠯ ᠬᠢᠳᠡᠳ ᠢᠶᠠᠷ ᠪᠢᠴᠢᠭᠰᠡᠨ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ︾ ᠭᠡᠰᠡᠨ ᠬᠤᠷᠠᠯ ᠤᠨ ᠢᠯᠡᠷᠬᠡᠶᠢᠯᠡᠯ ᠢ ᠡᠯᠭᠦᠵᠦ᠂ ᠠᠷᠣ ᠬᠦᠰᠢᠭᠡ ᠶᠢᠨ ᠬᠢᠨᠢ ᠭᠤᠣᠯ ᠳᠣᠮᠳᠠ ᠠᠷᠪᠠᠨ ᠭᠠᠯ ᠣᠯᠠᠭᠠᠨ ᠳᠤᠭ ᠰᠢᠵᠢᠷ ᠬᠢᠯᠪᠠᠭ᠎ᠠ ᠰᠠᠴᠣᠷᠠᠭᠤᠯᠣᠭᠰᠠᠨ ᠨᠠᠮ ᠤᠨ ᠰᠦᠯᠳᠡ ᠶᠢ ᠬᠦᠷᠢᠶᠡᠯᠡᠵᠦ ᠨᠡᠩ ᠭᠤᠶᠣ ᠪᠣᠯᠭᠠᠪᠠ᠃ ᠬᠤᠶᠠᠳᠣᠭᠠᠷ ᠳᠠᠪᠬᠤᠷᠯᠢᠭ ᠤᠨ ᠪᠠᠷᠠᠯᠠᠬᠤ ᠳᠠᠶᠢᠰᠠᠨ ᠳᠡᠭᠡᠷ᠎ᠡ ︽ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠳᠣᠭᠤᠷᠢᠨ ᠳᠤ ᠨᠢᠭᠳᠠᠷᠠᠨ ᠪᠦᠯᠬᠦᠮᠳᠡᠵᠦ᠂ ᠡᠬᠡ ᠣᠯᠣᠰ ᠤᠨ ᠣᠮᠠᠷᠠᠳᠣ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ ᠪᠠᠶᠢᠭᠤᠯᠣᠶ᠎ᠠ︾ ᠭᠡᠰᠡᠨ ᠬᠦᠨᠳᠡᠯᠡᠨ ᠪᠢᠴᠢᠭᠡᠰᠦ ᠡᠯᠭᠦᠵᠡᠢ᠃ ᠶᠡᠭᠡ ᠬᠤᠷᠠᠯ ᠤᠨ ᠭᠦᠢᠴᠡᠳᠭᠡᠭᠴᠢ ᠳᠡᠷᠢᠭᠦᠯᠡᠭᠴᠢ ᠯᠢ ᠵᠢᠢ ᠾᠧᠩ᠂ ᠪᠦ᠋ ᠰᠢᠶᠣᠣ ᠯᠢᠨ᠂ ᠸᠠᠩ ᠵᠢᠶᠦ᠋ᠨ᠂ ᠷᠧᠨ ᠶᠠ ᠫᠢᠩ᠂ ᠸᠠᠩ ᠵᠠᠨ᠂ ᠯᠢ ᠵᠢᠶᠠ᠂ ᠵᠠᠩ ᠵᠢᠶᠠᠨ ᠮᠢᠨ᠂ ᠨᠠᠰᠣᠨᠮᠦ᠋ᠩᠬᠡ᠂ ᠸᠠᠩ ᠵᠦᠩ ᠾᠧ᠂ ᠸᠠᠩ ᠯᠢ ᠰᠢᠶᠠ᠂ ᠶᠠᠩ ᠵᠢᠶᠦ᠋ᠨ ᠰᠢᠩ᠂ ᠽᠧᠩ ᠢ ᠴᠦᠨ᠂ ᠯᠢᠦ ᠴᠢ ᠹᠠᠨ᠂ ᠵᠠᠩ ᠶᠣᠸᠠᠨ ᠵᠦᠩ᠂ ᠬᠤᠷᠴᠠ᠂ ᠴᠢᠨ ᠢ᠂ ᠵᠠᠩ ᠡᠸ᠋ᠨ ᠬᠤᠢ᠂ ᠣᠣ ᠬᠤᠢ ᠷᠠᠨ᠂ ᠬᠠᠶᠢᠳᠠᠩ ᠲᠡᠷᠢᠭᠦᠯᠡᠭᠴᠢᠳ ᠤᠨ ᠳᠠᠶᠢᠰᠠᠨ ᠤ ᠡᠮᠦᠨ᠎ᠡ ᠮᠦᠷ ᠲᠤ ᠰᠠᠭᠠᠳᠠᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ᠂ ᠲᠦᠯᠦᠭᠡᠯᠡᠭᠴᠢᠳ ᠤᠨ ᠳᠣᠳᠣᠷᠠᠬᠢ ᠮᠣᠵᠢ ᠠᠷᠮᠢ ᠶᠢᠨ ᠳᠡᠰ ᠤᠨ ᠺᠠᠳ᠋ᠷ᠂ ᠰᠣᠯᠠ ᠣᠷᠣᠯᠴᠠᠭᠰᠠᠳ ᠤᠨ ᠳᠣᠳᠣᠷᠠᠬᠢ ᠮᠣᠵᠢ ᠠᠷᠮᠢ ᠶᠢᠨ ᠳᠡᠰ  ᠤᠨ ᠠᠵᠢᠯ ᠠᠴᠠ ᠪᠠᠨ ᠳᠠᠷᠬᠠᠯᠠᠭᠳᠠᠵᠣ ᠠᠵᠢᠯ ᠠᠴᠠ ᠪᠠᠨ ᠠᠮᠠᠷᠠᠭᠰᠠᠨ ᠺᠠᠳ᠋ᠷ ᠵᠢᠴᠢ ᠣᠷᠢᠭᠰᠠᠨ ᠵᠣᠴᠢᠳ ᠤᠨ ᠳᠣᠳᠣᠷᠠᠬᠢ ᠡᠯ᠎ᠡ ᠠᠷᠠᠳᠴᠢᠯᠠᠭᠰᠠᠨ ᠨᠠᠮ ᠪᠦᠯᠦᠭ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠶᠢᠨ ᠬᠠᠷᠢᠭᠤᠴᠠᠯᠭᠠᠳᠠᠨ ᠪᠠᠰᠠ ᠲᠡᠷᠢᠭᠦᠯᠡᠭᠴᠢᠳ ᠤᠨ ᠳᠠᠶᠢᠰᠠᠨ ᠳᠤ ᠰᠠᠭᠠᠳᠠᠵᠠᠢ᠃ ᠨᠠᠮ ᠤᠨ ᠲᠦᠪ ᠬᠤᠷᠢᠶ᠎ᠠ ᠦᠪᠦᠷ ᠮᠣᠩᠭᠤᠯ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠲᠦᠪ ᠤᠨ ᠵᠣᠬᠢᠶᠠᠨ ᠪᠠᠶᠢᠭᠤᠯᠬᠤ ᠬᠡᠯᠳᠡᠰ ᠤᠨ ᠱᠠᠯᠠᠪᠳᠠᠭᠤᠯᠣᠨ ᠵᠢᠯᠣᠭᠤᠳᠬᠤ ᠳᠣᠭᠤᠢᠢᠯᠠᠩ ᠳᠣᠰᠬᠠᠢᠢᠯᠠᠨ ᠬᠤᠷᠠᠯ ᠳᠤ ᠣᠷᠣᠯᠴᠠᠵᠣ ᠵᠢᠭᠠᠨ ᠵᠢᠯᠣᠭᠤᠳᠴᠠᠢ᠃      ᠪᠦ᠋ ᠰᠢᠶᠣᠣ ᠯᠢᠨ ᠶᠡᠭᠡ ᠬᠤᠷᠠᠯ ᠢ ᠡᠷᠬᠢᠯᠡᠵᠡᠢ᠃ ᠦᠳᠡ ᠶᠢᠨ ᠡᠮᠦᠨᠡᠬᠢ 9 ᠴᠠᠭ ᠲᠤ᠂ ᠬᠤᠷᠠᠯ ᠡᠬᠢᠯᠡᠵᠦ᠂ ᠪᠦᠭᠦᠳᠡᠭᠡᠷ ᠢᠶᠠᠨ ᠪᠣᠰᠴᠠᠭᠠᠨ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠯᠣᠰ ᠤᠨ ᠰᠦᠯᠳᠡ ᠳᠠᠭᠤᠣ︾ ᠶᠢ ᠳᠠᠭᠤᠯᠠᠵᠠᠭᠠᠪᠠ᠃      ᠶᠡᠭᠡ ᠬᠤᠷᠠᠯ ᠳᠤ ᠣᠷᠣᠯᠴᠠᠪᠠᠰᠣ ᠵᠣᠬᠢᠬᠤ 665 ᠲᠦᠯᠦᠭᠡᠯᠡᠭᠴᠢ ᠶᠢᠨ 659 ᠬᠦᠮᠦᠨ ᠨᠢ ᠬᠤᠷᠠᠯ ᠳᠤ ᠣᠷᠣᠯᠴᠠᠵᠠᠢ᠃      ᠯᠢ ᠵᠢᠢ ᠾᠧᠩ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠭᠡᠯ ᠨᠢ ᠨᠠᠢᠮᠠᠨ ᠪᠦᠯᠦᠭ ᠢᠶᠠᠷ ᠪᠦᠷᠢᠯᠳᠦᠵᠡᠢ᠄ ᠨᠢᠭᠡ᠂ ᠦᠩᠭᠡᠷᠡᠭᠰᠡᠨ ᠳᠠᠪᠣᠨ ᠵᠢᠯ ᠤᠨ ᠠᠵᠢᠯ ᠤᠨ ᠡᠷᠭᠢᠴᠡᠭᠦᠯᠦᠯ︔ ᠬᠤᠶᠠᠷ᠂ ᠵᠠᠩᠭᠢᠯᠠᠭ᠎ᠠ ᠶᠢᠨ ᠴᠠᠭ ᠦᠶ᠎ᠡ ᠶᠢᠨ ᠪᠠᠶᠢᠳᠠᠯ ᠪᠠ ᠡᠭᠦᠷᠭᠡ︔ ᠭᠤᠷᠪᠠ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ︔ ᠳᠦᠷᠪᠡ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠢᠳᠡᠪᠬᠢᠳᠠᠢ ᠬᠦᠭᠵᠢᠭᠦᠯᠦᠨ᠎ᠠ︔ ᠳᠠᠪᠤ᠂ ᠨᠡᠶᠢᠭᠡᠮ ᠵᠢᠷᠤᠮ ᠤᠨ ᠳᠡᠷᠢᠭᠦᠨ ᠤ ᠰᠤᠶᠤᠯ ᠢ ᠶᠡᠭᠡᠪᠠᠷ ᠪᠠᠳᠠᠷᠠᠭᠤᠯᠤᠨ᠎ᠠ︔ ᠵᠢᠷᠭᠤᠭ᠎ᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠣᠶᠠᠨ ᠵᠢᠷᠭᠠᠯ ᠢ ᠬᠦᠴᠦᠯᠡᠨ ᠨᠡᠮᠡᠭᠳᠡᠭᠦᠯᠦᠨ᠎ᠡ︔ ᠲᠤᠯᠤᠭ᠎ᠠ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢ ᠪᠦᠬᠦ ᠲᠠᠯ᠎ᠡ ᠪᠠᠷ ᠴᠢᠩᠭᠠᠳᠬᠠᠨ᠎ᠠ︔ ᠨᠠᠢᠮᠠ᠂ ᠪᠦᠬᠦ ᠲᠠᠯ᠎ᠡ ᠪᠠᠷ ᠨᠠᠮ ᠢᠶᠠᠨ ᠴᠢᠩᠭ᠎ᠠ ᠵᠠᠰᠠᠬᠤ ᠶᠢ ᠬᠦᠨᠵᠡᠬᠡᠢ ᠠᠬᠢᠭᠤᠯᠤᠨ᠎ᠠ᠃ ᠯᠢ ᠵᠢᠢ ᠾᠧᠩ ᠡᠩ ᠳᠡᠷᠢᠭᠦᠨ ᠳᠤ ᠵᠢᠭᠠᠵᠣ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠡᠨ ᠤ ᠵᠢᠷᠭᠤᠳᠤᠭᠠᠷ ᠪᠦᠬᠦᠳᠡ ᠬᠤᠷᠠᠯ ᠤᠨ ᠬᠠᠮᠤᠭ ᠤᠨ ᠬᠦᠰᠢᠶ᠎ᠡ ᠲᠤᠷᠠᠰᠬᠠᠯ ᠤᠨ ᠴᠢᠨᠠᠷᠳᠠᠢ ᠲᠡᠤᠭᠡᠳᠤ ᠴᠢᠨᠠᠷᠳᠠᠢ ᠠᠴᠢ ᠬᠤᠯᠪᠤᠭᠳᠠᠯ ᠪᠦᠬᠦᠢ ᠦᠷ᠎ᠡ ᠪᠦᠳᠦᠭᠡᠯ ᠪᠤᠯ᠂ ᠳᠠᠷᠣᠢ ᠶᠡᠷᠦᠩᠭᠡᠢ ᠱᠦᠵᠢ ᠰᠢ ᠶᠢᠨ ᠫᠢᠩ ᠤᠨ ᠭᠤᠤᠯᠠᠬᠴᠢ ᠪᠠᠶᠢᠷᠢ ᠰᠠᠭᠤᠷᠢ ᠶᠢ ᠲᠤᠳᠤᠷᠬᠠᠢᠢᠯᠠᠵᠣ᠂ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ︾ ᠬᠡᠳᠡᠭ ᠢ ᠵᠢᠩᠬᠢᠨᠢ ᠪᠠᠷ ᠲᠤᠷᠠᠳᠤᠭᠰᠠᠨ ᠶᠠᠪᠤᠳᠠᠯ ᠪᠤᠯᠤᠨ᠎ᠠ᠃ ᠬᠢᠯᠢ ᠬᠢᠵᠠᠭᠠᠷ ᠤᠨ ᠦᠨᠳᠦᠰᠦᠳᠡᠨ ᠤ ᠭᠠᠵᠠᠷ ᠤᠷᠤᠨ ᠪᠤᠯᠤᠭᠰᠠᠨ ᠤ ᠬᠤᠪᠢ ᠳᠤ᠂ ᠦᠪᠦᠷ ᠮᠤᠩᠭᠤᠯ ᠤᠨ 2500 ᠭᠠᠷᠤᠢ ᠲᠦᠮᠡᠨ ᠦᠨᠳᠦᠰᠦᠳᠡᠨ ᠨᠦᠭᠦᠳ ᠤᠨ ᠠᠷᠠᠳ ᠲᠦᠮᠡᠨ ᠶᠡᠷᠦᠩᠭᠡᠢ ᠱᠦᠵᠢ ᠰᠢ ᠶᠢᠨ ᠫᠢᠩ ᠤᠨ ᠭᠤᠤᠯᠯᠠᠬᠴᠢ ᠪᠠᠶᠢᠷᠢ ᠰᠠᠭᠤᠷᠢ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ᠡᠷᠡᠰ ᠬᠠᠮᠠᠭᠠᠯᠠᠨ᠎ᠠ᠃ ᠪᠢᠳᠡ ︽ᠲᠦᠷᠪᠡᠨ ᠤᠬᠠᠮᠰᠠᠷ︾ ᠤᠨᠴᠠᠭᠠᠢᠢᠯᠠᠨ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠭᠰᠢᠳᠠ ᠴᠢᠩᠭᠠᠷᠠᠭᠤᠯᠵᠣ᠂ ᠦᠵᠡᠯ ᠰᠠᠨᠠᠭ᠎ᠠ ᠶᠢᠨ ᠲᠡᠯ᠎ᠡ ᠪᠠᠷ ᠭᠤᠤᠯ ᠪᠤᠯᠬᠤ ᠶᠢ ᠦᠨᠡᠨ ᠰᠡᠳᠬᠢᠯ ᠠᠴᠠ ᠪᠠᠨ ᠬᠦᠷᠢᠶᠡᠯᠡᠵᠦ᠂ ᠤᠯᠤᠰ ᠲᠦᠷᠦ ᠶᠢᠨ ᠲᠡᠯ᠎ᠡ ᠪᠠᠷ ᠭᠤᠤᠯ ᠪᠤᠯᠬᠤ ᠶᠢ ᠡᠷᠡᠰ ᠬᠠᠮᠠᠭᠠᠯᠠᠵᠤ᠂ ᠵᠤᠬᠢᠶᠠᠨ ᠪᠠᠶᠢᠭᠤᠯᠤᠯᠳᠠ ᠶᠢᠨ ᠲᠡᠯ᠎ᠡ ᠪᠠᠷ ᠭᠤᠤᠯ ᠪᠤᠯᠬᠤ ᠶᠢ ᠤᠬᠠᠮᠰᠠᠷ ᠠᠴᠠ ᠪᠠᠨ ᠲᠠᠭᠠᠵᠤ᠂ ᠦᠢᠯᠡ ᠠᠵᠢᠯᠯᠠᠭ᠎ᠠ ᠶᠢᠨ ᠲᠡᠯ᠎ᠡ ᠪᠠᠷ ᠭᠤᠤᠯ ᠪᠤᠯᠬᠤ ᠶᠢ ᠢᠮᠠᠭᠳᠠ ᠡᠷᠡᠰ ᠲᠠᠭᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠡᠷᠠᠨ ᠪᠦᠯᠬᠦᠮᠳᠡᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠨᠡᠩ ᠡᠷᠡᠰ ᠢᠶᠠᠷ ᠬᠠᠮᠠᠭᠠᠯᠠᠵᠤ᠂ ᠨᠡᠩ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠡ ᠲᠠᠢ ᠲᠡᠭᠡᠳᠤ ᠬᠡᠮᠵᠢᠶ᠎ᠡ ᠪᠠᠷ ᠨᠢᠭᠡᠳᠦᠯᠳᠡᠢ ᠪᠠᠶᠢᠵᠦ᠂ ᠨᠠᠮ ᠤᠨ ᠲᠦᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠡᠩ ᠯᠠᠪᠳᠠᠭᠤᠨ ᠪᠠᠳᠤᠳᠠᠢ ᠪᠠᠷ ᠪᠣᠳᠠᠳᠠᠢ ᠳᠤ ᠨᠠᠶᠢᠳᠠᠪᠤᠷᠢᠵᠢᠭᠤᠯᠵᠤ᠂ ᠦᠪᠦᠷ ᠮᠤᠩᠭᠤᠯ ᠤᠨ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠳᠡᠢ ᠭᠡᠵᠡᠢ᠃ ᠯᠢ ᠵᠢᠢ ᠾᠧᠩ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠠᠵᠢᠯ ᠢ ᠡᠷᠭᠢᠴᠡᠭᠦᠯᠪᠡ᠃ ᠳᠡᠷᠡ ᠵᠢᠭᠠᠵᠣ ᠭᠠᠷᠭᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠨᠠᠰᠢᠬᠢ ᠲᠠᠪᠤᠨ ᠵᠢᠯ ᠪᠤᠯ ᠳᠣᠩ ᠶᠡᠷᠦ ᠪᠤᠰᠤ ᠶᠢᠨ ᠲᠠᠪᠤᠨ ᠵᠢᠯ ᠪᠤᠯᠣᠨ᠎ᠠ᠃ ᠲᠦᠪᠡᠭ ᠪᠤᠳᠤᠯᠢᠶᠠᠨᠳᠠᠢ ᠠᠵᠤ ᠠᠬᠤᠢ  ᠶᠢᠨ ᠪᠠᠶᠢᠳᠠᠯ ᠪᠠ ᠨᠦᠰᠡᠷ ᠬᠦᠨᠳᠤ ᠬᠠᠳᠠᠭᠤ ᠪᠡᠷᠭᠡᠰᠢᠶᠡᠯᠳᠡᠢ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠡᠬᠦᠷᠭᠡ  ᠶᠢᠨ ᠡᠮᠦᠨ᠎ᠡ᠂ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠠᠨ ᠢ ᠪᠦᠯᠬᠦᠮᠳᠡᠬᠦᠯᠦᠨ ᠲᠠᠭᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠡ ᠪᠠᠷ ᠲᠤᠤᠱᠯᠠᠭᠤᠯᠵᠣ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠬᠡᠢ ᠲᠤᠤᠱᠯᠠᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠣ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠪᠡᠷᠭᠡ ᠶᠢ ᠲᠤᠭᠤᠯᠤᠨ ᠬᠦᠴᠢᠷ ᠢ ᠲᠠᠪᠠᠵᠤ᠂ ᠯᠠᠪᠳᠠᠭᠤᠨ ᠪᠠᠳᠤᠳᠠᠢ ᠠᠵᠢᠯᠯᠠᠵᠤ᠂ ︽12·5︾ ᠶᠢᠨ ᠲᠦᠯᠦᠪᠵᠢᠬᠦᠯᠭᠡ ᠶᠢ ᠠᠮᠵᠢᠯᠳᠠ ᠲᠠᠢ ᠪᠡᠶᠡᠯᠡᠬᠦᠯᠵᠣ᠂ ︽13·5︾ ᠶᠢᠨ ᠲᠦᠯᠦᠪᠵᠢᠬᠦᠯᠭᠡ ᠶᠢ ᠤᠷᠤᠭᠰᠢᠳᠡᠢ ᠬᠡᠷᠡᠭᠵᠢᠬᠦᠯᠵᠦ᠂ ᠡᠯ᠎ᠡ ᠲᠡᠯ᠎ᠡ ᠶᠢᠨ ᠠᠵᠢᠯ ᠰᠢᠨ᠎ᠡ ᠠᠬᠢᠯᠳᠠ ᠲᠠᠢ ᠪᠣᠯᠵᠣ ᠰᠢᠨ᠎ᠡ ᠠᠮᠵᠢᠯᠳᠠ ᠤᠯᠵᠠᠢ᠃ ᠳᠠᠪᠣᠨ ᠵᠢᠯ ᠤᠨ ᠳᠣᠷᠰᠢ᠂ ᠮᠠᠨ ᠤ ᠣᠷᠣᠨ ᠤ ᠠᠵᠤ ᠠᠬᠤᠢ ᠶᠢᠨ ᠬᠦᠭᠵᠢᠯᠳᠡ ᠲᠤᠭᠳᠠᠭᠤᠨ ᠢᠶᠠᠷ ᠠᠬᠢᠵᠤ᠂ ᠦᠭᠡᠷᠡᠴᠢᠯᠡᠯᠳᠡ ᠨᠡᠭᠡᠭᠡᠯᠳᠡ ᠪᠦᠬᠦ ᠳᠠᠯ᠎ᠠ ᠪᠠᠷ ᠭᠦᠨᠵᠡᠭᠡᠶᠢᠷᠡᠵᠦ᠂ ᠠᠷᠠᠳ ᠤᠨ ᠠᠮᠢᠳᠣᠷᠠᠯ ᠤᠨ ᠪᠠᠳᠣᠯᠠᠪᠣᠷᠢ ᠦᠨᠡᠨᠬᠦ ᠴᠢᠩᠭᠠᠷᠠᠵᠣ᠂ ᠠᠷᠠᠳᠴᠢᠯᠡᠯ ᠬᠠᠣᠯᠢᠵᠢᠯ ᠳᠠᠰᠣᠷᠠᠯᠳᠠ ᠦᠭᠡᠢ ᠬᠦᠭᠵᠢᠵᠦ᠂ ᠰᠣᠶᠣᠯ ᠤᠨ ᠪᠠᠶᠢᠭᠤᠯᠣᠯᠳᠠ ᠡᠯᠪᠡᠭ ᠳᠡᠯᠪᠡᠭ ᠦᠷ᠎ᠡ ᠪᠦᠳᠦᠮᠵᠢ ᠣᠯᠵᠣ᠂ ᠨᠡᠶᠢᠭᠡᠮ ᠤᠨ ᠶᠡᠭᠡ ᠳᠠᠯ᠎ᠠ ᠡᠶ᠎ᠡ ᠵᠣᠬᠢᠴᠠᠩᠭᠤᠢ ᠳᠣᠭᠳᠠᠭᠤᠨ ᠪᠣᠯᠵᠣ᠂ ᠠᠮᠢ ᠠᠬᠤᠢ ᠶᠢᠨ ᠣᠷᠴᠢᠨ ᠳᠣᠭᠤᠷᠢᠨ ᠦᠷᠬᠦᠯᠵᠢᠯᠡᠨ ᠰᠠᠶᠢᠵᠢᠷᠠᠵᠣ᠂ ᠨᠠᠮ ᠢᠶᠠᠨ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠠᠬᠢᠵᠠᠢ ᠭᠡᠪᠡ᠃      ᠯᠢ ᠵᠢᠢ ᠾᠧᠩ ᠵᠢᠭᠠᠵᠣ ᠭᠠᠷᠭᠠᠭᠰᠠᠨ ᠨᠢ᠂ ᠲᠠᠪᠤᠨ ᠵᠢᠯ ᠤᠨ ᠳᠣᠷᠰᠢ ᠬᠤᠷᠠᠮᠳᠤᠭᠤᠯᠤᠭᠰᠠᠨ ᠲᠤᠷᠰᠢᠯᠭ᠎ᠠ ᠲᠦᠢᠯ ᠤᠨ ᠬᠤᠪᠤᠷ ᠨᠠᠨᠳᠢᠨ᠃ ᠡᠳᠡᠭᠡᠷ ᠨᠢ ᠳᠠᠷᠣᠢ᠂ ᠡᠷᠬᠡᠪᠰᠢ ᠡᠷᠡᠰ ᠪᠠᠳᠣ ᠵᠦᠪ ᠣᠨᠣᠪᠴᠢᠳᠠᠢ ᠤᠯᠤᠰ ᠲᠦᠷᠦ  ᠶᠢᠨ ᠴᠢᠭᠯᠡᠯ ᠢ ᠪᠠᠷᠢᠮᠳᠠᠯᠠᠵᠣ᠂ ᠲᠦᠪ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠮᠠᠭᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠡ ᠲᠠᠢ ᠲᠡᠭᠡᠳᠤ ᠬᠡᠮᠵᠢᠶ᠎ᠡ ᠪᠠᠷ ᠨᠢᠭᠡᠳᠦᠯᠳᠡᠢ ᠪᠠᠶᠢᠬᠤ ᠭᠡᠷᠡᠭᠳᠡᠢ︔ ᠡᠷᠭᠡᠪᠰᠢ ᠬᠦᠭᠵᠢᠬᠦᠯᠬᠦ ᠬᠡᠰᠡᠨ ᠡᠨᠡᠬᠦ ᠲᠡᠷᠢᠬᠦᠨ ᠴᠢᠬᠤᠯᠠ ᠡᠬᠦᠷᠭᠡ ᠶᠢ ᠴᠢᠩᠭ᠎ᠠ ᠠᠳᠬᠤᠵᠤ᠂ ᠦᠪᠦᠷ ᠮᠤᠩᠭᠤᠯ ᠤᠨ ᠪᠤᠳᠠᠳᠠᠢ ᠠᠴᠠ ᠪᠠᠨ ᠡᠬᠦᠰᠦᠨ ᠠᠵᠢᠯ ᠢᠶᠠᠨ ᠪᠦᠳᠦᠭᠡᠯᠴᠢ ᠪᠠᠷ ᠦᠷᠨᠢᠬᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠳᠠ ᠦᠭᠡᠢ ᠴᠢᠯᠦᠭᠡᠯᠡᠠ ᠬᠦᠭᠵᠢᠬᠦᠯᠬᠦ ᠭᠡᠷᠡᠭᠳᠡᠢ︔ ᠡᠷᠭᠡᠪᠰᠢ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠨᠡᠭᠡᠭᠡᠯᠳᠡ ᠪᠠᠨ ᠦᠷᠭᠡᠳᠭᠡᠵᠦ᠂ ᠬᠠᠤᠯᠢ ᠪᠠᠷ ᠤᠷᠤᠨ ᠢᠶᠠᠨ ᠵᠠᠰᠠᠬᠤ ᠶᠢ ᠪᠦᠬᠦ ᠲᠠᠯ᠎ᠡ ᠪᠠᠷ ᠠᠬᠢᠭᠤᠯᠵᠤ᠂ ᠤᠷᠤᠨ ᠲᠠᠶᠠᠭᠠᠷ ᠢᠶᠠᠨ ᠠᠮᠢᠵᠢᠷᠠᠯ ᠤᠨ ᠬᠦᠴᠦᠨ ᠪᠢᠯᠬᠠᠮ᠎ᠠ ᠮᠦᠷᠳᠡᠭᠡᠨ ᠡᠮᠬᠢ ᠵᠢᠷᠣᠮ ᠲᠠᠢ ᠪᠠᠶᠢᠬᠤ ᠶᠢ ᠦᠨᠡᠨᠬᠦ ᠪᠠᠳᠤᠯᠠᠬᠤ ᠭᠡᠷᠡᠭᠳᠡᠢ︔ ᠡᠷᠭᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠠᠰᠢᠭ ᠲᠤᠰᠠ ᠤᠯᠭᠤᠵᠤ᠂ ᠠᠷᠠᠳ ᠲᠦᠮᠡᠨ ᠤ ᠪᠣᠶᠠᠨ ᠵᠢᠷᠭᠠᠯ ᠢ ᠲᠠᠰᠤᠷᠠᠯᠳᠠ ᠦᠭᠡᠢ ᠨᠡᠮᠡᠭᠳᠡᠬᠦᠯᠬᠦ ᠭᠡᠷᠡᠭᠳᠡᠢ︔ ᠡᠷᠭᠡᠪᠰᠢ ᠦᠨᠳᠦᠰᠦᠳᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠦᠨᠳᠦᠷ ᠮᠠᠨᠳᠤᠭᠤᠯᠵᠤ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ ᠬᠠᠷᠢᠯᠴᠠᠨ ᠬᠠᠪᠰᠤᠷᠤᠯᠴᠠᠬᠤ ᠶᠢ ᠪᠠᠷᠢᠮᠳᠠᠯᠠᠵᠣ᠂ ᠪᠦᠯᠬᠦᠮᠳᠡᠯ ᠲᠠᠢ ᠡᠶ᠎ᠡ ᠵᠤᠬᠢᠴᠡᠩᠭᠤᠢ ᠠᠮᠤᠷ ᠲᠤᠭᠳᠠᠭᠤᠨ ᠤᠯᠤᠰ ᠲᠦᠷᠦ ᠶᠢᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠬᠦᠯᠦᠨ ᠬᠦᠭᠵᠢᠬᠦᠯᠬᠦ ᠭᠡᠷᠡᠭᠳᠡᠢ︔ ᠡᠷᠭᠡᠪᠰᠢ ᠨᠡᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠨᠠᠮ ᠢᠶᠠᠨ ᠴᠢᠩᠭ᠎ᠠ ᠵᠠᠰᠠᠬᠤ ᠶᠢ ᠪᠦᠬᠦ ᠲᠠᠯ᠎ᠡ ᠪᠠᠷ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠨᠠᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠳᠤ ᠡᠷᠡᠰ ᠴᠢᠩᠭ᠎ᠠ ᠪᠠᠳᠤᠯᠠᠭ᠎ᠠ ᠬᠠᠩᠭᠠᠬᠤ ᠭᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠪᠣᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ ᠰᠢᠢᠳᠪᠦᠷᠢᠳᠦ ᠱᠠᠲᠤ ᠪᠣᠯᠣᠨ᠎ᠠ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠲᠠᠬᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠢᠷᠡᠭᠡᠳᠦᠢ ᠪᠠᠨ ᠪᠠᠷᠠᠯᠠᠬᠤᠶ᠎ᠠ᠂ ᠥᠪᠥᠷ ᠮᠣᠩᠭᠤᠯ ᠤᠨ ᠬᠥᠭᠵᠢᠯᠲᠡ ᠮᠥᠨᠬᠦ ᠶᠡᠭᠡ ᠦᠢᠯᠡᠰ ᠪᠦᠲᠦᠭᠡᠵᠦ ᠪᠣᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠳᠣᠬᠢᠶᠠᠯᠳᠣ ᠬᠤᠭᠤᠴᠠᠭᠠᠨ ᠳᠤ ᠣᠷᠣᠰᠢᠵᠤ ᠪᠣᠢ᠃ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ᠂ ᠪᠦᠬᠦ ᠣᠷᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠣ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠡ ᠪᠠᠷ ᠲᠤᠤᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ ᠪᠣᠯᠣᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠢᠢᠯᠠᠭᠠᠭᠳᠠᠬᠤᠨ ᠢ ᠶᠡᠭᠡ ᠪᠠᠷ ᠦᠢᠯᠡᠳᠦᠯᠭᠡᠵᠢᠭᠦᠯᠦᠨ᠂ ᠬᠥᠭᠵᠢᠯᠲᠡ᠂ ᠠᠮᠢ ᠠᠬᠤᠢ ᠪᠣᠯᠣᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠬᠡᠯᠪᠡᠷᠢ  ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠪᠠ ᠪᠣᠬᠢᠷᠲᠤᠯ ᠦᠭᠡᠶ ᠬᠦᠭᠵᠢᠭᠦᠯᠦᠯᠳᠡ ᠶᠢ ᠵᠣᠬᠢᠴᠠᠭᠤᠯᠤᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠡ ᠪᠠᠷ ᠠᠬᠢᠭᠤᠯᠵᠤ᠂ ᠬᠠᠤᠯᠢ ᠪᠠᠷ ᠣᠷᠣᠨ ᠢᠶᠠᠨ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠶᠢ ᠴᠢᠩᠭ᠎ᠠ ᠠᠬᠢᠭᠤᠯᠵᠤ᠂ ᠬᠢᠯᠢ ᠣᠷᠣᠨ ᠢᠶᠠᠨ ᠰᠠᠬᠢᠨ ᠬᠠᠮᠠᠭᠠᠯᠠᠵᠣ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠪᠤᠴᠠᠯᠲᠠ ᠦᠭᠡᠢ ᠤᠷᠤᠭᠰᠢᠯᠠᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ ᠰᠢᠢᠳᠪᠦᠷᠢᠳᠦ ᠱᠠᠲᠤᠨ ᠤ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠵᠤ᠂ ᠣᠳᠣᠬᠢᠴᠢᠯᠠᠯᠲᠠ ᠶᠢ ᠦᠨᠳᠦᠰᠦᠨ ᠲᠡᠭᠡᠨ ᠪᠡᠶᠡᠯᠡᠭᠦᠯᠬᠦ ᠰᠢᠨ᠎ᠡ ᠠᠶᠠᠨ ᠢᠶᠠᠨ ᠪᠦᠬᠦ ᠲᠠᠯ᠎ᠡ ᠪᠠᠷ ᠡᠬᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡᠬᠦ ᠵᠢᠯᠣᠭᠤᠳᠬᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠭᠤᠷᠪᠠᠨ ᠵᠣᠷᠪᠣᠰ ᠬᠤᠷᠢᠭ᠎ᠠ ᠱᠣᠭᠤᠮ ᠢ ᠰᠠᠬᠢᠬᠤ ᠶᠢ ᠦᠨᠳᠦᠰᠦᠨ ᠱᠠᠭᠠᠷᠳᠠᠯᠭ᠎ᠠ ᠪᠣᠯᠭᠠᠵᠣ᠂ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ ᠶᠢ ᠭᠤᠣᠯ ᠳᠠᠭᠠᠷᠢᠯᠳᠠ ᠶᠢᠨ ᠴᠢᠭᠯᠡᠯ ᠪᠣᠯᠭᠠᠵᠣ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠪᠠ ᠪᠣᠬᠢᠷᠲᠤᠯ ᠦᠭᠡᠶ ᠬᠦᠭᠵᠢᠭᠦᠯᠦᠯᠳᠡ ᠶᠢ ᠵᠣᠬᠢᠴᠠᠩᠭᠤᠢ ᠪᠠᠷ ᠠᠬᠢᠭᠤᠯᠬᠤ ᠶᠢ ᠵᠠᠶᠢᠯᠠᠰᠢ ᠦᠭᠡᠢ ᠰᠣᠩᠭᠤᠯᠳᠠ ᠪᠣᠯᠭᠠᠵᠣ᠂ ᠦᠭᠡᠷᠡᠴᠢᠯᠡᠯᠳᠡ ᠨᠡᠭᠡᠭᠡᠯᠳᠡ ᠶᠢ ᠭᠦᠨᠵᠡᠭᠡᠶᠢᠷᠡᠭᠦᠯᠬᠦ ᠶᠢ ᠦᠨᠳᠦᠰᠦ ᠠᠴᠠ ᠨᠢ ᠵᠠᠰᠠᠬᠤ ᠠᠷᠭ᠎ᠠ ᠪᠣᠯᠭᠠᠵᠣ᠂ ᠬᠠᠣᠯᠢ ᠪᠠᠷ ᠣᠷᠣᠨ ᠢᠶᠠᠨ ᠵᠠᠰᠠᠬᠤ ᠶᠢ ᠴᠢᠬᠤᠯᠠ ᠪᠠᠳᠣᠯᠠᠭ᠎ᠠ ᠪᠣᠯᠭᠠᠵᠣ᠂ ᠨᠠᠮ ᠢᠶᠠᠨ ᠴᠢᠩᠭ᠎ᠠ ᠵᠠᠰᠠᠬᠤ ᠶᠢ ᠦᠨᠳᠦᠰᠦᠨ ᠪᠠᠳᠣᠯᠠᠭ᠎ᠠ ᠪᠣᠯᠭᠠᠬᠤ ᠬᠡᠷᠡᠭᠳᠡᠢ᠃ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠰᠢᠨ᠎ᠡ ᠦᠰᠦᠷᠦᠯᠳᠡ ᠲᠠᠢ ᠪᠣᠯᠭᠠᠵᠣ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠣ᠂ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠰᠢᠨ᠎ᠡ ᠬᠤᠪᠢᠷᠠᠯᠲᠠ ᠲᠠᠢ ᠪᠣᠯᠭᠠᠵᠣ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠰᠢᠨ᠎ᠡ ᠳᠠᠪᠰᠢᠯᠲᠠ ᠲᠠᠢ ᠪᠣᠯᠭᠠᠵᠣ᠂ ᠪᠣᠯᠪᠠᠰᠤᠨ ᠡᠶ᠎ᠡ ᠵᠣᠬᠢᠴᠠᠩᠭᠤᠢ ᠶᠢᠨ ᠲᠦᠪᠰᠢᠨ ᠢ ᠰᠢᠨ᠎ᠡ ᠳᠡᠭᠡᠭᠰᠢᠯᠡᠯᠲᠡ ᠲᠠᠢ ᠪᠣᠯᠭᠠᠵᠣ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠰᠢᠨ᠎ᠡ ᠳᠡᠭᠡᠭᠰᠢᠯᠡᠯᠲᠡ ᠲᠠᠢ ᠪᠣᠯᠭᠠᠵᠣ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠨ᠎ᠡ ᠰᠠᠶᠢᠵᠢᠷᠠᠯᠲᠠ ᠲᠠᠢ ᠪᠣᠯᠭᠠᠨ᠎ᠠ ᠭᠡᠵᠡᠢ᠃      ᠯᠢ ᠵᠢᠢ ᠾᠧᠩ ᠴᠢᠬᠤᠯᠠᠴᠢᠯᠠᠬᠰᠠᠨ ᠨᠢ᠂ ᠬᠥᠭᠵᠢᠭᠦᠯᠬᠦ ᠪᠣᠯ ᠠᠯᠢᠪᠠ ᠠᠰᠠᠭᠤᠳᠠᠯ ᠢ ᠰᠢᠢᠳᠪᠤᠷᠢᠯᠡᠬᠦ ᠶᠢᠨ ᠵᠠᠩᠭᠢᠯᠠᠭ᠎ᠠ ᠪᠣᠯᠣᠨ᠎ᠠ᠃ ᠡᠷᠬᠡᠪᠰᠢ ᠬᠥᠭᠵᠢᠯᠲᠡ ᠶᠢᠨ ᠰᠢᠨ᠎ᠡ ᠣᠨᠣᠯᠵᠢᠬᠤᠨ ᠢᠶᠠᠷ ᠠᠵᠤ ᠠᠬᠤᠢ ᠶᠢᠨ ᠬᠥᠭᠵᠢᠯᠲᠡ  ᠶᠢᠨ ᠰᠢᠨ᠎ᠡ ᠬᠡᠪ ᠪᠠᠶᠢᠳᠠᠯ ᠢ ᠬᠥᠲᠥᠯᠥᠨ ᠳᠠᠭᠠᠭᠤᠯᠵᠣ᠂ ᠬᠠᠩᠭᠠᠯᠭ᠎ᠠ ᠶᠢᠨ ᠲᠠᠯ᠎ᠡ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠭᠤᠣᠯ ᠳᠠᠭᠠᠷᠢᠯᠳᠠ ᠶᠢᠨ ᠴᠢᠭᠯᠡᠯ ᠪᠣᠯᠭᠠᠵᠣ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ᠂ ᠰᠢᠨ᠎ᠡ ᠬᠡᠯᠪᠡᠷᠢ ᠶᠢᠨ ᠬᠢᠮᠢ  ᠶᠢᠨ ᠠᠵᠤ ᠦᠢᠯᠡᠳᠪᠦᠷᠢ ᠶᠢᠨ ᠰᠠᠭᠤᠷᠢᠨ᠂ ᠥᠩᠭᠡᠲᠦ ᠲᠡᠮᠦᠷᠯᠢᠭ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ᠂ ᠪᠤᠬᠢᠷᠳᠦᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠵᠣ ᠪᠠᠶᠢᠭ᠎ᠠ ᠠᠵᠤ ᠦᠢᠯᠡᠰ ᠤᠨ ᠰᠠᠭᠤᠷᠢᠨ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠲᠠᠢ ᠵᠤᠭᠠᠴᠠᠯ ᠤᠨ ᠬᠠᠷᠠᠯᠲᠠ ᠶᠢᠨ ᠭᠠᠵᠠᠷ ᠢ ᠪᠦᠲᠦᠭᠡᠨ ᠪᠠᠶᠢᠭᠤᠯᠬᠤ ᠪᠠᠷ ᠴᠢᠬᠤᠯᠠ ᠭᠠᠷᠳᠠᠴᠠ ᠪᠤᠯᠭᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠦᠴᠦᠯᠡᠨ ᠬᠤᠪᠢᠷᠠᠭᠤᠯᠵᠤ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠤᠯᠠᠷᠢᠯᠠᠭᠤᠯᠵᠤ᠂ ᠠᠵᠤ ᠠᠬᠤᠢ ᠶᠢᠨ ᠲᠤᠬᠳᠠᠭᠤᠨ ᠢᠶᠠᠷ ᠲᠦᠷᠭᠡᠨ ᠢᠶᠠᠷ ᠨᠡᠮᠡᠭᠳᠡᠬᠦ ᠶᠢ ᠪᠠᠳᠣᠯᠠᠵᠣ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠶᠢᠨ ᠠᠬᠢᠴᠠ ᠶᠢ ᠲᠦᠷᠭᠡᠳᠭᠡᠨ᠂ ᠠᠵᠤ ᠦᠢᠯᠡᠰ ᠤᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠳᠠ ᠶᠢ ᠠᠬᠢᠭᠤᠯᠵᠤ᠂ ᠰᠢᠨ᠎ᠡ ᠶᠢ ᠡᠭᠦᠳᠭᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠬᠤᠳᠠ ᠬᠦᠳᠡᠭᠡ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠤᠤᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ ᠂ ᠭᠠᠳᠠᠭᠠᠳᠣ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠵᠤ᠂ ᠶᠠᠰᠤ ᠴᠢᠨᠠᠷ ᠨᠡᠩ ᠰᠠᠶᠢᠨ᠂ ᠦᠷ᠎ᠡ ᠠᠰᠢᠭ ᠨᠡᠩ ᠦᠨᠳᠦᠷ᠂ ᠪᠦᠲᠦᠴᠡ ᠨᠡᠩ ᠰᠢᠯᠢᠳᠡᠭ᠂ ᠨᠥᠭᠡᠴᠡ ᠬᠦᠴᠦ ᠨᠡᠩ ᠭᠦᠢᠴᠡᠳ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠭᠰᠠᠨ ᠬᠥᠭᠵᠢᠯᠲᠡ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠬᠤ ᠬᠡᠷᠡᠭᠳᠡᠢ ᠬᠡᠪᠡ᠃      ᠯᠢ ᠵᠢᠢ ᠾᠧᠩ ᠴᠢᠬᠤᠯᠠᠴᠢᠯᠠᠬᠰᠠᠨ ᠨᠢ᠂ ᠠᠷᠠᠳᠴᠢᠯᠠᠯ ᠬᠠᠤᠯᠢᠵᠢᠯ ᠢ ᠴᠢᠩᠭᠠᠳᠬᠠᠵᠤ᠂ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠪᠤᠯ᠂ ᠤᠳᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠶᠢᠨ ᠴᠢᠬᠤᠯᠠ ᠬᠠᠷᠠᠯᠳᠠ ᠪᠠ ᠪᠠᠳᠤᠯᠠᠭ᠎ᠠ ᠪᠣᠯᠣᠨ᠎ᠠ᠃ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠢᠳᠡᠪᠬᠢᠳᠡᠢ ᠬᠦᠭᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠭᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠵᠤ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠤᠨᠲ ᠢ ᠪᠠᠬᠢᠵᠢᠭᠦᠯᠦᠨ ᠬᠦᠴᠦᠷᠭᠡᠭᠵᠢᠭᠦᠯᠵᠤ᠂ ᠦᠨᠳᠦᠰᠦᠳᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠦᠭᠵᠢᠭᠦᠯᠵᠤ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠠᠬᠢᠴᠠ ᠶᠢ ᠠᠬᠢᠭᠤᠯᠵᠤ᠂ ᠪᠦᠯᠬᠦᠮᠳᠡᠨ ᠳᠡᠮᠡᠴᠡᠬᠦ ᠤᠶᠤᠨ ᠤᠬᠠᠭᠠᠨ ᠪᠠ ᠬᠦᠴᠦᠨ ᠴᠢᠳᠠᠯ ᠢ ᠦᠷᠭᠡᠨ ᠳᠡᠯᠭᠡᠷ ᠨᠢᠭᠳᠠᠷᠠᠭᠤᠯᠬᠤ ᠬᠡᠷᠡᠭᠳᠡᠢ ᠬᠡᠪᠡ᠃      ᠯᠢ ᠵᠢᠢ ᠾᠧᠩ ᠴᠢᠬᠤᠯᠠᠴᠢᠯᠠᠬᠰᠠᠨ ᠨᠢ᠂ ᠰᠤᠶᠤᠯ ᠪᠤᠯ ᠳᠡᠤᠬᠡ ᠶᠢᠨ ᠠᠴᠢᠶᠠᠯᠠᠪᠤᠷᠢ᠂ ᠪᠤᠯᠪᠠᠰᠤᠨ ᠪᠤᠯ ᠢᠷᠡᠭᠡᠳᠦᠢ ᠶᠢᠨ ᠵᠠᠷᠯᠠᠯ ᠪᠣᠯᠣᠨ᠎ᠠ᠃ ᠨᠡᠶᠢᠭᠡᠮ ᠵᠢᠷᠤᠮ ᠤᠨ ᠳᠡᠷᠢᠭᠦᠨ ᠤ ᠰᠤᠶᠤᠯ ᠢ ᠶᠡᠭᠡ ᠪᠠᠷ ᠪᠠᠳᠠᠷᠠᠭᠤᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠤᠶᠤᠯ ᠤᠨ ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠳᠡᠨ ᠨᠦᠭᠦᠳ ᠤᠨ ᠬᠠᠮᠳᠤ ᠶᠢᠨ ᠤᠶᠤᠨ ᠰᠠᠨᠠᠭᠠᠨ ᠤ ᠬᠡᠷ ᠤᠷᠤᠨ ᠢᠶᠠᠨ ᠰᠠᠶᠢᠳᠤᠷ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠶᠢᠨ ᠭᠦᠳᠦᠯᠦᠨ ᠳᠠᠭᠠᠭᠤᠯᠭ᠎ᠠ ᠪᠠ ᠬᠠᠮᠢᠶᠠᠷᠤᠯᠳᠠ ᠶᠢ ᠴᠢᠩᠭᠠᠳᠬᠠᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭ᠎ᠠ ᠰᠤᠶᠤᠯ  ᠤᠨ ᠠᠮᠢᠳᠤᠷᠠᠯ ᠢ ᠪᠠᠶᠠᠯᠢᠬᠵᠢᠭᠤᠯᠤᠨ᠂ ᠰᠤᠶᠤᠯ ᠤᠨ ᠦᠢᠯᠡᠰ ᠪᠠ ᠰᠤᠶᠤᠯ ᠤᠨ ᠠᠵᠤ ᠦᠢᠯᠡᠰ ᠤᠨ ᠦᠭᠡᠷᠡᠴᠢᠯᠡᠯᠳᠡ ᠬᠦᠭᠵᠢᠯᠳᠡ ᠶᠢ ᠠᠬᠢᠭᠤᠯᠵᠤ᠂ ᠨᠡᠶᠢᠭᠡᠮ ᠵᠢᠷᠤᠮ ᠤᠨ ᠰᠤᠶᠤᠯ ᠤᠨ ᠶᠡᠭᠡ ᠬᠦᠭᠵᠢᠯᠳᠡ ᠶᠡᠭᠡ ᠴᠡᠴᠡᠭᠯᠡᠯᠳᠡ ᠶᠢ ᠠᠬᠢᠭᠤᠯᠬᠤ ᠬᠡᠷᠡᠭᠳᠡᠢ ᠬᠡᠪᠡ᠃      ᠯᠢ ᠵᠢᠢ ᠾᠧᠩ ᠴᠢᠬᠤᠯᠠᠴᠢᠯᠠᠬᠰᠠᠨ ᠨᠢ᠂ ᠵᠤᠯ ᠵᠢᠷᠭᠠᠯ ᠠᠮᠤᠷ ᠠᠮᠤᠭᠤᠯᠠᠩ ᠪᠤᠯ ᠠᠷᠠᠳ ᠤᠨ ᠰᠡᠳᠭᠢᠯ ᠤᠨ ᠬᠠᠨᠳᠤᠰᠢ ᠪᠣᠯᠣᠨ᠎ᠠ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠮᠠᠭᠳᠠ ᠪᠤᠢ ᠪᠤᠯᠭᠠᠨ ᠦᠢᠯᠡᠳᠦᠯᠭᠡᠵᠢᠭᠦᠯᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠵᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠣᠯᠵᠣ᠂ ᠠᠵᠢᠯ ᠤᠯᠭᠤᠨ ᠤᠷᠤᠯᠭ᠎ᠠ ᠶᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠵᠤ᠂ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠠᠷᠠᠳ ᠲᠦᠮᠡᠨ ᠳᠤ ᠳᠠᠭᠠᠰᠢᠶᠠᠭᠳᠠᠭᠰᠠᠨ ᠰᠤᠷᠭᠠᠨ ᠬᠦᠮᠦᠵᠢᠯ ᠢ ᠬᠦᠴᠦᠯᠡᠨ ᠰᠠᠶᠢᠳᠤᠷ ᠡᠷᠬᠢᠯᠡᠵᠤ᠂ ᠠᠷᠠᠳ ᠲᠦᠮᠡᠨ ᠤ ᠡᠷᠡᠭᠦᠯ ᠴᠢᠬᠢᠷᠠᠭ ᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠨᠡᠩ ᠦᠨᠳᠦᠷ ᠲᠦᠪᠰᠢᠨ ᠤ ᠠᠮᠤᠷ ᠠᠮᠤᠭᠤᠯᠠᠩ ᠦᠪᠦᠷ ᠮᠤᠩᠭᠤᠯ ᠢ ᠴᠢᠷᠮᠠᠶᠢᠨ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠤᠯ ᠵᠢᠷᠭᠠᠯ ᠲᠠᠢ ᠠᠮᠢᠳᠤᠷᠠᠭᠤᠯᠵᠤ᠂ ᠡᠬᠡ ᠤᠯᠤᠰ ᠤᠨ ᠤᠮᠠᠷᠠᠲᠦ ᠬᠢᠯᠢ ᠶᠢ ᠦᠨᠢ ᠡᠭᠦᠷᠢᠳᠡ ᠠᠮᠤᠷ ᠳᠤᠭᠳᠠᠭᠤᠨ ᠪᠠᠶᠢᠯᠭᠠᠬᠤ ᠬᠡᠷᠡᠭᠳᠡᠢ ᠬᠡᠵᠡᠢ᠃      ᠯᠢ ᠵᠢᠢ ᠾᠧᠩ ᠴᠢᠬᠤᠯᠠᠴᠢᠯᠠᠬᠰᠠᠨ ᠨᠢ᠂ ᠨᠤᠮᠢᠨ ᠨᠤᠭᠤᠭᠠᠨ ᠪᠤᠯ ᠦᠪᠤᠷ ᠮᠤᠩᠭᠤᠯ ᠤᠨ ᠲᠠᠪᠢᠰᠭᠡᠷ ᠦᠡᠭᠭᠡ ᠪᠠ ᠦᠨ᠎ᠡ ᠦᠷᠳᠡᠭ ᠪᠣᠯᠣᠨ᠎ᠠ᠂ ᠠᠮᠢ ᠠᠬᠤᠢ ᠪᠤᠯ ᠦᠪᠤᠷ ᠮᠤᠩᠭᠤᠯ ᠤᠨ ᠬᠠᠷᠢᠭᠤᠴᠠᠯᠭ᠎ᠠ ᠪᠠ ᠨᠦᠭᠡᠴᠡ ᠬᠦᠴᠦᠨ ᠪᠣᠯᠣᠨ᠎ᠠ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠪᠦᠬᠦ ᠳᠠᠯ᠎ᠠ ᠪᠠᠷ ᠴᠢᠩᠭᠠᠳᠬᠠᠵᠣ᠂ ᠪᠤᠬᠢᠷᠳᠣᠯ ᠦᠭᠡᠢ ᠬᠦᠭᠵᠢᠯᠲᠠ ᠶᠢ ᠪᠦᠬᠦ ᠲᠠᠯ᠎ᠡ ᠪᠠᠷ ᠠᠬᠢᠭᠤᠯᠵᠣ᠂ ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠦ᠂ ᠠᠮᠢ ᠨᠠᠰᠦᠨ ᠲᠠᠭᠠᠨ ᠬᠠᠨᠳᠤᠬᠤ ᠲᠠᠢ ᠠᠳᠠᠯᠢ ᠪᠠᠷ ᠠᠮᠢ ᠠᠬᠤᠢ  ᠶᠢᠨ ᠤᠷᠴᠢᠨ ᠲᠤᠭᠤᠷᠢᠨ ᠳᠤ ᠬᠠᠨᠳᠤᠵᠤ᠂ ᠠᠮᠢ ᠠᠬᠤᠢ ᠶᠢ ᠰᠡᠷᠬᠦᠭᠡᠬᠦ ᠪᠠ ᠤᠷᠴᠢᠨ ᠲᠤᠭᠤᠷᠢᠨ ᠢ ᠬᠠᠮᠠᠭᠠᠯᠠᠬᠤ ᠶᠢ ᠠᠬᠢᠭᠤᠯᠤᠨ᠂ ᠡᠨᠧᠷᠬᠢ ᠶᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠳᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠣ᠂ ᠠᠮᠢ ᠠᠬᠤᠢ ᠶᠢᠨ ᠪᠤᠯᠪᠠᠰᠤᠨ ᠤ ᠲᠦᠷᠢᠮ ᠢ ᠪᠠᠶᠢᠭᠤᠯᠬᠤ ᠪᠠ ᠰᠤᠶᠤᠯ ᠢ ᠪᠤᠶᠢᠵᠢᠭᠤᠯᠬᠤ ᠶᠢ ᠴᠢᠩᠭᠠᠳᠬᠠᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠨᠠᠭᠰᠢᠲᠠ ᠪᠠᠳᠣ ᠴᠣᠭᠴᠠᠯᠠᠬᠤ ᠬᠡᠷᠡᠭᠲᠠᠢ ᠬᠡᠪᠡ᠃      ᠯᠢ ᠵᠢᠢ ᠾᠧᠩ ᠴᠢᠬᠤᠯᠠᠴᠢᠯᠠᠬᠰᠠᠨ ᠨᠢ᠂ ᠦᠪᠤᠷ ᠮᠤᠩᠭᠤᠯ ᠤᠨ ᠠᠵᠢᠯ ᠢ ᠰᠠᠶᠢᠲᠦᠷ ᠬᠢᠬᠦ ᠳᠤ ᠵᠠᠩᠬᠢᠯᠠᠭ᠎ᠠ ᠨᠢ ᠨᠠᠮ ᠳᠤ ᠪᠤᠢ᠂ ᠵᠠᠩᠬᠢᠯᠠᠭ᠎ᠠ ᠨᠢ ᠨᠠᠮ ᠨᠢ ᠨᠠᠮ ᠢᠶᠠᠨ ᠬᠠᠮᠢᠶᠠᠷᠴᠦ᠂ ᠨᠠᠮ ᠢᠶᠠᠨ ᠴᠢᠩᠭ᠎ᠠ ᠵᠠᠰᠠᠬᠤ ᠳᠤ ᠪᠤᠢ᠃ ᠪᠦᠬᠦ ᠲᠠᠯ᠎ᠡ ᠪᠠᠷ ᠨᠠᠮ ᠢᠶᠠᠨ ᠴᠢᠩᠭ᠎ᠠ ᠵᠠᠰᠠᠬᠤ ᠶᠢ ᠬᠦᠨᠵᠡᠭᠡᠶᠢᠷᠡᠭᠦᠯᠦᠨ ᠠᠬᠢᠭᠤᠯᠵᠤ᠂ ᠢᠮᠠᠬᠳᠠ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠭᠦ ᠰᠢᠨ᠎ᠠ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠠᠷ ᠲᠡᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠵᠤ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠬᠡᠯᠡᠭᠦ ᠦᠨᠳᠦᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠰᠣᠷᠳᠠᠯ ᠤᠨ ᠪᠠᠶᠢᠭᠤᠯᠣᠯᠳᠠ ᠶᠢ ᠦᠷᠬᠦᠯᠵᠢᠯᠡᠨ ᠴᠢᠩᠭᠠᠳᠬᠠᠵᠣ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠭᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠤᠨ᠂ ᠪᠦᠭᠦ ᠲᠡᠯ᠎ᠡ ᠪᠠᠷ ᠨᠠᠮ ᠢᠶᠠᠨ ᠴᠢᠩᠭ᠎ᠠ ᠵᠠᠰᠠᠬᠤ ᠭᠤᠤᠯ ᠴᠤᠠᠨᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠡᠪᠤᠷᠢᠵᠢᠭᠤᠯᠵᠤ᠂ ᠤᠪᠤᠷ ᠲᠦᠪ ᠰᠤᠷᠳᠡᠯ ᠴᠢᠭᠡᠴᠢ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠤᠯᠤᠰ ᠲᠦᠷᠤ ᠶᠢᠨ ᠠᠮᠢ ᠠᠬᠤᠢ ᠶᠢ ᠭᠦᠴᠤᠯᠡᠨ ᠪᠤᠢ ᠪᠤᠯᠭᠠᠵᠤ ᠦᠪᠦᠷ ᠮᠤᠩᠭᠤᠯ ᠤᠨ ᠡᠯ᠎ᠡ ᠲᠠᠯ᠎ᠠ ᠶᠢᠨ ᠦᠢᠯᠡᠰ ᠤᠨ ᠬᠦᠭᠵᠢᠯᠳᠡ ᠳᠤ ᠴᠢᠩᠭ᠎ᠠ ᠬᠦᠴᠦᠳᠡᠢ ᠪᠠᠳᠤᠯᠠᠭ᠎ᠠ ᠬᠠᠨᠭ᠍ᠭᠠᠬᠤ ᠭᠡᠷᠡᠭᠳᠡᠢ ᠬᠡᠪᠡ᠃      ᠯᠢ ᠵᠢᠢ ᠾᠧᠩ ᠬᠠᠮᠤᠭ ᠰᠡᠭᠦᠯ ᠳᠤ ᠤᠷᠢᠶᠠᠯᠠᠬᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠭᠦ ᠰᠢᠢᠳᠪᠦᠷᠢᠳᠦ ᠱᠠᠳᠣᠨ ᠤ ᠢᠯᠠᠯᠲᠠ ᠶᠢ ᠲᠡᠮᠡᠴᠡᠨ ᠤᠯᠵᠤ᠂ ᠡᠬᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠪᠤᠯ ᠴᠠᠭ ᠦᠶ᠎ᠡ ᠠᠴᠠ ᠮᠠᠨ ᠲᠤ ᠤᠯᠭᠤᠭᠰᠠᠨ ᠡᠷᠬᠢᠮ ᠲᠡᠭᠡᠳᠦ ᠳᠡᠦᠬᠡᠨ ᠡᠭᠦᠷᠭᠡ ᠪᠤᠯᠤᠨ᠎ᠠ᠃ ᠪᠢᠳᠡ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠭᠤᠣ ᠶᠡᠭᠡ ᠲᠤᠭ ᠢ ᠦᠨᠳᠦᠷ ᠮᠠᠨᠳᠦᠭᠤᠯᠵᠦ᠂ ᠰᠢ ᠶᠢᠨ ᠫᠢᠡᠭ ᠨᠦᠬᠦᠷ  ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠲᠤ ᠨᠡᠩ ᠨᠢᠭᠳᠠᠷᠠᠨ ᠪᠦᠯᠬᠦᠮᠳᠠᠵᠦ᠂ ᠬᠢᠯᠢ ᠤᠷᠤᠨ ᠢᠶᠠᠨ ᠰᠠᠬᠢᠨ ᠬᠠᠮᠠᠭᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠪᠤᠴᠠᠯᠲᠠ ᠦᠭᠡᠢ ᠤᠷᠤᠭᠰᠢᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤᠨ ᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠨᠡᠭᠡᠭᠡᠵᠦ᠂ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠳᠠ ᠪᠠᠷ ᠢᠶᠠᠨ ᠠᠭᠤᠤ ᠶᠡᠭᠡ ᠳᠤᠮᠳᠠᠳᠤ ᠤᠯᠤᠰ  ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠶ᠎ᠠ ᠬᠡᠵᠡᠢ᠃      ᠯᠢ ᠵᠢᠢ ᠾᠧᠩ ᠢᠯᠡᠳᠭᠡᠯ ᠬᠢᠭᠦ ᠶᠠᠪᠣᠴᠠ ᠳᠤ᠂ ᠬᠤᠷᠠᠯ ᠤᠨ ᠲᠠᠯᠠᠪᠠᠢ ᠳᠤ ᠤᠯᠠᠨ ᠣᠳᠠᠭ᠎ᠠ ᠬᠠᠯᠠᠭᠤᠨ ᠢᠶᠠᠷ ᠠᠯᠠᠭ᠎ᠠ ᠳᠠᠰᠢᠬᠤ ᠳᠠᠭᠤᠨ ᠨᠢᠵᠢᠭᠢᠨᠡᠪᠡ᠃      ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠡᠭᠡ ᠬᠤᠷᠠᠯ ᠳᠤ ᠪᠢᠴᠢᠭ ᠤᠨ ᠬᠡᠯᠪᠡᠷᠢ ᠪᠠᠷ ᠮᠡᠳᠡᠭᠦᠯᠦᠯᠳᠡ ᠬᠢᠪᠠ᠃      ᠦᠪᠡᠷᠳᠡᠭᠡᠨ ᠵᠠᠰᠬᠠᠤ ᠤᠷᠤᠨ ᠤ ᠡᠯ᠎ᠠ ᠬᠠᠮᠢᠶ᠎ᠠ ᠪᠦᠬᠦᠢ ᠲᠠᠯ᠎ᠠ ᠶᠢᠨ ᠨᠠᠮ ᠤᠨ ᠬᠡᠰᠢᠭᠦᠨ ᠬᠠᠷᠢᠭᠤᠴᠠᠯᠭᠠᠳᠠᠳ ᠪᠠᠰᠠ ᠶᠡᠭᠡ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号