ᠬᠥᠯᠥᠨ ᠪᠤᠶᠢᠷ ᠬᠤᠳᠠ ᠭᠤᠣᠯᠳᠠᠯᠭ᠎ᠠ ᠲᠠᠢ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2016/11/25
      ︽ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾᠂ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ︾᠂ ︽ᠤᠰᠤᠨ ᠤ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠥᠯᠥᠨ ᠪᠤᠶᠢᠷ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠨᠢ ᠪᠦᠬᠦ ᠬᠤᠲᠠ ᠶᠢᠨ ᠬᠡᠪᠴᠢᠶᠡᠨ ᠳᠤ ᠭᠤᠣᠯᠳᠠᠯᠭ᠎ᠠ ᠲᠠᠢ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠭᠦᠨ ᠤ ᠲᠤᠯᠠᠳᠠ ︽2016 ᠣᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢᠨ ᠠᠵᠢᠯ ᠤᠨ ᠲᠥᠰᠦᠯ︾᠎ ᠢ ᠲᠣᠭᠲᠠᠭᠠᠭᠰᠠᠨ ᠤ  ᠬᠠᠮᠲᠤ ᠡᠨᠡ ᠬᠦ ᠠᠵᠢᠯ ᠢ ᠳᠠᠶᠢᠴᠢᠯᠠᠨ ᠪᠠᠶᠢᠷᠢᠯᠠᠭᠤᠯᠪᠠ᠃ ᠡᠨᠡ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠨᠢ ᠱᠦᠢᠨᠢ ᠦᠢᠯᠡᠳᠬᠦ ᠠᠵᠢᠯ ᠲᠥᠷᠥᠯ ᠪᠣᠯᠤᠨ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠᠷ ᠭᠤᠣᠯᠳᠠᠯᠭ᠎ᠠ ᠪᠣᠯᠭᠠᠨ᠂ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠨᠢᠭᠡ ᠪᠦᠯᠦᠭ ᠢ ᠢᠯᠡᠷᠡᠭᠦᠯᠵᠦ᠂ ᠨᠢᠭᠡ ᠪᠥᠯᠥᠭ ᠢ ᠰᠢᠢᠳᠪᠦᠷᠢᠯᠡᠵᠦ᠂ ᠨᠢᠭᠡ ᠪᠦᠯᠦᠭ ᠢ ᠢᠯᠡᠴᠢᠯᠡᠬᠦ ᠳᠤ ᠬᠦᠴᠦ ᠲᠠᠯᠪᠢᠪᠠ᠃ ᠪᠣᠬᠢᠷ ᠪᠣᠳᠠᠰ ᠢ ᠳᠠᠯᠳᠠᠭᠤᠷ ᠭᠠᠳᠠᠭᠰᠢᠯᠠᠭᠤᠯᠤᠭᠰᠠᠨ᠂ ᠪᠠᠷᠢᠮᠵᠢᠶ᠎ᠠ ᠠᠴᠠ ᠬᠡᠲᠦᠷᠡᠭᠦᠯᠦᠨ ᠦᠷᠭᠦᠯᠵᠢᠯᠡᠨ ᠪᠣᠬᠢᠷᠲᠤᠯ ᠡᠳ᠋ ᠭᠠᠳᠠᠭᠰᠢᠯᠠᠭᠤᠯᠤᠨ ᠵᠠᠯᠠᠷᠠᠭᠤᠯᠬᠤ ᠶᠢ ᠲᠡᠪᠴᠢᠭᠰᠡᠨ᠂ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠬᠡᠪ ᠤᠨ ᠪᠠᠶᠢᠳᠠᠯ ᠢᠶᠠᠷ ᠵᠣᠷᠢᠭᠤᠳᠠ ᠬᠡᠷᠡᠭᠯᠡᠬᠦ ᠦᠭᠡᠢ ᠪᠠᠷ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠭᠠᠳᠠᠭᠰᠢᠯᠠᠭᠤᠯᠤᠭᠰᠠᠨ᠂ ᠣᠷᠴᠢᠨ ᠲᠣᠭᠤᠷᠢᠨ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠪᠤᠶᠤ ᠥᠭᠡᠷᠡᠲᠦᠭᠦᠯᠦᠨ ᠵᠠᠰᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠬᠠᠤᠯᠢ ᠶᠣᠰᠣᠭᠠᠷ ᠬᠦᠨᠳᠦ ᠴᠣᠬᠢᠯᠲᠠ ᠥᠭᠪᠡ᠃ ᠡᠨᠡ ᠤᠳᠠᠭ᠎ᠠ ᠶᠢᠨ ᠲᠤᠰᠬᠠᠶ ᠪᠠᠶᠢᠴᠠᠭᠠᠯᠲᠠ ᠳᠤ᠂  ᠬᠥᠯᠥᠨ ᠪᠥᠢᠷ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠲᠤᠰᠬᠠᠶ ᠬᠥᠮᠦᠨ ᠲᠣᠬᠢᠷᠠᠭᠤᠯᠤᠨ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢ ᠬᠠᠷᠢᠴᠠᠭᠤᠯᠤᠭᠰᠠᠨ ᠪᠥᠭᠡᠳ ᠱᠠᠭᠠᠷᠳᠠᠯᠭ᠎ᠠ ᠶᠣᠰᠣᠭᠠᠷ ᠰᠢᠰᠲ᠋ᠧᠮ ᠲᠣᠲᠣᠷ᠎ᠠ ᠪᠠᠨ ᠬᠠᠮᠢᠶ᠎ᠠ ᠪᠦᠬᠦᠢ ᠮᠡᠳᠡᠭᠦᠯᠬᠦ ᠬᠦᠰᠦᠨᠦᠭᠲᠦ ᠶᠢ ᠲᠠᠭᠯᠠᠨ ᠪᠢᠴᠢᠵᠦ᠂ ᠣᠳᠣᠬᠢ ᠱᠠᠲᠤᠨ ᠳᠤ ᠪᠦᠬᠦ ᠬᠤᠲᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 200 ᠭᠠᠷᠤᠶ ᠬᠥᠮᠦᠨ ᠤᠳᠠᠭ᠎ᠠ ᠬᠥᠳᠡᠯᠭᠡᠵᠦ᠂ ᠠᠵᠤ ᠠᠬᠤᠶᠢᠯᠠᠯ ᠢ 40 ᠡᠷᠦᠬᠡ ᠤᠳᠠᠭ᠎ᠠ ᠪᠠᠶᠢᠴᠠᠭᠠᠪᠠ᠂ ᠡᠭᠦᠨ ᠳᠤ ᠱᠦᠢᠨᠢ ᠦᠢᠯᠡᠳᠪᠦᠷᠢᠯᠡᠬᠦ ᠠᠵᠤ ᠠᠬᠤᠶᠢᠯᠠᠯ 3᠂ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 12 ᠪᠤᠢ᠃ ᠣᠳᠣᠬᠠᠨ᠎ᠠ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠢᠯᠡᠷᠡᠭᠦᠯᠦᠭᠡᠳᠦᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号