2017 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠣᠶᠢᠷᠠᠲᠤᠯ᠎ᠠ ᠰᠢᠯᠭᠠᠭᠤᠯᠤᠭᠴᠢᠳ ᠡᠳᠡᠭᠡᠷ ᠶᠠᠪᠤᠳᠠᠯ ᠤᠳ ᠢ ᠠᠩᠬᠠᠷᠬᠤ ᠬᠡᠷᠡᠭᠲᠡᠶ
ᠨᠡᠶᠢᠲᠡᠯᠡᠭᠰᠡᠨ ᠴᠠᠭ᠄
2016/11/24
     ᠶᠠᠭᠤᠨ ᠤ ᠡᠮᠦᠨ᠎ᠡ᠂  ᠰᠢᠯᠭᠠᠭᠤᠯᠤᠭᠴᠢᠳ ᠰᠦᠯᠵᠢᠶᠡᠨ ᠳᠡᠭᠡᠷ᠎ᠡ ᠭᠠᠷᠬᠤ ᠨᠢᠭᠤᠴᠠ ᠨᠣᠮᠧᠷ ᠢᠶᠠᠨ ᠪᠠᠲᠤ ᠴᠡᠭᠡᠵᠢᠯᠡᠨ᠂ ᠰᠡᠭᠦᠯᠡᠷ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠵᠠᠰᠠᠪᠤᠷᠢ ᠣᠷᠣᠭᠤᠯᠬᠤ᠂ ᠨᠣᠲᠠᠯᠠᠭᠤᠯᠬᠤ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠬᠤ ᠦᠶ᠎ᠡ ᠳᠤ ᠬᠡᠷᠡᠭᠯᠡᠬᠦ ᠬᠡᠷᠡᠭᠲᠡᠢ᠂ ᠪᠤᠰᠤᠳ ᠲᠤ ᠯᠡᠪᠡᠷᠡᠭᠦᠯᠵᠦ ᠪᠣᠯᠬᠤ ᠦᠭᠡᠢ᠃ ᠰᠢᠯᠭᠠᠭᠤᠯᠤᠭᠴᠢᠳ ᠤᠨ ᠬᠤᠪᠢ ᠬᠥᠮᠦᠨ ᠤ ᠰᠢᠯᠲᠠᠭᠠᠨ ᠠᠴᠠ ᠪᠣᠯᠵᠤ ᠨᠢᠭᠤᠴᠠ ᠨᠣᠮᠧᠷ ᠢᠶᠠᠨ ᠯᠡᠪᠡᠷᠡᠭᠦᠯᠦᠭᠡᠳ ᠬᠤᠬᠢᠷᠠᠯ ᠳᠤ ᠤᠴᠠᠷᠠᠭᠰᠠᠨ ᠪᠣᠯ ᠥᠪᠡᠷ ᠲᠡᠭᠡᠨ ᠬᠠᠷᠢᠭᠤᠴᠠᠬᠤ ᠬᠡᠷᠡᠭᠲᠡᠶ᠃      ᠲᠠᠷᠢᠶᠠᠯᠠᠬᠤ᠂ ᠮᠠᠯᠵᠢᠬᠤ ᠭᠡᠷ ᠪᠦᠯᠢ ᠶᠢᠨ ᠡᠷᠦᠬᠡ ᠠᠮᠠ ᠲᠠᠢ ᠰᠢᠯᠭᠠᠭᠤᠯᠤᠭᠴᠢᠳ ᠰᠢᠯᠭᠠᠭᠤᠯᠤᠭᠴᠢ ᠶᠢᠨ ᠲᠥᠷᠥᠯ ᠵᠦᠢᠯ ᠢᠶᠠᠨ ᠬᠥᠳᠡᠭᠡ ᠲᠣᠰᠬᠤᠨ ᠤ ᠲᠤᠰ ᠬᠤᠭᠤᠴᠠᠭᠠᠨ ᠳᠤ ᠲᠡᠭᠦᠰᠬᠦ ᠪᠤᠶᠤ ᠬᠥᠳᠡᠭᠡ ᠲᠣᠰᠬᠤᠨ ᠤ ᠥᠩᠭᠡᠷᠡᠭᠰᠡᠨ ᠵᠢᠯ ᠳᠤ ᠲᠡᠭᠦᠰᠦᠭᠰᠡᠨ ᠢ ᠰᠤᠩᠭᠤᠵᠤ᠂ ᠪᠤᠰᠤᠳ ᠰᠢᠯᠭᠠᠭᠤᠯᠤᠭᠴᠢᠳ ᠬᠤᠲᠠ ᠪᠠᠯᠭᠠᠰᠤ ᠶᠢᠨ ᠲᠤᠰ ᠬᠤᠭᠤᠴᠠᠭᠠᠨ ᠳᠤ ᠲᠡᠭᠦᠰᠬᠦ ᠪᠤᠶᠤ ᠬᠤᠲᠠ ᠪᠠᠯᠭᠠᠰᠤ ᠶᠢᠨ ᠥᠩᠭᠡᠷᠡᠭᠰᠡᠨ ᠵᠢᠯ ᠳᠤ ᠲᠡᠭᠦᠰᠦᠭᠰᠡᠨ ᠢ ᠰᠤᠩᠭᠤᠨ᠎ᠠ᠃      ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠭᠠᠵᠠᠷ ᠣᠷᠣᠨ ᠨᠢ ︽ᠲᠤᠭ᠎ᠠ ᠪᠦᠷᠢᠳᠭᠡᠯ ᠳᠡᠭᠡᠷ᠎ᠡ ᠬᠤᠳᠠ ᠬᠥᠳᠡᠭᠡ ᠶᠢ ᠬᠤᠪᠢᠶᠠᠨ ᠢᠯᠭᠠᠬᠤ ᠲᠣᠭᠲᠠᠭᠠᠯ ᠤᠨ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠣᠬᠤᠯᠠᠪᠤᠷᠢ︾᠎ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠵᠢᠴᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠬᠠᠮᠤᠭ ᠤᠨ ᠰᠢᠨ᠎ᠡ ᠣᠨ ᠤ ︽ᠲᠤᠭ᠎ᠠ ᠪᠦᠷᠢᠳᠬᠡᠯ ᠳᠤ ᠬᠡᠷᠡᠭᠯᠡᠬᠦ ᠣᠷᠣᠨ ᠬᠤᠪᠢᠶᠠᠷᠢᠯᠠᠯ ᠤᠨ ᠣᠷᠣᠯᠠᠬᠤ ᠨᠣᠮᠧᠷ︾ ᠪᠣᠯᠣᠨ ︽ᠲᠤᠭ᠎ᠠ ᠪᠦᠷᠢᠳᠬᠡᠯ ᠳᠤ ᠬᠡᠷᠡᠭᠯᠡᠬᠦ ᠬᠤᠳᠠ ᠬᠥᠳᠡᠭᠡ ᠶᠢᠨ ᠬᠤᠪᠢᠶᠠᠷᠢᠯᠠᠯ ᠤᠨ ᠣᠷᠣᠯᠠᠬᠤ ᠨᠣᠮᠧᠷ︾᠎ ᠢ ᠦᠨᠳᠦᠰᠦᠯᠡᠨ᠂  ᠰᠢᠯᠭᠠᠭᠤᠯᠤᠭᠴᠢᠳ ᠲᠠᠷᠢᠶᠠᠯᠠᠬᠤ᠂ ᠮᠠᠯᠵᠢᠬᠤ ᠭᠡᠷ ᠪᠦᠯᠢ ᠶᠢᠨ ᠡᠷᠦᠬᠡ ᠠᠮᠠ ᠪᠠᠷ ᠬᠠᠨᠳᠤᠬᠤ ᠡᠰᠡᠬᠦ ᠶᠢ ᠲᠣᠭᠲᠠᠭᠠᠨ᠎ᠠ᠃       ᠰᠢᠯᠭᠠᠭᠤᠯᠤᠭᠴᠢᠳ ᠥᠪᠡᠷ ᠤᠨ ᠨᠡᠷ᠎ᠡ ᠮᠡᠳᠡᠭᠦᠯᠵᠦ ᠰᠢᠯᠭᠠᠭᠤᠯᠬᠤ ᠲᠦᠷᠦᠯ ᠵᠦᠢᠯ ᠪᠣᠯᠣᠨ ᠭᠠᠳᠠᠭᠠᠳᠤ ᠬᠡᠯᠡᠨ ᠤ ᠲᠥᠷᠥᠯ ᠢᠯᠭᠠᠯ᠂ ᠶᠠᠮᠠᠷ ᠦᠨᠳᠦᠰᠦᠲᠡᠨ ᠤ ᠦᠭᠡ ᠬᠡᠯᠡ ᠪᠠᠷ ᠰᠢᠯᠭᠠᠭᠤᠯᠬᠤ ᠪᠠᠨ ᠡᠷᠬᠡᠪᠰᠢ ᠵᠥᠪ ᠰᠤᠩᠭᠤᠬᠤ ᠬᠡᠷᠡᠭᠲᠡᠢ᠂ ᠡᠨᠡ ᠭᠤᠷᠪᠠᠨ ᠵᠦᠢᠯ ᠨᠢ  ᠰᠢᠯᠭᠠᠭᠤᠯᠤᠭᠴᠢ ᠶᠢᠨ ᠰᠢᠯᠭᠠᠯᠲᠠ ᠶᠢᠨ ᠬᠢᠴᠢᠶᠡᠯ ᠲᠥᠷᠥᠯ ᠢ ᠲᠣᠭᠲᠠᠭᠠᠨ᠎ᠠ᠂ ᠪᠤᠷᠤᠭᠤ ᠰᠣᠩᠭᠤᠬᠤ ᠳᠤ ᠬᠦᠷᠪᠡᠯ ᠰᠢᠯᠭᠠᠯᠲᠠ ᠵᠢᠴᠢ ᠶᠡᠷᠦᠩᠬᠡᠶ ᠬᠤᠪᠢ ᠪᠤᠳᠤᠬᠤ ᠶᠢ ᠨᠢ ᠨᠥᠯᠥᠭᠡᠯᠡᠬᠦ ᠪᠣᠯᠤᠨ᠎ᠠ᠃      ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠨ ᠰᠢᠯᠭᠠᠭᠤᠯᠬᠤ ᠭᠡᠵᠦ ᠪᠠᠶᠢᠭ᠎ᠠ ᠰᠢᠯᠭᠠᠭᠤᠯᠤᠭᠴᠢᠳ ᠥᠪᠡᠷ ᠤᠨ ᠢᠶᠠᠨ ᠪᠤᠳᠠᠳᠤ ᠪᠠᠶᠢᠳᠠᠯ ᠪᠣᠯᠣᠨ ᠰᠢᠯᠭᠠᠭᠤᠯᠬᠤ ᠭᠡᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠵᠢᠴᠢ ᠲᠤᠰᠬᠠᠶ ᠮᠡᠷᠭᠡᠵᠢᠯ ᠢ ᠦᠨᠳᠦᠰᠦᠯᠡᠨ᠂ ᠵᠣᠬᠢᠴᠠᠯᠳᠤᠭᠰᠠᠨ ᠨᠡᠷ᠎ᠡ ᠮᠡᠳᠡᠭᠦᠯᠦᠨ ᠰᠢᠯᠭᠠᠭᠤᠯᠬᠤ ᠲᠦᠷᠦᠯ ᠵᠦᠢᠯ ᠢᠶᠠᠨ ᠰᠤᠩᠭᠤᠨ᠎ᠠ᠃      ᠪᠡᠶ᠎ᠡ ᠶᠢᠨ ᠲᠠᠮᠢᠷ ᠤᠨ ᠲᠥᠷᠥᠯ ᠤᠨ ᠰᠢᠯᠭᠠᠭᠤᠯᠤᠭᠴᠢᠳ ᠨᠡᠷ᠎ᠡ ᠮᠡᠳᠡᠭᠦᠯᠬᠦ ᠳᠡᠭᠡᠨ ᠲᠠᠮᠢᠷ ᠤᠨ ᠲᠤᠰᠬᠠᠶ ᠵᠦᠢᠯ ᠤᠨ ᠨᠡᠷᠡᠶᠢᠳᠦᠯ ᠢ ᠰᠣᠩᠭᠤᠬᠤ ᠬᠡᠷᠡᠭᠲᠡᠶ︔  ᠦᠨᠳᠦᠷ ᠬᠢᠷᠢ ᠲᠦᠪᠰᠢᠨ ᠤ ᠲᠠᠮᠢᠷᠴᠢᠨ᠂ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠮᠠᠩᠯᠠᠶᠢᠯᠠᠭᠰᠠᠨ ᠰᠢᠯᠭᠠᠭᠤᠯᠤᠭᠴᠢᠳ ᠨᠡᠷ᠎ᠡ ᠮᠡᠳᠡᠭᠦᠯᠬᠦ ᠳᠡᠭᠡᠨ ᠥᠪᠡᠷ ᠤᠨ ᠣᠯᠤᠭᠰᠠᠨ ᠬᠢᠷᠢ ᠬᠡᠮ ᠤᠨ ᠭᠡᠷᠡᠴᠢ ᠮᠠᠲ᠋ᠧᠷᠢᠶᠠᠯ ᠲᠠᠢ ᠨᠡᠶᠢᠴᠡᠬᠦ ᠲᠤᠰᠬᠠᠶ ᠲᠤᠷᠰᠢᠨ ᠰᠢᠯᠭᠠᠬᠤ ᠲᠥᠷᠥᠯ ᠵᠦᠢᠯ ᠢ ᠰᠤᠩᠭᠤᠬᠤ ᠬᠡᠷᠡᠭᠲᠡᠢ᠃ 2017 ᠣᠨ ᠠᠴᠠ ᠡᠬᠢᠯᠡᠨ᠂ ᠪᠡᠶ᠎ᠡ ᠶᠢᠨ ᠲᠠᠮᠢᠷ ᠤᠨ ᠲᠥᠷᠥᠯ ᠤᠨ ᠰᠢᠯᠭᠠᠭᠤᠯᠤᠭᠴᠢᠳ ᠤᠨ ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠳᠤ ᠲᠤᠰᠬᠠᠢ ᠲᠤᠷᠰᠢᠬᠤ ᠰᠢᠯᠭᠠᠯᠲᠠ ᠬᠢᠬᠦ ᠦᠭᠡᠢ᠃ ᠵᠥᠪᠬᠡᠨ ᠲᠠᠮᠢᠷ ᠤᠨ ᠪᠣᠯᠪᠠᠰᠤᠷᠠᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠮᠡᠷᠭᠡᠵᠢᠯ ᠳᠤ ᠮᠡᠳᠡᠭᠦᠯᠦᠨ ᠰᠢᠯᠭᠠᠭᠤᠯᠵᠤ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠬᠤ ᠦᠭᠡᠢ ᠰᠢᠯᠭᠠᠭᠤᠯᠤᠭᠴᠢ ᠲᠠᠭᠯᠠᠨ ᠮᠡᠳᠡᠭᠦᠯᠬᠦ ᠰᠢᠯᠭᠠᠯᠲᠠ ᠶᠢᠨ ᠲᠦᠷᠦᠯ ᠵᠦᠢᠯ ᠢᠶᠠᠨ ︽ᠲᠠᠮᠢᠷ ᠤᠨ ᠪᠣᠯᠪᠠᠰᠤᠷᠠᠯ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ︾᠎ ᠢ ᠰᠤᠩᠭᠤᠨ᠎ᠠ︔ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠠᠵᠢᠯ ᠮᠡᠷᠭᠡᠵᠢᠯ ᠢᠶᠠᠷ ᠎ ᠨᠢ ᠡᠯᠰᠡᠬᠦ ᠡᠯ᠎ᠡ ᠬᠢᠴᠢᠶᠡᠯ ᠲᠥᠷᠥᠯ ᠤᠨ ᠰᠢᠯᠭᠠᠭᠤᠯᠤᠭᠴᠢ ᠪᠣᠯ ︽ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ︾  ᠎ ᠶᠢ ᠰᠤᠩᠭᠤᠨ᠎ᠠ︔ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠ ᠵᠡᠷᠭᠡ ᠠᠴᠠ ᠳᠡᠭᠡᠳᠦ ᠵᠡᠷᠭᠡ ᠳᠤ ᠰᠢᠯᠵᠢᠬᠦ ᠰᠢᠯᠭᠠᠭᠤᠯᠤᠭᠴᠢ ᠪᠣᠯ ︽ᠭᠤᠷᠪᠠ ᠬᠤᠶᠠᠷ ᠬᠤᠪᠢᠶᠠᠬᠤ︾᠎ ᠶᠢ ᠰᠤᠩᠭᠤᠨ᠎ᠠ︔ ᠲᠢᠶᠠᠨᠵᠢᠨ ᠤ ᠠᠵᠢᠯ ᠮᠡᠷᠭᠡᠵᠢᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠰ ᠢᠶᠠᠷ ᠢᠶᠠᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠪᠣᠯ ︽ᠲᠤᠰᠬᠠᠢ ᠮᠡᠷᠭᠡᠵᠢᠯ ᠤᠨ ᠪᠠᠭᠰᠢ︾᠎ ᠶᠢ ᠰᠤᠩᠭᠤᠨ᠎ᠠ︔ ᠣᠨᠴᠤᠭᠤᠢ ᠰᠤᠷᠭᠠᠨ ᠬᠥᠮᠥᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠪᠣᠯ ︽ᠠᠰᠳᠠᠭᠠᠨ ᠰᠢᠯᠭᠠᠯᠲᠠ︾᠎ ᠶᠢ ᠰᠤᠩᠭᠤᠨ᠎ᠠ︔ ᠪᠤᠰᠤᠳ ᠰᠢᠯᠭᠠᠭᠤᠯᠤᠭᠴᠢᠳ ᠪᠣᠯ ︽ᠨᠠᠮᠤᠷ ᠤᠨ ᠨᠢᠭᠡᠳᠦᠯᠲᠡᠶ ᠰᠢᠯᠭᠠᠯᠲᠠ︾᠎ ᠶᠢ ᠰᠤᠩᠭᠤᠨ᠎ᠠ᠃      ᠰᠤᠷᠤᠯᠴᠠᠵᠤ ᠪᠠᠶᠢᠭ᠎ᠠ ᠰᠤᠷᠭᠠᠭᠤᠯᠢ ᠨᠢ ᠲᠣᠬᠠᠢ ᠶᠢᠨ ᠲᠠᠯᠠᠪᠠᠢ ᠶᠢᠨ ᠨᠣᠲᠠᠯᠠᠯᠲᠠ ᠶᠢ ᠵᠣᠬᠢᠶᠠᠨ   ᠪᠠᠶᠢᠭᠤᠯᠬᠤ ᠰᠢᠯᠭᠠᠭᠤᠯᠤᠭᠴᠢ ᠪᠣᠯ ︽ᠰᠤᠷᠭᠠᠭᠤᠯᠢ ᠠᠴᠠ ᠨᠡᠷ᠎ᠡ ᠮᠡᠳᠡᠭᠦᠯᠬᠦ︾᠎ ᠶᠢ ᠰᠤᠩᠭᠤᠵᠤ᠂ ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠢ ᠲᠤᠬᠠᠶ ᠶᠢᠨ ᠲᠠᠯᠠᠪᠠᠶ ᠶᠢᠨ ᠨᠣᠲᠠᠯᠠᠯᠲᠠ ᠬᠢᠬᠦ ᠪᠤᠰᠤᠳ ᠰᠢᠯᠭᠠᠭᠤᠯᠤᠭᠴᠢᠳ ᠪᠣᠯ ︽ᠰᠤᠷᠤᠭᠴᠢ ᠡᠯᠰᠡᠬᠦ ᠠᠯᠪᠠᠨ ᠭᠡᠷ ᠠᠴᠠ ᠨᠡᠷ᠎ᠡ ᠮᠡᠳᠡᠭᠦᠯᠬᠦ︾᠎ ᠶᠢ ᠰᠤᠩᠭᠤᠬᠤ ᠬᠡᠷᠡᠭᠲᠡᠶ᠃      ᠣᠷᠣᠨ ᠤ ᠭᠠᠳᠠᠨ᠎ᠠ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ  ᠣᠯᠣᠭᠰᠠᠨ ᠰᠢᠯᠭᠠᠭᠤᠯᠤᠭᠴᠢ ᠤᠷᠢᠳᠴᠢᠯᠠᠨ ᠨᠡᠷ᠎ᠡ ᠮᠡᠳᠡᠭᠦᠯᠬᠦ ᠳᠡᠭᠡᠨ ᠵᠣᠬᠢᠴᠠᠩᠭᠤᠶ ᠵᠡᠷᠭᠡ ᠲᠡᠰ ᠤᠨ ᠬᠢᠷᠢ ᠪᠦᠲᠦᠮᠵᠢ ᠪᠠᠨ ᠲᠠᠭᠯᠠᠵᠤ᠂ ᠲᠤᠬᠠᠶ ᠶᠢᠨ ᠲᠠᠯᠠᠪᠠᠶ ᠳᠤ ᠨᠤᠲᠠᠯᠠᠬᠤ ᠦᠶᠡᠰ ᠬᠢᠷᠢ ᠪᠦᠲᠦᠮᠵᠢ ᠶᠢᠨ ᠬᠠᠭᠤᠳᠠᠰᠤ ᠪᠠᠨ ᠲᠤᠰᠢᠶᠠᠬᠤ ᠬᠡᠷᠡᠭᠲᠡᠢ᠃      ᠤᠷᠢᠳᠴᠢᠯᠠᠨ ᠨᠡᠷ᠎ᠡ ᠮᠡᠳᠡᠭᠦᠯᠬᠦ ᠳᠤ᠂ ᠰᠢᠯᠭᠠᠭᠤᠯᠤᠭᠴᠢᠳ ᠨᠢᠭᠡᠨᠲᠡ ᠣᠯᠣᠭᠰᠠᠨ ᠪᠤᠶᠤ  ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠠᠷᠠᠭᠠᠯᠵᠠᠬᠤ ᠲᠥᠷᠥᠯ ᠵᠦᠢᠯ ᠢ ᠦᠨᠳᠦᠰᠦᠯᠡᠨ ᠰᠢᠯᠭᠠᠭᠤᠯᠤᠭᠴᠢ ᠳᠤ ᠲᠣᠬᠢᠷᠠᠯᠴᠠᠭᠰᠠᠨ ᠣᠨᠴᠠᠯᠢᠭ ᠢ ᠰᠤᠩᠭᠤᠬᠤ ᠶᠢᠨ ᠬᠠᠮᠲᠤ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠤᠨ ᠡᠬᠡ ᠮᠠᠲ᠋ᠧᠷᠢᠶᠡᠯ ᠪᠣᠯᠤᠨ ᠬᠠᠭᠤᠯᠪᠤᠷᠢ ᠶᠢ ᠪᠡᠯᠡᠳᠬᠡᠬᠦ ᠬᠡᠷᠡᠭᠲᠡᠢ︔ ᠰᠤᠩᠭᠤᠯᠲᠠ ᠬᠢᠭᠰᠡᠨ ᠦᠭᠡᠢ ᠪᠣᠯ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠠᠷᠠᠭᠠᠯᠵᠠᠯ ᠢ ᠲᠠᠶᠠᠭᠳᠠᠭᠰᠠᠨ ᠢᠶᠠᠷ ᠦᠵᠡᠵᠦ᠂ ᠨᠡᠷ᠎ᠡ ᠮᠡᠳᠡᠭᠦᠯᠬᠦ ᠠᠵᠢᠯ ᠳᠠᠭᠤᠰᠪᠠᠯ ᠳᠠᠬᠢᠨ ᠬᠦᠯᠢᠶᠡᠨ ᠠᠪᠴᠤ ᠭᠦᠢᠴᠡᠳᠬᠡᠬᠦ ᠦᠭᠡᠢ᠃       ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠬᠤᠪᠢ ᠨᠡᠮᠡᠬᠦ ᠲᠥᠷᠥ ᠶᠢᠨ ᠪᠣᠳᠣᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠠᠴᠠ ᠡᠬᠢᠯᠡᠨ ᠬᠡᠷᠡᠭᠵᠢᠭᠦᠯᠬᠦ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠵᠦᠢᠯ ᠪᠣᠯᠤᠨ ᠬᠤᠪᠢ ᠶᠢᠨ ᠬᠡᠮᠵᠢᠭᠳᠡᠯ ᠤᠨ ᠬᠡᠷᠡᠭᠵᠢᠭᠦᠯᠬᠦ ᠲᠥᠰᠦᠯ﹀᠎ ᠢ ᠳᠠᠷᠤᠮᠠᠯᠯᠠᠨ ᠲᠠᠷᠬᠠᠭᠠᠬᠤ ᠲᠣᠬᠠᠢ ᠮᠡᠳᠡᠭᠳᠡᠯ︾᠎ ᠤᠨ ᠶᠣᠰᠣᠭᠠᠷ ᠬᠡᠷᠡᠭᠵᠢᠭᠦᠯᠦᠨ᠎ᠡ᠃  ᠤᠷᠢᠳᠠᠪᠡᠷ ᠡᠯᠰᠡᠬᠦ ᠰᠤᠷᠭᠠᠨ ᠬᠥᠮᠦᠵᠢᠯ ᠤᠨ ᠶᠠᠮᠤᠨ ᠤ ᠲᠤᠰ ᠵᠢᠯ ᠤᠨ ᠰᠤᠷᠤᠭᠴᠢ ᠡᠯᠰᠡᠬᠦ ᠪᠢᠴᠢᠭ ᠮᠠᠲ᠋ᠧᠷᠢᠶᠠᠯ ᠳᠠᠬᠢ ᠬᠠᠮᠢᠶ᠎ᠠ ᠪᠦᠬᠦᠢ ᠵᠦᠢᠯ ᠵᠤᠷᠪᠤᠰ ᠪᠣᠯᠤᠨ ᠪᠤᠰᠤᠳ ᠬᠠᠮᠢᠶ᠎ᠠ ᠪᠦᠬᠦᠢ ᠲᠣᠭᠲᠠᠭᠠᠯ ᠶᠤᠰᠣᠭᠠᠷ ᠬᠡᠷᠡᠭᠵᠢᠭᠦᠯᠦᠨ᠎ᠡ᠃ ᠡᠭᠦᠨ ᠳᠤ᠂ ᠪᠡᠶ᠎ᠡ ᠶᠢᠨ ᠲᠠᠮᠢᠷ᠂ ᠣᠯᠢᠮᠫᠢᠺ ᠤᠨ ᠲᠣᠭᠠᠨ ᠤ ᠤᠬᠠᠭᠠᠨ ᠤ ᠮᠦᠷᠦᠶᠢᠴᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠪᠣᠯᠣᠨ ᠦᠵᠡᠯ ᠰᠠᠨᠠᠭ᠎ᠠ ᠶᠣᠰᠣ ᠮᠣᠷᠠᠯ ᠤᠨ ᠲᠤᠪᠤᠶᠢᠮ᠎ᠠ ᠦᠢᠯᠡ ᠠᠵᠢᠯᠯᠠᠭ᠎ᠠ ᠲᠠᠢ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠲᠣᠭᠲᠠᠭᠠᠯ ᠢᠶᠠᠷ ᠬᠤᠪᠢ ᠨᠡᠮᠡᠬᠦ ᠬᠠᠷᠠᠭᠠᠯᠵᠠᠯ ᠢ ᠭᠥᠷᠳᠡᠬᠦ ᠰᠢᠯᠭᠠᠭᠤᠯᠤᠭᠴᠢᠳ ᠤᠨ ᠲᠤᠰᠢᠶᠠᠭᠰᠠᠨ ᠬᠤᠪᠢ ᠨᠡᠮᠡᠬᠦ ᠮᠠᠲ᠋ᠧᠷᠢᠶᠠᠯ ᠤᠨ ᠲᠤᠰᠬᠠᠭᠰᠠᠨ ᠴᠠᠭ ᠨᠢ ᠡᠷᠬᠡᠪᠰᠢ 2015 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠮᠦᠨ᠎ᠡ ᠪᠠᠶᠢᠬᠤ ᠬᠡᠷᠡᠭᠲᠡᠢ᠃ ᠴᠡᠷᠢᠭ ᠤᠨ ᠲᠥᠷᠥᠯ ᠤᠨ ᠤᠷᠢᠳᠠᠪᠡᠷ ᠡᠯᠰᠡᠬᠦ ᠬᠠᠷᠠᠭᠠᠯᠵᠠᠯ ᠢ ᠬᠦᠷᠲᠡᠬᠦ ᠰᠢᠯᠭᠠᠭᠤᠯᠤᠭᠴᠢᠳ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ  ᠬᠠᠮᠢᠶ᠎ᠠ ᠪᠦᠬᠦᠢ ᠲᠣᠭᠲᠠᠭᠠᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃      ᠡᠯᠰᠡᠬᠦ ᠦᠶ᠎ᠡ ᠳᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠠᠨᠳᠤᠯᠭᠠᠲᠤ ᠰᠤᠷᠤᠭᠴᠢ ᠡᠯᠰᠡᠬᠦ ᠲᠤᠰᠬᠠᠶ ᠲᠥᠯᠥᠪᠯᠡᠭᠡ ︵ᠡᠭᠦᠨ ᠳᠤ ᠤᠯᠤᠰ ᠤᠨ ᠲᠤᠰᠬᠠᠶ ᠲᠥᠯᠥᠪᠯᠡᠭᠡ᠂ ᠣᠷᠣᠨ ᠨᠤᠲᠤᠭ ᠤᠨ ᠲᠤᠰᠬᠠᠶ ᠲᠥᠯᠥᠪᠯᠡᠭᠡ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ︶ ᠪᠣᠯᠣᠨ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠭᠠᠲᠤ ᠬᠠᠨᠳᠤᠯᠭᠠᠲᠤ ᠰᠦᠢᠳᠬᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠵᠢᠩᠬᠢᠨᠢ ᠠᠩᠭᠢ ᠶᠢᠨ ᠰᠤᠷᠤᠭᠴᠢ ᠡᠯᠰᠡᠬᠦ ᠳᠤ ᠣᠷᠣᠯᠴᠠᠬᠤ ᠰᠠᠨᠠᠭ᠎ᠠ ᠲᠠᠢ ᠰᠢᠯᠭᠠᠭᠤᠯᠤᠭᠴᠢᠳ ᠤᠷᠢᠳᠴᠢᠯᠠᠨ ᠨᠡᠷ᠎ᠡ ᠮᠡᠳᠡᠭᠦᠯᠬᠦ ᠳᠡᠭᠡᠨ ᠡᠷᠬᠡᠪᠰᠢ ᠵᠣᠬᠢᠴᠠᠩᠭᠤᠶ ᠲᠥᠷᠥᠯ ᠵᠦᠢᠯ ᠢ ᠰᠤᠩᠭᠤᠬᠤ ᠶᠢᠨ ᠬᠠᠮᠲᠤ ᠡᠴᠢᠭᠡ ᠡᠬᠡ ︵ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠬᠢᠭᠡᠳ ᠥᠪᠡᠷ ᠤᠨ ᠡᠷᠦᠬᠡ ᠠᠮᠠ ᠶᠢᠨ ᠳᠡᠪᠲᠡᠷ ᠪᠣᠯᠤᠨ ᠬᠠᠭᠤᠯᠪᠤᠷᠢ ᠶᠢ ᠱᠠᠭᠠᠷᠳᠠᠯᠭ᠎ᠠ ᠶᠤᠰᠣᠭᠠᠷ ᠲᠤᠰᠢᠶᠠᠵᠤ᠂ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠰᠢᠯᠭᠠᠭᠤᠯᠤᠭᠴᠢ ᠰᠠᠶ᠋ᠢ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠣᠯᠣᠨ᠎ᠠ︔ ᠰᠤᠩᠭᠤᠯᠲᠠ ᠬᠢᠭᠰᠡᠨ ᠦᠭᠡᠢ ᠪᠣᠯ ᠲᠤᠰ ᠲᠥᠷᠥᠯ ᠵᠦᠢᠯ ᠤᠨ ᠡᠯᠰᠡᠯᠲᠡ ᠶᠢᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠲᠠᠶᠠᠭᠳᠠᠭᠰᠠᠨ ᠢᠶᠠᠷ ᠦᠵᠡᠵᠦ᠂ ᠲᠤᠰ ᠲᠥᠷᠥᠯ ᠵᠦᠢᠯ ᠤᠨ ᠡᠯᠰᠡᠯᠲᠡ ᠳᠤ ᠣᠷᠣᠯᠴᠠᠵᠤ ᠪᠣᠯᠬᠤ ᠦᠭᠡᠢ᠃  ᠡᠳᠡᠭᠡᠷ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠳᠤ 2016 ᠣᠨ ᠤ ᠰᠤᠷᠭᠠᠨ ᠬᠥᠮᠦᠵᠢᠯ ᠤᠨ ᠶᠠᠮᠤᠨ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠶᠣᠰᠣᠭᠠᠷ ᠲᠦᠷ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号