ᠠᠯᠠᠱᠠ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ 2 ᠳ᠋ᠦᠡᠭᠰᠢᠭᠤᠷ ᠲᠥᠭᠦᠷᠢᠭ ᠤᠯᠪᠠ
ᠨᠡᠶᠢᠲᠡᠯᠡᠭᠰᠡᠨ ᠴᠠᠭ᠄
2016/11/3
      ᠠᠯᠠᠱᠠ ᠠᠶᠢᠮᠠᠭ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠮᠢᠩᠭᠠᠨ ᠳ᠋ᠦᠡᠭᠰᠢᠭᠤᠷ ᠲᠥᠭᠦᠷᠢᠭ ᠤᠨ ᠬᠦᠷᠢᠶᠡᠯᠡᠩ ᠲᠣᠭᠤᠷᠢᠭ ᠢ ᠴᠤᠭᠴᠠᠯᠠᠬᠤ ᠬᠠᠷᠠᠯᠲᠠ ᠲᠠᠢ ᠴᠢᠩᠭ᠎ᠠ ᠤᠶᠠᠯᠳᠤᠭᠤᠯᠵᠤ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠦᠯᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠭᠦᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠪᠤᠳᠤᠯᠬᠢᠯᠠᠬᠤ ᠵᠡᠷᠭᠡ ᠲᠠᠯ᠎ᠠ ᠠᠴᠠ ᠭᠠᠷᠳᠠᠵᠤ᠂ ᠲᠦᠷᠦᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠷ ᠬᠢᠷᠢ ᠲᠦᠪᠰᠢᠨ ᠪᠦᠬᠦᠢ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠡᠷᠢᠯᠬᠢᠯᠡᠵᠤ᠂ ᠬᠥᠮᠥᠷᠭᠡ ᠳᠤ ᠤᠷᠤᠭᠤᠯᠬᠤ ᠲᠦᠷᠥᠯ ᠵᠦᠢᠯ ᠤᠨ ᠶᠠᠰᠤ ᠴᠢᠨᠠᠷ ᠪᠤᠯᠤᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠤ ᠪᠤᠢ᠃ 2016 ᠣᠨ ᠠᠴᠠ ᠣᠳᠣ ᠪᠣᠯᠲᠠᠯ᠎ᠠ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠦᠷᠦᠯ ᠵᠦᠢᠯ ᠪᠤᠯᠤᠨ ᠤᠯᠤᠰ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠰᠠᠭᠤᠷᠢ ᠮᠥᠩᠭᠦᠨ ᠤ ᠲᠦᠷᠦᠯ ᠵᠦᠢᠯ ᠠᠴᠠ ᠨᠡᠶᠢᠲᠡ 8᠎ ᠶᠢ ᠣᠯᠵᠤ᠂ 2.0074 ᠳ᠋ᠦᠡᠭᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠳᠡᠭᠡᠷ᠎ᠡ ᠵᠢᠯ ᠤᠨ ᠬᠢ ᠠᠴᠠ 135%᠎ ᠪᠠᠷ ᠨᠡᠮᠡᠭᠳᠡᠪᠡ᠂ ᠡᠭᠦᠨ ᠳᠤ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠦᠷᠦᠯ ᠵᠦᠢᠯ ᠠᠴᠠ ᠨᠡᠶᠢᠳᠡ 5᠎ ᠶᠢ ᠤᠯᠵᠤ᠂ 0.2224 ᠳ᠋ᠦᠡᠭᠰᠢᠭᠤᠷ ᠲᠥᠭᠦᠷᠢᠭ ᠢ ᠪᠤᠳᠠᠲᠠᠶᠢᠵᠢᠭᠤᠯᠵᠤ᠂ ᠤᠯᠤᠰ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠰᠠᠭᠤᠷᠢ ᠮᠥᠩᠭᠦᠨ ᠤ ᠲᠦᠷᠦᠯ ᠵᠦᠢᠯ ᠠᠴᠠ ᠨᠡᠶᠢᠲᠡ 3᠎ ᠶᠢ ᠤᠯᠵᠤ᠂ 1.785 ᠳ᠋ᠦᠡᠭᠰᠢᠭᠤᠷ ᠲᠥᠭᠦᠷᠢᠭ ᠤᠨ ᠪᠡᠯᠡ ᠮᠥᠩᠭᠦ ᠶᠢ ᠪᠤᠳᠠᠲᠠᠶᠢᠵᠢᠭᠤᠯᠪᠠ᠃ ᠪᠡᠯᠡ ᠮᠥᠩᠭᠦ ᠶᠢ ᠭᠤᠣᠯᠳᠠᠭᠤ ᠬᠠᠲᠠᠭᠤ ᠬᠠᠶᠠᠭᠳᠠᠮᠠᠯ ᠪᠤᠳᠠᠰ ᠢ ᠠᠰᠢᠭᠯᠠᠬᠤ᠂ ᠭᠦᠸᠧᠯᠦ ᠶᠢᠨ ᠤᠲᠤᠭ᠎ᠠ ᠤᠨᠢᠶᠠᠷ ᠤᠨ ᠬᠦᠬᠦᠷ ᠨᠢᠲᠷᠤ᠋ ᠶᠢ ᠦᠬᠡᠶᠢᠳᠡᠭᠦᠯᠬᠦ ᠶᠢ ᠦᠷᠭᠦᠯᠵᠢᠯᠡᠨ ᠳᠡᠰ ᠳᠡᠪᠰᠢᠭᠦᠯᠦᠨ ᠥᠭᠡᠷᠡᠴᠢᠯᠡᠬᠦ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠭᠠᠳᠠᠭᠰᠢᠯᠠᠭᠤᠯᠬᠤ ᠶᠢ ᠵᠠᠰᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠵᠡᠷᠭᠡ ᠣᠷᠴᠢᠨ ᠲᠣᠭᠤᠷᠢᠨ ᠢ ᠵᠠᠰᠠᠬᠤ᠂ ᠮᠡᠷᠭᠡᠵᠢᠯ ᠤᠨ ᠦᠬᠡᠷᠡᠴᠢᠯᠡᠯᠲᠡ ᠬᠢᠬᠦ᠂ ᠠᠮᠢ ᠠᠬᠤᠶ ᠶᠢ ᠬᠠᠮᠠᠭᠠᠯᠠᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号