ᠡᠷᠢᠶᠡᠨ ᠬᠤᠳᠠ ᠶᠢᠨ ᠣᠨᠳᠣᠣ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ | ᠬᠤᠳᠠ ᠶᠢᠨ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠤᠨ ᠬᠦᠴᠦᠲᠡᠶ ᠲᠦᠯᠬᠢᠴᠡ ᠳᠣᠣᠷ᠎ᠠ᠂ 11 | ᠳ᠋ᠦ᠋ᠭᠡᠷ ᠰᠠᠷ᠎ᠠ ᠶᠢᠨ 27 ᠤ ᠡᠳᠦᠷ ᠭᠤᠷᠪᠠᠳᠤᠭᠠᠷ ᠪᠦᠯᠦᠭ ᠤᠨ 18 ᠨᠠᠰᠤᠲᠠᠶᠢᠴᠤᠳ ᠢ ᠰᠠᠨ ᠶᠠ ᠳᠤ ᠤᠴᠢᠭᠤᠯᠤᠨ | 30 ᠡᠳᠦᠷ ᠤᠨ ᠤᠨᠳᠤᠤ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠠᠮᠢᠳᠤᠷᠠᠯ ᠢ ᠡᠬᠢᠯᠡᠭᠦᠯᠪᠡ᠃ | ᠰᠠᠨ ᠶᠠ ᠶᠢᠨ 30 ᠡᠳᠦᠷ ᠤᠨ ᠤᠨᠳᠤᠤ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠠᠮᠢᠳᠤᠷᠠᠯ ᠤᠨ | ᠬᠤᠭᠤᠴᠠᠭᠠᠨ ᠳᠤ᠂ ᠨᠠᠰᠤᠲᠠᠶᠢᠴᠤᠳ ᠰᠠᠨ ᠶᠠ ᠶᠢᠨ ᠲᠠᠭᠠᠯᠠᠮᠵᠢᠲᠠᠢ ᠠᠭᠤᠷ ᠠᠮᠢᠰᠬᠤᠯ᠂ ᠴᠡᠪᠡᠷ ᠠᠭᠠᠷ᠂ | ᠲᠤᠩᠭᠠᠯᠠᠭ ᠰᠠᠶᠢᠬᠠᠨ ᠨᠠᠷᠠᠨ ᠤ ᠭᠡᠷᠡᠯ ᠢ ᠬᠦᠷᠲᠡᠵᠦ ᠪᠤᠯᠬᠤ ᠪᠥᠭᠡᠳ ᠪᠠᠰᠠ ᠨᠠᠨ ᠱᠠᠨ ᠰᠣᠶᠣᠯ ᠤᠨ ᠬᠦᠷᠢᠶᠡᠯᠡᠩ᠂ | ᠲᠩᠷᠢ ᠶᠢᠨ ᠬᠠᠶᠠᠭ᠎ᠠ ᠭᠠᠵᠠᠷ ᠤᠨ ᠬᠢᠵᠠᠭᠠᠷ᠂ ᠬᠠᠯᠠᠭᠤᠨ ᠪᠦᠰᠡᠨ ᠤ ᠪᠣᠷᠣᠭᠠᠨᠲᠤ ᠤᠢ ᠶᠢᠨ ᠪᠢᠩᠯᠠᠩ ᠤᠨ ᠬᠦᠨᠳᠡᠢ᠂ | ᠶᠠ ᠨᠥᠸᠧ ᠳ᠋ᠡ᠂ ᠡᠮᠦᠨᠡᠲᠦ ᠪᠤᠯᠤᠩ ᠤᠨ ᠰᠠᠷᠮᠠᠭᠴᠢᠨ ᠤ ᠠᠷᠠᠯ ᠵᠢᠴᠢ ᠨᠠᠷᠭᠢᠯ ᠤᠨ ᠲᠠᠷᠢᠶ᠎ᠠ ᠶᠢᠨ ᠡᠷᠲᠡᠨ ᠤ | ᠲᠤᠰᠬᠤᠨ ᠵᠡᠷᠭᠡ ᠪᠠᠷ ᠲᠤᠭᠤᠷᠢᠨ ᠵᠤᠭᠠᠴᠠᠵᠤ᠂ ᠲᠤᠬᠠᠶ ᠶᠢᠨ ᠭᠠᠵᠠᠷ ᠤᠨ ᠨᠤᠲᠤᠭ ᠤᠰᠤ ᠬᠥᠮᠦᠰ ᠤᠨ ᠵᠠᠩ | ᠠᠭᠠᠯᠢ ᠶᠢ ᠪᠡᠶᠡᠴᠢᠯᠡᠨ ᠦᠵᠡᠵᠦ᠂ ᠬᠥᠮᠦᠨ ᠢᠷᠭᠡᠨᠰᠢᠯ ᠤᠨ ᠭᠤᠶᠤ ᠦᠵᠡᠮᠵᠢ ᠶᠢ ᠤᠶᠢᠯᠭᠠᠵᠤ ᠪᠤᠯᠤᠨ᠎ᠠ᠃ | ᠣᠨᠳᠣᠣ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠲᠦᠷᠦᠯ ᠵᠦᠢᠯ ᠨᠢ ᠡᠷᠢᠶᠡᠨ ᠬᠤᠳᠠ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ | ᠨᠠᠰᠤᠲᠠᠶᠢᠴᠤᠳ ᠤᠨ ᠨᠠᠰᠤᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠡᠳᠡᠨ ᠳᠤ ︽ᠦᠲᠡᠯᠦᠭᠰᠡᠨ ᠴᠦ | ᠲᠦᠰᠢᠬᠦ ᠭᠠᠵᠠᠷ ᠲᠠᠢ᠂ ᠦᠲᠡᠯᠦᠭᠰᠡᠨ ᠴᠦ ᠠᠰᠠᠷᠠᠯ ᠲᠠᠢ᠂ ᠦᠲᠡᠯᠦᠭᠰᠡᠨ ᠴᠦ ᠪᠠᠶᠠᠰᠤᠯ ᠲᠠᠢ᠂ ᠦᠲᠡᠯᠦᠭᠰᠡᠨ ᠴᠦ | ᠬᠢᠬᠦ ᠶᠠᠭᠤᠮ᠎ᠠ ᠲᠠᠢ ᠪᠠᠶᠢᠬᠤ︾ ᠰᠠᠶᠢᠨ ᠲᠦᠷᠦ ᠶᠢᠨ ᠪᠤᠳᠤᠯᠭ᠎ᠠ ᠶᠢ ᠭᠦᠢᠴᠡᠳ ᠣᠶᠢᠯᠠᠭᠠᠭᠤᠯᠪᠠ᠃ |