ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠯᠪᠠᠨ ᠭᠡᠷ ᠤᠨ ᠠᠯᠪᠠᠨ ᠵᠠᠷ
ᠨᠡᠶᠢᠲᠡᠯᠡᠭᠰᠡᠨ ᠴᠠᠭ᠄
2016/11/25
     ︽ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠶᠠᠮᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠯᠪᠠᠨ ᠭᠡᠷ ᠤᠨ ᠠᠯᠪᠠᠨ ᠵᠠᠷ︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠡᠳᠦᠭᠡ 2016 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ᠂ ᠬᠢᠷᠢ ᠲᠡᠩᠴᠡᠭᠦ ᠬᠤᠪᠢ ᠶᠢᠨ ᠬᠢᠵᠠᠭᠠᠷ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠯᠬᠤ ᠭᠤᠶᠤᠴᠢᠯᠠᠯ᠂ ︽ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ︾ ᠤᠯᠭᠤᠬᠤ ᠵᠡᠷᠭᠡ ᠶᠠᠪᠤᠳᠠᠯ ᠤᠨ ᠲᠤᠬᠠᠢ ᠳᠤᠤᠷᠠᠬᠢ ᠮᠡᠲᠦ ᠠᠯᠪᠠᠨ ᠵᠠᠷᠯᠠᠪᠠ᠄      ᠨᠢᠭᠡ᠂ ᠬᠢᠷᠢ ᠪᠦᠲᠦᠮᠵᠢ ᠶᠢ ᠨᠡᠶᠢᠲᠡᠯᠡᠬᠦ᠂ ᠪᠠᠶᠢᠴᠠᠭᠠᠬᠤ ᠪᠠ ᠬᠢᠨᠠᠨ ᠪᠠᠶᠢᠴᠠᠭᠠᠬᠤ      2016 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠢᠷᠢ ᠪᠦᠲᠦᠮᠵᠢ ᠶᠢ 11 ᠳ᠋ᠦ᠋ᠭᠡᠷ ᠰᠠᠷ᠎ᠠ ᠶᠢᠨ 22᠎ ᠤ ᠡᠳᠦᠷ ᠨᠡᠶᠢᠲᠡᠯᠡᠪᠡ᠃      ᠰᠢᠯᠭᠠᠯᠲᠠ ᠳᠤ ᠣᠷᠣᠯᠴᠠᠭᠰᠠᠳ 11 ᠳ᠋ᠦ᠋ᠭᠡᠷ ᠰᠠᠷ᠎ᠠ ᠶᠢᠨ 22᠎ ᠤ ᠦᠳᠡ ᠶᠢᠨ ᠡᠮᠦᠨᠡᠬᠢ 8 ᠴᠠᠭ ᠲᠤ ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠡ ︵http://www.moj.gov.cn︶᠂ ᠳᠤᠮᠳᠠᠳᠤ ᠤᠯᠤᠰ ᠤᠨ ᠬᠠᠤᠯᠢ ᠲᠦᠭᠡᠮᠡᠯᠵᠢᠭᠦᠯᠬᠦ ᠰᠦᠯᠵᠢᠶ᠎ᠡ ︵http://www.legalinfo.gov.cn︶ ᠪᠠ ᠳᠤᠮᠳᠠᠳᠤ ᠤᠯᠤᠰ ᠤᠨ ᠬᠠᠤᠯᠢ ᠲᠦᠭᠡᠮᠡᠯᠵᠢᠭᠦᠯᠬᠦ ᠸᠢᠴᠠᠲ ᠤᠨ ᠤᠯᠠᠨ ᠨᠡᠶᠢᠲᠡ ᠶᠢᠨ ᠨᠤᠮᠧᠷ ᠢᠶᠠᠷ ᠥᠪᠡᠷ ᠤᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠤᠯᠤᠨ᠎ᠠ︔ ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠡ ᠳᠤ ᠭᠠᠷᠴᠤ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ᠪᠠᠨ ᠥᠪᠡᠷ ᠢᠶᠠᠨ ᠪᠠᠭᠤᠯᠭᠠᠨ ᠠᠪᠤᠨ᠎ᠠ᠃      ᠰᠢᠯᠭᠠᠯᠲᠠ ᠳᠤ ᠣᠷᠣᠯᠴᠠᠭᠰᠠᠳ ᠰᠢᠯᠭᠠᠯᠲᠠ ᠶᠢᠨ ᠬᠢᠷᠢ ᠪᠦᠲᠦᠮᠵᠢ ᠳᠤ ᠰᠠᠨᠠᠯ ᠲᠠᠢ ᠪᠤᠯ᠂ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠨᠡᠷ᠎ᠡ ᠮᠡᠳᠡᠭᠦᠯᠦᠭᠰᠡᠨ ᠭᠠᠵᠠᠷ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠪᠢ ᠪᠠᠨ ᠬᠢᠨᠠᠨ ᠪᠠᠶᠢᠴᠠᠭᠠᠯᠭᠠᠬᠤ ᠪᠠᠷ ᠪᠢᠴᠢᠭ ᠢᠶᠠᠷ ᠭᠤᠶᠤᠴᠢᠯᠠᠵᠤ ᠪᠤᠯᠤᠨ᠎ᠠ᠃ ᠬᠠᠤᠯᠢ ᠴᠠᠭᠠᠵᠠ ᠶᠢᠨ ᠶᠠᠮᠤᠨ ᠤ ︽ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠵᠢᠯ ᠤᠨ ᠳᠦᠷᠢᠮ︾᠎ ᠢ ᠦᠨᠳᠦᠰᠦᠯᠡᠨ᠂ ᠬᠤᠪᠢ ᠬᠢᠨᠠᠨ ᠪᠠᠶᠢᠴᠠᠭᠠᠬᠤ ᠬᠡᠪᠴᠢᠶ᠎ᠡ ᠳᠤ ᠰᠢᠯᠭᠠᠯᠲᠠ ᠶᠢᠨ ᠬᠠᠭᠤᠳᠠᠰᠤ ᠳᠦᠷᠪᠡ ᠪᠠ ᠰᠢᠯᠭᠠᠯᠲᠠ ᠶᠢᠨ ᠬᠠᠭᠤᠳᠠᠰᠤ ᠨᠢᠭᠡ᠂ ᠰᠢᠯᠭᠠᠯᠲᠠ ᠶᠢᠨ ᠬᠠᠭᠤᠳᠠᠰᠤ ᠬᠤᠶᠠᠷ᠂ ᠰᠢᠯᠭᠠᠯᠲᠠ ᠶᠢᠨ ᠬᠠᠭᠤᠳᠠᠰᠤ ᠭᠤᠷᠪᠠ ᠶᠢᠨ ᠰᠢᠯᠭᠠᠯᠲᠠ ᠳᠤ ᠤᠷᠤᠯᠴᠠᠭᠰᠠᠨ ᠪᠤᠯᠪᠠᠴᠤ ᠰᠢᠯᠭᠠᠯᠲᠠ ᠶᠢᠨ ᠬᠢᠷᠢ ᠪᠦᠲᠦᠮᠵᠢ ᠦᠭᠡᠢ ᠰᠢᠯᠭᠠᠯᠲᠠ ᠶᠢᠨ ᠬᠠᠭᠤᠳᠠᠰᠤ ᠵᠡᠷᠭᠡ ᠶᠢ ᠪᠠᠭᠲᠠᠭᠠᠨ᠎ᠠ᠃ ᠰᠢᠯᠭᠠᠯᠲᠠ ᠶᠢᠨ ᠬᠢᠷᠢ ᠪᠦᠲᠦᠮᠵᠢ ᠶᠢ ᠬᠢᠨᠠᠵᠤ ᠪᠠᠶᠢᠴᠠᠭᠠᠭᠰᠠᠨ ᠪᠥᠭᠡᠳ ᠨᠢᠭᠡᠨᠲᠡ ᠲᠤᠰ ᠬᠥᠮᠦᠨ ᠳᠤ ᠪᠢᠴᠢᠭ ᠢᠶᠠᠷ ᠮᠡᠳᠡᠭᠳᠡᠭᠰᠡᠨ ᠪᠤᠯ᠂ ᠳᠠᠬᠢᠨᠲᠠ ᠬᠢᠨᠠᠨ ᠪᠠᠶᠢᠴᠠᠭᠠᠵᠤ ᠦᠭᠬᠦ ᠦᠭᠡᠢ᠃ ᠰᠢᠯᠭᠠᠯᠲᠠ ᠳᠤ ᠣᠷᠣᠯᠴᠠᠭᠰᠠᠳ ᠬᠤᠭᠤᠴᠠᠭ᠎ᠠ ᠬᠡᠲᠦᠷᠡᠭᠡᠳ ᠭᠤᠶᠤᠴᠢᠯᠠᠭᠰᠠᠨ ᠪᠤᠯ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠠᠭᠢᠵᠤ ᠬᠦᠯᠢᠶᠡᠨ ᠠᠪᠬᠤ ᠦᠭᠡᠢ᠃       ᠬᠤᠶᠠᠷ᠂ ᠬᠢᠷᠢ ᠲᠡᠩᠴᠡᠭᠦ ᠬᠤᠪᠢ ᠶᠢᠨ ᠬᠢᠵᠠᠭᠠᠷ      ︽ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾᠎ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠵᠦ᠂ ᠬᠠᠤᠯᠢ ᠴᠠᠭᠠᠵᠠ ᠶᠢᠨ ᠶᠠᠮᠤᠨ ᠠᠴᠠ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠲᠠᠢ ᠵᠦᠪᠯᠡᠵᠦ᠂ 2016 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠢᠷᠢ ᠲᠡᠩᠴᠡᠭᠦ ᠬᠤᠪᠢ ᠶᠢᠨ ᠬᠢᠵᠠᠭᠠᠷ ᠢ ᠲᠤᠭᠲᠠᠭᠠᠪᠠ᠃ ᠪᠦᠬᠦ ᠤᠯᠤᠰ ᠤᠨ ᠬᠢᠷᠢ ᠲᠡᠩᠴᠡᠭᠦ ᠬᠤᠪᠢ ᠶᠢᠨ ᠬᠢᠵᠠᠭᠠᠷ ᠨᠢ 360 ᠬᠤᠪᠢ ᠪᠤᠯᠤᠨ᠎ᠠ᠃ ᠮᠠᠨ ᠤ ᠣᠷᠣᠨ ᠨᠡᠷ᠎ᠡ ᠮᠡᠳᠡᠭᠦᠯᠬᠦ ᠰᠤᠷᠤᠯᠭ᠎ᠠ ᠶᠢᠨ ᠨᠠᠮᠲᠠᠷ ᠤᠨ ᠨᠦᠭᠦᠴᠡᠯ ᠢ ᠠᠭᠤᠵᠢᠭᠤ ᠲᠠᠯᠪᠢᠬᠤ ᠤᠷᠤᠨ ᠨᠤᠲᠤᠭ ᠤᠨ ᠬᠢᠷᠢ ᠲᠡᠩᠴᠡᠭᠦ ᠬᠤᠪᠢ ᠶᠢᠨ ᠬᠢᠵᠠᠭᠠᠷ ᠢ 305 ᠬᠤᠪᠢ ᠪᠠᠷ ᠲᠤᠭᠲᠠᠭᠠᠵᠤ᠂ ᠮᠣᠩᠭᠤᠯ ᠬᠡᠯᠡᠨ ᠤ ᠰᠢᠯᠭᠠᠯᠲᠠ ᠶᠢᠨ ᠬᠠᠭᠤᠳᠠᠰᠤ ᠪᠠᠷ ᠰᠢᠯᠭᠠᠭᠤᠯᠤᠭᠰᠠᠳ ᠤᠨ ᠬᠢᠷᠢ ᠲᠡᠩᠴᠡᠭᠦ ᠬᠤᠪᠢ ᠶᠢᠨ ᠬᠢᠵᠠᠭᠠᠷ ᠢ 305 ᠬᠤᠪᠢ ᠪᠠᠷ ᠲᠤᠭᠲᠠᠭᠠᠪᠠ᠃      ᠭᠤᠷᠪᠠ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠭᠤᠶᠤᠴᠢᠯᠠᠬᠤ ᠵᠢᠴᠢ ᠦᠨᠡᠮᠯᠡᠯ ᠣᠯᠭᠤᠬᠤ      ᠰᠢᠯᠭᠠᠯᠲᠠ ᠳᠤ ᠣᠷᠣᠯᠴᠠᠭᠰᠠᠳ 2016 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠢᠷᠢ ᠲᠡᠩᠴᠡᠭᠦ ᠬᠤᠪᠢ ᠶᠢᠨ ᠬᠢᠵᠠᠭᠠᠷ ᠲᠤ ᠬᠦᠷᠦᠭᠰᠡᠨ ᠪᠣᠯ᠂ 2016 ᠣᠨ ᠤ 11 ᠳ᠋ᠦ᠋ᠭᠡᠷ ᠰᠠᠷ᠎ᠠ ᠶᠢᠨ 25᠎ ᠤ ᠡᠳᠦᠷ ᠤᠨ 8 ᠴᠠᠭ ᠠᠴᠠ 12 ᠳ᠋ᠤᠭᠠᠷ ᠰᠠᠷ᠎ᠠ ᠶᠢᠨ 5᠎ ᠤ ᠡᠳᠦᠷ ᠤᠨ 24 ᠴᠠᠭ ᠪᠣᠯᠲᠠᠯ᠎ᠠ᠂ ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠡ ︵http://www.moj.gov.com︶᠎ ᠳᠤ ᠭᠠᠷᠴᠤ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠬᠤ ᠭᠤᠶᠤᠴᠢᠯᠠᠯ ᠤᠨ ᠬᠠᠮᠢᠶ᠎ᠠ ᠪᠦ᠋ᠬᠦᠢ ᠮᠡᠳᠡᠭᠡ ᠵᠠᠩᠬᠢ ᠶᠢ ᠲᠠᠭᠯᠠᠨ ᠪᠢᠴᠢᠵᠦ᠂ ︽2016 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠬᠤ ᠭᠤᠶᠤᠴᠢᠯᠠᠯ ᠤᠨ ᠬᠦᠰᠦᠨᠦᠭᠲᠦ︾᠎ ᠶᠢ ᠪᠦᠷᠢᠳᠦᠭᠦᠯᠦᠨ᠎ᠡ᠃ ᠰᠦᠯᠵᠢᠶᠡᠨ ᠳᠡᠭᠡᠷᠡᠬᠢ ᠭᠤᠶᠤᠴᠢᠯᠠᠬᠤ ᠶᠠᠪᠤᠴᠠ ᠶᠢ ᠪᠡᠶᠡᠯᠡᠭᠦᠯᠦᠭᠰᠡᠨ ᠤ ᠲᠠᠷᠠᠭ᠎ᠠ᠂ 2016 ᠣᠨ ᠤ 12 ᠳ᠋ᠤᠭᠠᠷ ᠰᠠᠷ᠎ᠠ ᠶᠢᠨ 16 —— 30᠎ ᠤ ᠡᠳᠦᠷ ᠪᠣᠯᠲᠠᠯ᠎ᠠ᠂ ᠨᠡᠷ᠎ᠡ ᠮᠡᠳᠡᠭᠦᠯᠦᠭᠰᠡᠨ ᠭᠠᠵᠠᠷ ᠤᠨ ᠢᠶᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠵᠠᠷ ᠬᠦᠷᠴᠦ ᠲᠤᠬᠠᠶ ᠶᠢᠨ ᠲᠠᠯᠠᠪᠠᠢ ᠳᠤᠨᠢ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠭᠤᠯᠬᠤ ᠪᠠᠷ ᠭᠤᠶᠤᠴᠢᠯᠠᠬᠤ ᠬᠡᠷᠡᠭᠲᠡᠢ᠃      ᠨᠡᠷ᠎ᠡ ᠮᠡᠳᠡᠭᠦᠯᠬᠦ ᠦᠶ᠎ᠡ ᠳᠤ ᠡᠷᠦᠬᠡ ᠠᠮᠠ ᠶᠢᠨ ᠳᠠᠩᠰᠠ ᠨᠢ ᠨᠡᠷ᠎ᠡ ᠮᠡᠳᠡᠭᠦᠯᠬᠦ ᠰᠤᠷᠤᠯᠭ᠎ᠠ ᠶᠢᠨ ᠨᠠᠮᠳᠠᠷ ᠤᠨ ᠨᠦᠭᠦᠴᠡᠯ ᠢ ᠠᠭᠤᠵᠢᠭᠤ ᠲᠠᠯᠪᠢᠬᠤ ᠤᠷᠤᠨ ᠨᠤᠲᠤᠭ ᠲᠤ ᠪᠠᠶᠢᠵᠤ᠂ ᠬᠢᠷᠢ ᠲᠡᠩᠴᠡᠭᠦ ᠬᠤᠪᠢ ᠶᠢᠨ ᠬᠢᠵᠠᠭᠠᠷ ᠢ ᠠᠭᠤᠵᠢᠭᠤ ᠲᠠᠯᠪᠢᠬᠤ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠨᠢ ᠰᠦᠯᠵᠢᠶᠡᠨ ᠳᠡᠭᠡᠷᠡᠬᠢ ᠭᠤᠶᠤᠴᠢᠯᠠᠬᠤ ᠳᠡᠰ ᠳᠠᠷᠠᠭᠠᠯᠠᠯ ᠢ ᠪᠡᠶᠡᠯᠡᠭᠦᠯᠦᠭᠰᠡᠨ ᠤ ᠳᠠᠷᠠᠭ᠎ᠠ᠂ 12 ᠳ᠋ᠤᠭᠠᠷ ᠰᠠᠷ᠎ᠠ ᠶᠢᠨ 16 —— 30᠎ ᠤ ᠡᠳᠦᠷ ᠪᠣᠯᠲᠠᠯ᠎ᠠ᠂ ᠡᠷᠥᠭᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ ᠤᠨ ᠠᠶᠢᠮᠠᠭ ᠬᠤᠳ᠋ᠨ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠵᠠᠷ ᠬᠦᠷᠴᠦ ᠲᠤᠬᠠᠢ ᠶᠢᠨ ᠲᠠᠯᠠᠪᠠᠢ ᠳᠤᠨᠢ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠭᠤᠯᠬᠤ ᠪᠠᠷ ᠭᠤᠶᠤᠴᠢᠯᠠᠬᠤ ᠬᠡᠷᠡᠭᠲᠡᠢ᠃      ᠡᠩ ᠤᠨ ᠶᠡᠭᠡ ᠳᠡᠭᠡᠳᠦ ᠰᠤᠷᠭᠠᠭᠤᠯᠢ ᠶᠢᠨ 2017 ᠣᠨ ᠳᠤ ᠵᠢᠩᠬᠢᠨᠢ ᠠᠩᠬᠢ ᠠᠴᠠ ᠲᠡᠭᠦᠰᠬᠦ ᠰᠤᠷᠤᠭᠴᠢᠳ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠳᠤ ᠤᠷᠤᠯᠴᠠᠨ ᠬᠢᠷᠢ ᠲᠡᠩᠴᠡᠭᠦ ᠬᠤᠪᠢ ᠶᠢᠨ ᠬᠢᠵᠠᠭᠠᠷ ᠲᠤ ᠬᠦᠷᠦᠭᠰᠡᠨ ᠪᠣᠯ᠂ ᠰᠤᠷᠤᠯᠭ᠎ᠠ ᠲᠡᠭᠦᠰᠦᠭᠰᠡᠨ ᠦᠨᠡᠮᠯᠡᠯ ᠢᠶᠠᠨ ᠣᠯᠤᠭᠰᠠᠨ ᠤ ᠳᠠᠷᠠᠭ᠎ᠠ ᠨᠡᠷ᠎ᠡ ᠮᠡᠳᠡᠭᠦᠯᠦᠭᠰᠡᠨ ᠭᠠᠵᠠᠷ ᠤᠨ ᠢᠶᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠭᠤᠯᠬᠤ᠂ ︽ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ︾ ᠣᠯᠭᠤᠭᠤᠯᠬᠤ ᠪᠠᠷ ᠭᠤᠶᠤᠴᠢᠯᠠᠬᠤ ᠬᠡᠷᠡᠭᠲᠡᠶ᠃ ᠪᠣᠳᠠᠲᠠᠶ ᠴᠠᠭ ᠪᠣᠯᠣᠨ ᠠᠷᠭ᠎ᠠ ᠶᠢ ᠠᠰ ᠲᠤᠨᠢ ᠮᠡᠳᠡᠭᠳᠡᠨ᠎ᠡ᠃      ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠭᠤᠯᠬᠤ ᠪᠠᠷ ᠭᠤᠶᠤᠴᠢᠯᠠᠭᠰᠠᠳ ︽2016 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠬᠤ ᠭᠤᠶᠤᠴᠢᠯᠠᠯ ᠤᠨ ᠬᠦᠰᠦᠨᠦᠭᠲᠦ︾᠎ ᠶᠢ ᠦᠨᠡᠨ ᠮᠥᠨ ᠢᠶᠠᠷ ᠨᠢ ᠲᠠᠭᠯᠠᠨ ᠪᠢᠴᠢᠵᠦ᠂ ᠬᠤᠪᠢ ᠬᠥᠮᠦᠨ ᠨᠢ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠬᠠᠶ ᠶᠢᠨ ᠲᠠᠯᠠᠪᠠᠢ ᠳᠤᠨᠢ ᠲᠤᠰᠢᠶᠠᠬᠤ ᠬᠡᠷᠡᠭᠲᠡᠶ᠄      ︵ᠨᠢᠭᠡ︶ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ︔      ᠨᠡᠷ᠎ᠡ ᠮᠡᠳᠡᠭᠦᠯᠬᠦ ᠰᠤᠷᠤᠯᠭ᠎ᠠ ᠶᠢᠨ ᠨᠠᠮᠲᠠᠷ ᠢ ᠠᠭᠤᠵᠢᠭᠤ ᠲᠠᠯᠪᠢᠬᠤ ᠨᠥᠬᠦᠴᠡᠯ᠂ ᠬᠢᠷᠢ ᠲᠡᠩᠴᠡᠭᠦ ᠬᠤᠪᠢ ᠶᠢᠨ ᠬᠢᠵᠠᠭᠠᠷ ᠢ ᠠᠭᠤᠵᠢᠭᠤ ᠲᠠᠯᠪᠢᠬᠤ ᠨᠥᠬᠦᠴᠡᠯ ᠳᠤ ᠨᠡᠶᠢᠴᠡᠬᠦ ᠭᠤᠶᠤᠴᠢᠯᠠᠭᠴᠢ᠂ ᠬᠤᠪᠢ ᠬᠥᠮᠦᠨ ᠤ ᠡᠷᠦᠬᠡ ᠠᠮᠠ ᠶᠢᠨ ᠳᠠᠩᠰᠠ ᠶᠢᠨ ᠳᠡᠪᠲᠡᠷ ᠤᠨ ᠤᠬ ᠪᠢᠴᠢᠭ ᠮᠠᠲ᠋ᠧᠷᠢᠶᠠᠯ ᠢ ᠲᠤᠰᠢᠶᠠᠨ᠎ᠠ᠃      ︵ᠬᠤᠶᠠᠷ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠦᠨᠡᠮᠯᠡᠯ ᠤᠨ ᠤᠭ ᠮᠠᠲ᠋ᠧᠷᠢᠶᠠᠯ︔      ᠰᠢᠶᠠᠩᠭᠠᠩ᠂ ᠣᠣᠮᠧᠨ᠂ ᠲᠠᠶᠢᠸᠠᠨ ᠣᠷᠣᠨ ᠪᠤᠶᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠲᠡᠭᠦᠰᠦᠭᠰᠡᠨ ᠦᠨᠡᠮᠯᠡᠯ ᠣᠯᠣᠭᠰᠠᠳ᠂ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠠᠴᠠ ᠬᠢᠵᠦ ᠥᠭᠭᠦᠭᠰᠡᠨ ᠭᠡᠷᠡᠴᠢᠯᠡᠯ ᠤᠨ ᠪᠢᠴᠢᠭ ᠢ ᠲᠤᠰᠢᠶᠠᠬᠤ ᠬᠡᠷᠡᠭᠲᠡᠶ᠃      ︵ᠭᠤᠷᠪᠠ︶ 2016 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠦᠯᠵᠢᠶᠡᠨ ᠳᠡᠭᠡᠷᠡᠬᠢ ᠨᠡᠷ᠎ᠡ ᠮᠡᠳᠡᠭᠦᠯᠬᠦ ᠳᠤ ᠬᠡᠷᠡᠭᠯᠡᠭᠰᠡᠨ ᠵᠢᠷᠤᠭ ᠰᠡᠭᠦᠳᠡᠷ ᠲᠠᠢ ᠠᠳᠠᠯᠢᠬᠠᠨ 2 ᠢᠮᠠᠬᠤ ︵46mm × 32mm︶᠎ ᠶᠢᠨ ᠪᠣᠳᠤᠭᠲᠠᠢ ᠲᠥᠪ ᠰᠡᠭᠦᠳᠡᠷ ᠳᠥᠷᠪᠡ ᠶᠢ ᠲᠤᠰᠢᠶᠠᠨ᠎ᠠ︔      ︵ᠳᠥᠷᠪᠡ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠱᠠᠭᠠᠷᠳᠠᠭᠰᠠᠨ ᠪᠤᠰᠤᠳ ᠮᠠᠲ᠋ᠧᠷᠢᠶᠠᠯ᠃      ᠳᠡᠭᠡᠷ᠎ᠡ ᠳᠤᠷᠠᠳᠤᠭᠰᠠᠨ ᠮᠠᠲ᠋ᠧᠷᠢᠶᠠᠯ ᠤᠨ ᠤᠭ ᠮᠠᠲ᠋ᠧᠷᠢᠶᠠᠯ ᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠨ ᠪᠠᠶᠢᠴᠠᠭᠠᠵᠤ ᠰᠢᠯᠭᠠᠨ ᠪᠠᠲᠤᠯᠠᠭᠰᠠᠨ ᠤ ᠳᠠᠷᠠᠭ᠎ᠠ ᠳᠠᠷᠤᠮᠠᠯᠯᠠᠨ ᠦᠯᠡᠳᠡᠭᠡᠵᠦ᠂ ᠤᠭ ᠮᠠᠲ᠋ᠧᠷᠢᠶᠠᠯ ᠢ ᠨᠢ ᠭᠤᠶᠤᠴᠢᠯᠠᠭᠴᠢ ᠳᠤ ᠪᠤᠴᠠᠭᠠᠵᠤ ᠥᠭᠭᠦᠨ᠎ᠡ᠃      ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠬᠤ ᠪᠠᠷ ᠭᠤᠶᠤᠴᠢᠯᠠᠭᠰᠠᠳ ᠬᠢᠨᠠᠨ ᠬᠠᠷᠭᠤᠭᠤᠯᠤᠭᠠᠳ ᠬᠢᠨᠠᠨ ᠣᠯᠭᠤᠬᠤ ᠨᠥᠬᠦᠴᠡᠯ ᠳᠤ ᠨᠡᠶᠢᠴᠡᠭᠰᠡᠨ ᠪᠣᠯ ᠬᠠᠤᠯᠢ ᠴᠠᠭᠠᠵᠠ ᠶᠢᠨ ᠶᠠᠮᠤᠨ ᠠᠴᠠ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠭᠤᠵᠤ᠂ ︽ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ︾᠎ ᠢ ᠭᠠᠷᠳᠠᠭᠤᠯᠤᠨ᠎ᠠ᠃ ᠲᠣᠭᠲᠠᠭᠰᠠᠨ ᠬᠤᠭᠤᠴᠠᠭᠠᠨ ᠳᠤ ᠭᠤᠶᠤᠴᠢᠯᠠᠯ ᠳᠡᠪᠰᠢᠭᠦᠯᠦᠭᠰᠡᠨ ᠦᠭᠡᠢ ᠮᠦᠷᠲᠡᠭᠡᠨ ᠵᠦᠢ ᠶᠣᠰᠣᠨ ᠤ ᠰᠢᠯᠲᠠᠭᠠᠨ ᠦᠭᠡᠢ ᠪᠣᠯ᠂ ᠥᠪᠡᠷ ᠢᠶᠠᠨ ᠲᠠᠶᠠᠭᠳᠠᠭᠰᠠᠨ ᠢᠶᠠᠷ ᠦᠵᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠠᠬᠢᠵᠤ ᠭᠦᠢᠴᠡᠳᠬᠡᠵᠦ ᠥᠭᠬᠦ ᠦᠭᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号