ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢᠲᠦ ᠣᠷᠣᠨ ᠪᠣᠯᠬᠤ ᠥᠪᠥᠷ ᠮᠣᠩᠭᠤᠯ ᠤᠨ ᠪᠦᠷᠢᠨ ᠬᠡᠪᠴᠢᠶᠡᠲᠦ ᠵᠢᠭᠤᠯᠴᠢᠯᠠᠯ
ᠨᠡᠶᠢᠲᠡᠯᠡᠭᠰᠡᠨ ᠴᠠᠭ᠄
2016-11-25
                            ᠡᠵᠡᠨ᠎ᠡ ᠶᠢᠨ ᠲᠣᠣᠷᠠᠶ ᠮᠣᠳᠣ᠃      ᠰᠤᠷᠪᠤᠯᠵᠢᠯᠠᠭᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠠᠴᠠ  ᠣᠶᠢᠯᠠᠭᠠᠭᠰᠠᠨ ᠢᠶᠠᠷ᠂ ᠬᠤᠶᠢᠰᠢᠳᠠ ᠶᠢᠨ ᠨᠢᠭᠡ ᠬᠤᠭᠤᠴᠠᠭᠠᠨ ᠳᠤ ᠥᠪᠥᠷ ᠮᠣᠩᠭᠤᠯ ᠨᠢ ᠪᠦᠷᠢᠨ ᠬᠡᠪᠴᠢᠶᠡᠲᠦ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠦᠭᠵᠢᠯᠲᠡ ᠶᠢ ᠠᠩᠬᠠᠷᠴᠤ᠂ ︽ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠥᠨᠳᠥᠷ ᠡᠬᠢᠯᠡᠯᠲᠡ ᠲᠠᠢ ᠲᠥᠯᠥᠪᠵᠢᠭᠦᠯᠬᠦ᠂ ᠥᠨᠳᠥᠷ ᠡᠷᠴᠢᠮᠲᠡᠢ ᠣᠷᠣᠭᠤᠯᠤᠯᠲᠠ ᠬᠢᠬᠦ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ᠂ ᠥᠨᠳᠥᠷ ᠴᠢᠳᠠᠮᠵᠢ ᠶᠢᠨ ᠬᠠᠮᠢᠶᠠᠷᠬᠤ᠂ ᠪᠦᠬᠦ ᠲᠠᠯ᠎ᠠ ᠪᠠᠷ ᠤᠬᠠᠭᠤᠯᠤᠨ᠂ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ᠂ ᠥᠩᠭᠡ ᠢᠯᠭᠠᠷᠠᠭᠰᠠᠨ ᠦᠵᠡᠮᠵᠢᠲᠦ ᠣᠷᠣᠨ︾ ᠲᠥᠷᠥᠯ ᠲᠡᠮᠳᠡᠭᠲᠦ ᠶᠢ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠢ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠴᠤᠤᠲᠠᠢ ᠵᠢᠭᠤᠯᠴᠢᠯᠠᠯ ᠤᠨ ᠵᠣᠷᠢᠯᠭᠠᠲᠤ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠪᠠᠶᠢᠨ᠎ᠠ᠃
                   ᠶᠡᠭᠡ ᠬᠢᠩᠭᠠᠨ ᠳᠠᠪᠠᠭ᠎ᠠ ᠶᠢᠨ ᠴᠠᠰᠤᠨ ᠳᠤ ᠶᠠᠪᠤᠭ᠎ᠠ ᠴᠠᠲᠠᠨ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢ ᠵᠢᠶ ᠾᠧᠩ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠠᠯᠤᠰ ᠤᠨ ᠲᠥᠯᠥᠪ ᠲᠤ ᠢᠲᠡᠭᠡᠯ ᠲᠡᠭᠦᠯᠳᠡᠷ ᠪᠠᠶᠢᠵᠤ᠂ ᠥᠪᠥᠷ ᠮᠣᠩᠭᠤᠯ ᠤᠨ ᠭᠠᠵᠠᠷ ᠪᠣᠯᠭᠠᠨ ᠳᠤ ᠦᠵᠡᠮᠵᠢ᠂ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠢᠷᠡᠭᠡᠳᠦᠶ ᠪᠣᠯ ᠰᠠᠷᠠᠭᠤᠯ ᠳᠠᠷᠳᠠᠩ᠂ ᠯᠤᠲᠤ ᠶᠡᠭᠡ ᠳᠠᠯᠳᠠ ᠬᠦᠴᠦᠨ ᠲᠠᠢ ᠶᠤᠮ᠂  ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ︽ᠲᠥᠷᠪᠡᠨ ᠤᠯᠠᠷᠢᠯ ᠤᠨ ᠳᠥᠷᠪᠡᠨ ᠦᠵᠡᠮᠵᠢ︾ ᠶᠢᠨ ᠪᠦᠷᠢᠨ ᠬᠡᠪᠴᠢᠶᠡᠳᠦ ᠵᠢᠭᠤᠯᠴᠢᠯᠠᠯ ᠢ ᠴᠣᠭᠴᠠᠯᠠᠬᠤ ᠳᠤ ᠰᠠᠭᠤᠷᠢᠯᠠᠨ ᠡᠷᠲᠡᠬᠡᠨ ᠠᠴᠠ ᠠᠵᠤ ᠦᠢᠯᠡᠰᠵᠢᠭᠦᠯᠵᠦ᠂ ᠨᠢᠭᠡ ᠦᠢᠯᠡᠰ ᠢᠶᠠᠷ ᠵᠠᠭᠤᠨ ᠦᠢᠯᠡᠰ ᠢ ᠬᠦᠲᠦᠯᠦᠨ ᠳᠠᠭᠠᠭᠤᠯᠬᠤ ᠶᠢ ᠪᠡᠶᠡᠯᠡᠭᠦᠯᠦᠨ᠂ ᠲᠥᠪ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠥᠷᠭᠡᠳᠬᠡᠬᠦ ᠬᠡᠷᠡᠭᠲᠡᠢ ᠭᠡᠵᠦ ᠣᠯᠠᠨᠲᠠ ᠵᠢᠭᠠᠵᠤ ᠥᠩᠭᠡᠷᠡᠵᠡᠢ᠃
                           ᠠᠯᠲᠠᠨ ᠰᠢᠷᠭᠠᠯ ᠷᠠᠰᠢᠶᠠᠨ᠃      ᠥᠪᠥᠷ ᠮᠣᠩᠭᠤᠯ ᠤᠨ ᠬᠥᠮᠦᠰ ᠲᠤ ᠥᠭᠭᠦᠭᠰᠡᠨ ᠰᠠᠭᠤᠭᠳᠠᠯ ᠭᠡᠪᠡᠯ᠂ ︽ᠲᠠᠯ᠎ᠠ ᠨᠤᠲᠤᠭ ᠤᠨ ᠵᠢᠭᠤᠯᠴᠢᠯᠠᠯ︾ ᠭᠡᠬᠦ ᠳᠠᠩ ᠭᠠᠭᠴᠠ ᠳᠦᠷᠦᠯ ᠲᠡᠮᠲᠡᠭᠲᠦ ᠠᠴᠠ ᠪᠠᠨ ᠳᠥᠷᠪᠡᠨ ᠤᠯᠠᠷᠢᠯ ᠳᠤ ᠲᠣᠬᠢᠷᠠᠮᠵᠢᠲᠠᠶ᠂ ᠪᠥᠬᠦ ᠣᠷᠣᠨ ᠢᠶᠠᠷ ᠵᠢᠭᠤᠯᠴᠢᠯᠠᠵᠤ ᠪᠣᠯᠬᠤᠶᠢᠴᠠ ᠠᠮᠢ ᠠᠬᠤᠶ ᠶᠢᠨ ᠵᠢᠭᠤᠯᠴᠢᠯᠠᠯ ᠤᠨ ᠭᠠᠵᠠᠷ ᠪᠣᠯᠣᠨ ᠪᠠᠶᠠᠯᠢᠭᠵᠢᠵᠤ ᠪᠤᠢ᠃
     ᠭᠡᠭᠡᠨ ᠭᠤᠣᠯ ᠤᠨ ᠰᠠᠭᠰᠤᠷᠭ᠎ᠠ ᠨᠢ ᠬᠥᠮᠥᠰ ᠲᠤ ᠬᠡᠦᠬᠡᠳ ᠤᠨ ᠦᠯᠢᠭᠡᠷ ᠤᠨ ᠶᠢᠷᠲᠢᠨᠴᠦ ᠳᠤ ᠪᠠᠶᠢᠭ᠎ᠠ ᠮᠡᠲᠦ ᠰᠠᠨᠠᠭᠳᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号