ᠪᠦ᠋ ᠰᠢᠶᠤᠤ ᠯᠢᠨ᠄ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠵᠦ ᠰᠤᠶᠤᠯ ᠤᠨ ᠴᠡᠴᠡᠭᠯᠡᠯᠳᠡ ᠬᠦᠭᠵᠢᠯᠳᠠ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2016-11-24
     11 ᠳ᠋ᠦ᠋ᠭᠡᠷ ᠰᠠᠷ᠎ᠠ ᠶᠢᠨ 23 ᠤ ᠡᠳᠦᠷ᠂ ᠪᠦ᠋ ᠰᠢᠶᠤᠤ ᠯᠢᠨ ᠨᠦᠭᠦᠷ ᠤᠷᠢᠳ ᠬᠤᠵᠢᠳ ᠲᠦᠡᠭᠯᠢᠶᠤᠤ ᠬᠤᠳᠠ ᠶᠢᠨ ᠲᠦᠯᠦᠭᠡᠯᠡᠭᠴᠢᠳ ᠤᠨ ᠪᠦᠯᠭᠦᠮ ᠪᠠ ᠰᠢᠯᠢ ᠶᠢᠨ ᠭᠤᠤᠯ ᠠᠶᠢᠮᠠᠬ ᠤᠨ ᠲᠦᠯᠦᠭᠡᠯᠡᠭᠴᠢᠳ ᠤᠨ ᠪᠦᠯᠭᠦᠮ ᠳᠤ ᠬᠦᠷᠴᠤ᠂ ᠲᠦᠯᠦᠭᠡᠯᠡᠭᠴᠢᠳ ᠲᠠᠢ ᠬᠠᠮᠳᠣ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠢ ᠬᠢᠨᠠᠨ ᠵᠦᠪᠯᠡᠬᠦ ᠳᠡᠭᠡᠨ ᠵᠢᠭᠠᠵᠣ ᠭᠠᠷᠭᠠᠭᠰᠠᠨ ᠨᠢ᠂ ᠪᠤᠬᠢᠷᠳᠤᠯ ᠦᠭᠡᠢ ᠬᠦᠭᠵᠢᠯᠳᠠ ᠶᠢ ᠪᠠᠷᠢᠮᠳᠠᠯᠠᠵᠦ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ︔ ᠦᠨᠳᠦᠰᠦᠳᠡᠨ ᠤ ᠰᠢᠯᠢᠳᠡᠭ ᠰᠤᠶᠤᠯ ᠢ ᠰᠠᠶᠢᠳᠤᠷ ᠬᠠᠮᠠᠭᠠᠯᠠᠵᠣ ᠤᠯᠠᠮᠵᠢᠯᠠᠨ ᠵᠠᠯᠭᠠᠮᠵᠢᠯᠠᠵᠦ᠂ ᠢᠯᠡ ᠳᠣᠳᠣ ᠤᠷᠤᠨ ᠨᠤᠳᠤᠬ ᠤᠨ ᠤᠨᠴᠠᠯᠢᠭ ᠲᠠᠢ ᠰᠤᠶᠤᠯ  ᠤᠨ ᠲᠦᠷᠦᠯ ᠲᠡᠮᠳᠡᠭ ᠢ ᠡᠭᠦᠳᠴᠦ᠂ ᠨᠡᠶᠢᠭᠡᠮ ᠵᠢᠷᠤᠮ ᠤᠨ ᠰᠤᠶᠤᠯ ᠤᠨ ᠶᠡᠭᠡ ᠬᠦᠭᠵᠢᠯᠳᠠ ᠶᠡᠭᠡ ᠴᠡᠴᠡᠭᠯᠡᠯᠳᠡ ᠶᠢ ᠠᠬᠢᠭᠤᠯᠬᠤ ᠬᠡᠷᠡᠭᠳᠡᠢ ᠭᠡᠪᠡ᠃      ᠬᠢᠨᠠᠨ ᠵᠦᠪᠯᠡᠭᠦ ᠬᠤᠷᠠᠯ ᠤᠨ ᠲᠠᠯᠠᠪᠠᠢ ᠳᠤ᠂ ᠨᠠᠮ ᠤᠨ ᠲᠦᠯᠦᠭᠡᠯᠡᠭᠴᠢᠳ ᠠᠮᠵᠢᠯᠳᠠ ᠪᠦᠳᠦᠮᠵᠢ ᠪᠠᠨ ᠳᠡᠯᠭᠡᠵᠦ᠂ ᠪᠠᠶᠢᠳᠠᠯ ᠢ ᠵᠠᠳᠠᠯᠵᠣ᠂ ᠵᠥᠷᠢᠶ᠎ᠡ ᠪᠠᠨ ᠡᠷᠢᠵᠦ᠂ ᠬᠦᠭᠵᠢᠯᠳᠠ ᠶᠢ ᠵᠦᠪᠯᠡᠨ᠎ᠡ᠃ ᠣᠯᠠᠨ ᠢᠶᠠᠷ ᠢᠶᠠᠨ ᠰᠠᠨᠠᠯ ᠨᠢᠭᠡᠳᠡᠢ ᠦᠵᠡᠭᠰᠡᠨ ᠨᠢ᠂ ᠯᠢ ᠵᠢᠢ ᠾᠸᠡᠭ ᠱᠦᠵᠢ ᠶᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠵᠦ ᠬᠢᠭᠰᠡᠨ ᠢᠯᠡᠳᠭᠡᠯ ᠨᠢ ᠭᠤᠤᠯ ᠰᠡᠳᠦᠪ ᠢᠯᠡ ᠲᠤᠳᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠠᠭᠤᠯᠬᠤᠨ ᠨᠢ ᠡᠯᠪᠡᠭ ᠪᠠᠶᠠᠯᠢᠭ ᠪᠠᠶᠢᠵᠣ᠂ ᠢᠳᠡᠭᠡᠯ ᠵᠤᠷᠢᠭ ᠢ ᠬᠥᠪᠴᠢᠯᠠᠵᠤ᠂ ᠬᠦᠮᠦᠰ ᠢ ᠤᠷᠮᠠᠰᠢᠭᠤᠯᠤᠨ ᠲᠠᠪᠰᠢᠭᠤᠯᠬᠤ ᠰᠠᠶᠢᠨ ᠢᠯᠡᠳᠭᠡᠯ ᠪᠤᠯᠪᠠ ᠭᠡᠪᠡ᠃      ᠪᠦ᠋ ᠰᠢᠶᠤᠤ ᠯᠢᠨ ᠲᠦᠯᠦᠭᠡᠯᠡᠭᠴᠢᠳ ᠤᠨ ᠶᠠᠷᠢᠬᠤ ᠶᠢ ᠬᠢᠨᠠᠮᠠᠭᠠᠢ ᠰᠤᠨᠤᠰᠴᠦ᠂ ᠪᠠᠶᠢᠨ ᠳᠠᠬᠢᠨ ᠦᠭᠡ ᠶᠢ ᠨᠢ ᠡᠯᠭᠦᠨ ᠪᠠᠶᠢᠳᠠᠯ ᠢ ᠣᠢᠢᠯᠠᠭᠠᠨ ᠪᠣᠳᠣᠯ ᠢᠶᠠᠨ ᠰᠣᠯᠢᠯᠴᠠᠪᠠ᠃ ᠲᠡᠷᠡ ᠵᠢᠭᠠᠵᠦ ᠭᠠᠷᠭᠠᠬᠰᠠᠨ ᠨᠢ᠂ ᠬᠤᠶᠢᠰᠢᠳᠠ ᠶᠢᠨ 5 ᠵᠢᠯ ᠪᠤᠯ ᠮᠠᠨ ᠤ ᠤᠷᠤᠨ ᠤ ᠬᠦᠭᠵᠢᠯᠳᠠ ᠶᠢᠨ ᠶᠠᠪᠤᠴᠠ ᠳᠣᠮᠳᠠᠬᠢ ᠮᠠᠰᠢ ᠴᠢᠬᠤᠯᠠ᠂ ᠮᠠᠰᠢ ᠵᠠᠩᠭᠢᠯᠠᠭ᠎ᠠ ᠶᠢᠨ ᠨᠢᠭᠡ ᠬᠡᠰᠡᠭ ᠬᠤᠭᠤᠴᠠᠭ᠎ᠠ ᠪᠤᠯᠤᠨ᠎ᠠ᠃ ᠢᠯᠡᠳᠭᠡᠯ ᠳᠠᠬᠢ ᠪᠠᠶᠢᠳᠠᠯ ᠤᠨ ᠵᠠᠳᠠᠯᠤᠯᠳᠠ ᠮᠠᠰᠢ ᠨᠡᠪᠳᠡᠷᠬᠡᠢ ᠪᠦᠭᠡᠳ ᠬᠦᠨᠵᠡᠭᠡᠢ᠂ ᠬᠤᠶᠢᠰᠢᠳᠠ ᠶᠢᠨ ᠠᠵᠢᠯ ᠢ ᠪᠠᠶᠢᠷᠢᠯᠠᠭᠤᠯᠤᠭᠰᠠᠨ ᠵᠤᠬᠰᠤᠴᠠ ᠦᠨᠳᠤᠷ᠂ ᠰᠡᠳᠭᠢᠴᠡ ᠲᠤᠳᠤᠷᠬᠠᠢ᠂ ᠠᠷᠭ᠎ᠠ ᠬᠡᠮᠵᠢᠶ᠎ᠡ ᠪᠤᠳᠠᠳᠠᠢ᠃ ᠢᠯᠡᠳᠭᠡᠯ ᠢ ᠰᠠᠶᠢᠳᠤᠷ ᠰᠤᠷᠤᠯᠴᠠᠵᠦ ᠲᠤᠤᠱᠯᠠᠭᠤᠯᠬᠤ ᠨᠢ ᠮᠠᠨ ᠤ ᠬᠤᠶᠢᠰᠢᠳᠠ ᠶᠢᠨ ᠨᠢᠭᠡ ᠭᠡᠰᠡᠭ ᠬᠤᠭᠤᠴᠠᠭᠠᠨ ᠤ ᠬᠦᠭᠵᠢᠯᠳᠠ ᠳᠤ ᠲᠦᠢᠯ ᠤᠨ ᠴᠢᠬᠤᠯᠠ ᠶᠤᠮ ᠬᠡᠪᠡ᠃      ᠪᠦ᠋ ᠰᠢᠶᠤᠤ ᠯᠢᠨ ᠬᠡᠯᠡᠭᠰᠡᠨ ᠨᠢ᠂ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠦᠳᠦᠭᠡᠨ ᠪᠠᠶᠢᠭᠤᠯᠬᠤ ᠪᠤᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠳᠤ ᠲᠠᠯᠪᠢᠬᠰᠠᠨ ᠬᠦᠰᠡᠯ ᠨᠡᠶᠢᠳᠡᠯᠭ᠎ᠠ ᠪᠣᠯᠣᠨ᠎ᠠ᠂ ᠮᠠᠨ ᠤ ᠡᠭᠦᠷᠬᠡᠯᠡᠵᠦ ᠪᠠᠶᠢᠭ᠎ᠠ ᠴᠢᠬᠤᠯᠠ ᠬᠠᠷᠢᠭᠤᠴᠠᠯᠭ᠎ᠠ ᠪᠣᠯᠣᠨ᠎ᠠ᠃ ᠢᠯᠡᠳᠭᠡᠯ ᠳᠤ ᠭᠤᠷᠪᠠᠨ ᠬᠤᠷᠢᠭ᠎ᠠ ᠱᠤᠭᠤᠮ ᠢ ᠰᠠᠬᠢᠬᠤ ᠳᠣᠬᠠᠢ ᠳᠣᠷᠠᠳᠪᠠ᠂ ᠡᠭᠦᠨ ᠤ ᠨᠢᠭᠡ ᠨᠢ ᠲᠠᠷᠤᠢ ᠠᠮᠢ ᠠᠬᠤᠢ ᠶᠢᠨ ᠬᠤᠷᠢᠭ᠎ᠠ ᠱᠤᠭᠤᠮ ᠢ ᠰᠠᠬᠢᠬᠤ ᠶᠠᠪᠣᠳᠠᠯ ᠪᠤᠯᠤᠨ᠎ᠠ᠃ ᠪᠢᠳᠡ ᠨᠢᠳᠦᠨ ᠴᠡᠴᠡᠭᠡᠢ ᠪᠠᠨ ᠬᠠᠮᠠᠭᠠᠯᠠᠬᠤ ᠰᠢᠭ᠋ ᠠᠮᠢ ᠠᠬᠤᠢ ᠶᠢᠨ ᠤᠷᠴᠢᠨ ᠲᠤᠭᠤᠷᠢᠨ ᠢᠶᠠᠨ ᠬᠠᠮᠠᠭᠠᠯᠠᠵᠤ᠂ ᠠᠮᠢ ᠨᠠᠰᠤᠨ ᠳᠠᠭᠠᠨ ᠬᠠᠨᠳᠤᠬᠤ ᠰᠢᠭ᠋ ᠠᠮᠢ ᠠᠬᠤᠢ ᠶᠢᠨ ᠤᠷᠴᠢᠨ ᠲᠤᠭᠤᠷᠢᠨ ᠳᠤ ᠬᠠᠨᠳᠤᠵᠤ᠂ ᠨᠤᠮᠢᠨ ᠨᠤᠭᠤᠭᠠᠨ ᠢ ᠬᠠᠶᠢᠷᠠᠯᠠᠨ ᠪᠤᠬᠢᠷᠳᠦᠯ ᠦᠭᠡᠢ ᠪᠠᠶᠢᠬᠤ ᠶᠢ ᠪᠠᠳᠣᠯᠠᠬᠤ ᠬᠡᠷᠡᠭᠳᠡᠢ᠃ ᠡᠯ᠎ᠠ ᠭᠠᠵᠠᠷ ᠤᠷᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠦᠷᠦᠯ ᠵᠦᠢᠯ ᠢ ᠬᠡᠷᠡᠭᠵᠢᠭᠦᠯᠭᠦ ᠳᠤ ᠤᠷᠴᠢᠨ ᠲᠤᠭᠤᠷᠢᠨ ᠢ ᠬᠠᠮᠠᠭᠠᠯᠠᠬᠤ ︽ᠨᠡᠮᠡᠭᠦ ᠠᠷᠭ᠎ᠠ︾ ᠶᠢ ᠬᠡᠷᠡᠭᠯᠡᠵᠤ᠂ ᠶᠠᠭᠠᠬᠢᠬᠰᠠᠨ ᠴᠤ ᠤᠷᠴᠢᠨ ᠲᠤᠭᠤᠷᠢᠨ ᠤ ᠲᠠᠭᠠᠭᠠᠬᠤ ᠴᠢᠳᠠᠪᠤᠷᠢ ᠠᠴᠠ ᠬᠡᠳᠦᠷᠡᠭᠦᠯᠵᠦ ᠪᠤᠯᠬᠤ ᠦᠭᠡᠢ᠂ ᠶᠠᠭᠠᠬᠢᠬᠰᠠᠨ ᠴᠤ ᠤᠷᠴᠢᠨ ᠲᠤᠭᠤᠷᠢᠨ ᠤ ᠪᠠᠭᠳᠠᠭᠠᠮᠵᠢ ᠶᠡᠭᠡ ᠬᠡᠳ ᠤᠷᠴᠢᠨ ᠲᠤᠭᠤᠷᠢᠨ ᠢ ᠬᠠᠮᠠᠭᠠᠯᠠᠬᠤ ᠶᠢ ᠤᠮᠳᠤᠭᠠᠢᠢᠯᠠᠵᠤ ᠪᠤᠯᠬᠤ ᠦᠭᠡᠢ᠂ ᠶᠠᠭᠠᠬᠢᠬᠰᠠᠨ ᠴᠤ ᠤᠷᠢᠳᠠᠪᠡᠷ ᠪᠤᠬᠢᠷᠳᠦᠭᠤᠯᠵᠤ ᠬᠤᠶᠢᠨ᠎ᠠ ᠨᠢ ᠵᠠᠰᠠᠬᠤ ᠵᠠᠮ ᠢᠶᠠᠷ ᠵᠠᠮᠨᠠᠵᠤ ᠪᠤᠯᠬᠤ ᠦᠭᠡᠢ ᠬᠡᠪᠡ᠃      ᠪᠦ᠋ ᠰᠢᠶᠣᠣ ᠯᠢᠨ ᠬᠡᠯᠡᠭᠰᠡᠨ ᠨᠢ᠂ ᠲᠦᠩᠯᠢᠶᠣᠣ ᠬᠤᠳᠠ ᠪᠠ ᠰᠢᠯᠢ ᠶᠢᠨ ᠭᠤᠣᠯ ᠠᠶᠢᠮᠠᠭ ᠤᠨ ᠳᠡᠦᠬᠡ ᠰᠣᠶᠣᠯ ᠤᠨ ᠲᠦᠷᠦᠳᠡᠰᠦ ᠭᠦᠨ ᠵᠣᠵᠠᠭᠠᠨ᠃ ᠦᠨᠳᠦᠰᠦᠳᠡᠨ ᠤ ᠰᠢᠯᠢᠳᠡᠭ ᠰᠣᠶᠣᠯ ᠢᠶᠠᠨ ᠬᠠᠮᠠᠭᠠᠯᠠᠵᠣ᠂ ᠣᠯᠠᠮᠵᠢᠯᠠᠨ ᠵᠠᠯᠭᠠᠮᠵᠢᠯᠠᠵᠣ᠂ ᠪᠠᠳᠠᠷᠠᠭᠤᠯᠵᠣ᠂ ᠵᠦᠷᠢᠶᠡᠴᠢᠯᠡᠭᠰᠡᠨ ᠬᠦᠭᠵᠢᠯᠳᠡ ᠶᠢ ᠪᠠᠷᠢᠮᠳᠠᠯᠠᠵᠣ᠂ ᠢᠯᠠ ᠲᠤᠳᠤ ᠤᠨᠴᠠᠯᠢᠭ ᠲᠠᠢ ᠰᠤᠶᠤᠯ ᠤᠨ ᠲᠦᠷᠦᠯ ᠲᠡᠮᠳᠡᠭ ᠢ ᠡᠭᠦᠳᠬᠦ ᠬᠡᠷᠡᠭᠳᠡᠢ᠃ ᠰᠤᠶᠤᠯ ᠤᠨ ᠦᠪᠡᠷ ᠤᠨ ᠢᠳᠡᠭᠡᠯ ᠢᠶᠠᠨ ᠴᠢᠩᠭᠠᠷᠠᠭᠤᠯᠵᠤ᠂ ᠦᠨᠳᠦᠰᠦᠳᠡᠨ ᠤ ᠰᠢᠯᠢᠳᠡᠭ ᠰᠤᠶᠤᠯ ᠢᠶᠠᠨ ᠰᠠᠶᠢᠳᠤᠷ ᠤᠯᠠᠮᠵᠢᠯᠠᠨ ᠲᠠᠮᠵᠢᠭᠤᠯᠵᠤ᠂ ᠲᠤᠮᠳᠠᠳᠤ ᠶᠢᠨ ᠰᠤᠶᠤᠯ ᠳᠤ ᠬᠡᠷᠡᠯ ᠬᠢᠯᠪᠠᠭ᠎ᠠ ᠦᠩᠭᠡ ᠪᠤᠳᠤᠭ ᠨᠡᠮᠡᠷᠢᠯᠡᠭᠦ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号