︽ᠢᠨᠲ᠋ᠧᠷ ᠰᠦᠯᠵᠢᠶᠡᠨ ᠤ ᠳᠠᠭᠠᠳᠬᠠᠯ ᠤᠨ ᠠᠶᠤᠯ ᠲᠦᠭᠰᠢᠭᠦᠷᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2016/11/3
 ᠣᠶᠢᠷ᠎ᠠ ᠳᠤ᠂ ᠳᠤᠮᠳᠠᠳᠤ ᠤᠯᠤᠰ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠨᠡᠶᠢᠭᠡᠮᠯᠢᠭ  ᠨᠢ ᠠᠷᠠᠳ ᠤᠨ ᠪᠠᠩᠬᠢ ᠵᠡᠷᠭᠡ ᠠᠷᠪᠠᠨ ᠲᠦᠷᠪᠡᠨ ᠰᠠᠯᠠᠭ᠎ᠠ ᠮᠥᠴᠢᠷ ᠲᠠᠢ ᠬᠠᠮᠳᠤᠷᠠᠨ ︽ ᠢᠨᠲ᠋ᠧᠷ ᠰᠦᠯᠵᠢᠶᠡᠨ ᠤ ᠳᠠᠭᠠᠳᠬᠠᠯ ᠤᠨ ᠦᠢᠯᠡᠰ ᠤᠨ ᠠᠶᠤᠯ ᠲᠦᠭᠰᠢᠭᠦᠷᠢ ᠶᠢ ᠲᠤᠰᠬᠠᠶ ᠴᠡᠭᠴᠡᠯᠡᠨ ᠵᠠᠰᠠᠬᠤ ᠠᠵᠢᠯ  ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ ᠮᠠᠨ ᠤ ᠨᠡᠶᠢᠭᠡᠮᠯᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠢᠶ᠎ᠠ ᠪᠦᠬᠦᠢ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠨᠢᠭᠡ᠂ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠤᠶ ᠪᠠᠶᠢᠳᠠᠯ ᠪᠣᠯᠣᠨ ᠠᠴᠢ ᠬᠤᠯᠪᠣᠭᠳᠠᠯ ᠨᠢ ᠶᠠᠭᠤ ᠪᠤᠢ︖       ᠬᠠᠷᠢᠭᠤᠯᠲᠠ᠄ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠨᠢ ᠡᠬᠢ ᠪᠠᠶᠠᠯᠢᠭ ᠤᠨ ᠲᠣᠬᠢᠷᠠᠭᠤᠯᠤᠯᠲᠠ  ᠶᠢ ᠰᠢᠯᠢᠳᠡᠭᠵᠢᠭᠦᠯᠬᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠦᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠤᠯᠠᠨ ᠲᠠᠯ᠎ᠠ ᠶᠢᠨ ᠢᠳᠡᠪᠬᠢᠲᠡᠶ ᠠᠴᠢ ᠬᠤᠯᠪᠣᠭᠳᠠᠯ ᠲᠠᠢ ᠶᠤᠮ᠂ ᠭᠡᠪᠡᠴᠦ ᠡᠭᠦᠨ ᠤ ᠵᠡᠷᠭᠡᠴᠡᠭᠡᠪᠡᠷ ᠠᠶᠤᠯ ᠲᠦᠭᠰᠢᠭᠦᠷᠢ ᠬᠤᠷᠠᠮᠳᠤᠬᠤ ᠪᠠ ᠳᠡᠯᠭᠡᠷᠡᠬᠦ ᠪᠣᠯᠤᠯᠴᠠᠭ᠎ᠠ ᠶᠢ ᠴᠤ ᠨᠡᠮᠡᠭᠳᠡᠭᠦᠯᠦᠭᠰᠡᠨ ᠪᠠᠶᠢᠨ᠎ᠠ᠃ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠬᠦᠷᠢᠶ᠎ᠡ ᠳᠤ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠠᠶᠤᠯ ᠲᠦᠭᠰᠢᠭᠦᠷᠢ ᠶᠢ ᠪᠦᠲᠦᠮᠵᠢᠲᠡᠶ ᠪᠠᠷ  ᠰᠡᠷᠭᠡᠶᠢᠯᠡᠮᠡᠨᠵᠢᠨ ᠰᠠᠶ᠋ᠢ ᠠᠰᠢᠭ ᠬᠠᠷᠠᠨ ᠬᠤᠣᠷ ᠠᠴᠠ ᠵᠠᠶᠢᠯᠠᠵᠤ᠂ ᠲᠡᠭᠦᠨ ᠤ ᠵᠥᠪ ᠡᠨᠧᠷᠭᠢ ᠶᠢᠨ ᠦᠢᠯᠡᠳᠦᠯ  ᠢ ᠪᠠᠳᠠᠷᠠᠭᠤᠯᠬᠤ ᠶᠢ ᠬᠥᠲᠥᠯᠥᠨ ᠵᠢᠯᠣᠭᠤᠳᠴᠤ ᠴᠢᠳᠠᠨ᠎ᠠ᠃      ᠤᠢᠢᠷ᠎ᠠ ᠶᠢᠨ ᠵᠢᠯ ᠤᠳ ᠲᠤ᠂ ᠢᠨᠲ᠋ᠧᠷ ᠰᠦᠯᠵᠢᠶᠡᠨ ᠤ ᠳᠠᠭᠠᠳᠬᠠᠯ ᠤᠨ ᠦᠢᠯᠡᠰ ᠦᠷᠭᠦᠯᠵᠢᠯᠡᠨ ᠨᠡᠯᠢᠶᠡᠳ ᠲᠦᠷᠭᠡᠨ ᠬᠦᠭᠵᠢᠵᠦ᠂ ᠳᠤᠮᠳᠠᠳᠤ ᠤᠯᠤᠰ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠨᠡᠶᠢᠭᠡᠮᠯᠢᠭ ᠬᠥᠭᠵᠢᠭᠦᠯᠬᠦ ᠪᠠ ᠵᠢᠷᠤᠮᠵᠢᠭᠤᠯᠬᠤ ᠶᠢ ᠵᠡᠷᠭᠡ ᠳᠤᠨᠢ ᠴᠢᠬᠤᠯᠠᠴᠢᠯᠠᠬᠤ ᠶᠢ ᠢᠮᠠᠭᠲᠠ ᠪᠠᠷᠢᠮᠲᠠᠯᠠᠨ᠂ ᠵᠦᠢ ᠵᠣᠬᠢᠰᠲᠠᠶ ᠬᠢᠨᠠᠨ ᠬᠠᠮᠢᠶᠠᠷᠬᠤ ᠲᠦᠷᠢᠮ ᠲᠣᠭᠲᠠᠭᠠᠯ ᠢ ᠴᠠᠭ ᠲᠣᠬᠠᠢ ᠳᠤᠨᠢ ᠲᠣᠭᠲᠠᠭᠠᠵᠤ᠂ ᠠᠶᠤᠯ ᠲᠦᠭᠰᠢᠭᠦᠷᠢ ᠶᠢᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠭᠰᠡᠨ ᠪᠣᠯᠪᠠᠴᠤ ᠬᠡᠰᠡᠭ ᠠᠶᠤᠯ ᠲᠦᠭᠰᠢᠭᠦᠷᠢ ᠶᠢᠨ ᠲᠡᠯᠳᠡ ᠬᠡᠮ ᠰᠣᠭᠤᠭ ᠢ ᠳᠡᠭᠡᠳᠦ ᠬᠡᠮᠵᠢᠶ᠎ᠡ ᠪᠠᠷ ᠠᠩᠬᠠᠷᠬᠤ ᠴᠢᠬᠤᠯᠠᠲᠠᠶ ᠪᠠᠶᠢᠨ᠎ᠠ᠃ ᠲᠤᠰᠬᠠᠶ ᠴᠡᠭᠴᠡᠯᠡᠨ ᠵᠠᠰᠠᠬᠤ ᠠᠵᠢᠯ ᠦᠷᠨᠢᠭᠦᠯᠬᠦ ᠨᠢ᠂ ᠨᠢᠭᠡ ᠲᠠᠯ᠎ᠠ ᠪᠠᠷ᠂ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠬᠤᠷᠢᠭᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠰᠦᠷ ᠦᠵᠡᠭᠦᠯᠵᠦ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠰᠢᠭᠲᠠᠢ ᠶᠤᠮ︔ ᠨᠦᠬᠦᠬᠡ ᠲᠠᠯ᠎ᠠ ᠪᠠᠷ᠂ ᠪᠠᠰᠠ ᠢᠨᠲ᠋ᠧᠷ ᠰᠦᠯᠵᠢᠶᠡᠨ ᠤ ᠳᠠᠭᠠᠳᠬᠠᠯ ᠤᠨ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠤᠯᠠᠨ ᠬᠡᠷᠡᠭᠯᠡᠭᠴᠢᠳ ᠤᠨ ᠡᠳᠦᠷ ᠢᠷᠡᠬᠦᠶ᠎ᠡ ᠤᠯᠠᠨ ᠶᠠᠩᠵᠤᠴᠢᠯᠠᠵᠤ ᠪᠠᠶᠢᠭ᠎ᠠ  ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠳᠤ ᠠᠰᠢᠭᠲᠠᠢ ᠶᠤᠮ᠃      ᠬᠤᠶᠠᠷ᠂ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠳᠤ ᠶᠠᠮᠠᠷ ᠶᠠᠮᠠᠷ ᠭᠤᠣᠯᠳᠠᠯᠭ᠎ᠠ ᠪᠠᠶᠢᠬᠤ ᠪᠤᠢ︖      ᠬᠠᠷᠢᠭᠤᠯᠲᠠ᠄ ᠨᠢᠭᠡ ᠳᠤ ᠢᠨᠲ᠋ᠧᠷ ᠰᠦᠯᠵᠢᠶᠡᠨ ᠤ ᠥᠨᠳᠥᠷ ᠪᠡᠯᠡᠨ ᠵᠣᠭᠤᠰᠣᠨ ᠤ ᠦᠷᠳᠡᠭ ᠤᠨ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ᠳᠠᠭᠠᠳᠬᠠᠯ ᠤᠨ ᠺᠣᠮᠫᠠᠨᠢ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠳᠠᠭᠠᠳᠬᠠᠯ ᠤᠨ ᠦᠢᠯᠡᠳᠬᠦᠨ ᠪᠣᠷᠣᠯᠠᠭᠤᠯᠬᠤ᠂ ᠬᠤᠳᠠᠯ ᠬᠠᠭᠤᠷᠮᠠᠭ ᠲᠣᠭᠠᠴᠢᠬᠤ᠂ ᠥᠩᠭᠡᠷᠡᠭᠰᠡᠨ ᠤ ᠠᠮᠵᠢᠯᠲᠠ ᠪᠦᠲᠦᠮᠵᠢ ᠪᠠᠨ ᠦᠷᠦᠭᠡᠰᠦᠯ ᠪᠤᠶᠤ ᠥᠰᠬᠡᠭᠡᠨ ᠲᠥᠰᠬᠡᠭᠡᠨ ᠲᠠᠢ ᠤᠬᠠᠭᠤᠯᠬᠤ᠂ ᠲᠣᠭᠲᠠᠭᠠᠯ ᠠᠴᠠ ᠵᠥᠷᠢᠴᠡᠨ ᠠᠰᠢᠭ ᠣᠯᠵᠠᠪᠤᠷᠢ ᠣᠯᠭᠤᠬᠤ ᠪᠤᠶᠤ ᠬᠤᠬᠢᠷᠠᠯ ᠢ ᠡᠭᠦᠷᠭᠡᠯᠡᠬᠦ ᠪᠠᠷ ᠠᠮᠠᠯᠠᠬᠤ ᠵᠡᠷᠭᠡ ᠪᠤᠷᠤᠭᠤ ᠵᠦᠭ ᠬᠥᠲᠥᠯᠬᠦ ᠴᠢᠨᠠᠷᠲᠠᠶ ᠲᠣᠭᠠᠴᠢᠯᠲᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠪᠠ ᠵᠠᠯᠠᠷᠠᠭᠤᠯᠤᠨ᠎ᠠ᠃ ᠬᠤᠶᠠᠷ ᠲᠤ ᠳᠠᠭᠠᠳᠬᠠᠯ ᠤᠨ ᠪᠠᠶᠢᠭᠤᠯᠤᠮᠵᠢ ᠢᠨᠲ᠋ᠧᠷ ᠰᠦᠯᠵᠢᠶᠡᠨ ᠳᠤ ᠲᠦᠰᠢᠭᠯᠡᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠦᠷᠨᠢᠭᠦᠯᠬᠦ ᠲᠠᠯ᠎ᠠ ᠪᠠᠷ᠂ ᠳᠠᠭᠠᠳᠬᠠᠯ ᠤᠨ ᠺᠣᠮᠫᠠᠨᠢ ᠨᠢ ᠡᠵᠡᠩᠨᠡᠯᠲᠡ ᠶᠢᠨ ᠬᠢᠷᠢ ᠬᠡᠮ ᠦᠭᠡᠢ ᠭᠤᠷᠪᠠᠳᠠᠬᠢ ᠡᠲᠡᠭᠡᠳ ᠤᠨ ᠰᠦᠯᠵᠢᠶᠡᠨ ᠤ ᠲᠠᠪᠴᠠᠩ ᠲᠠᠢ ᠬᠠᠮᠲᠤᠷᠠᠨ ᠰᠦᠯᠵᠢᠶᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ  ᠬᠢᠬᠦ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠪᠠ ᠵᠠᠯᠠᠷᠠᠭᠤᠯᠤᠨ᠎ᠠ︔ ᠳᠠᠭᠠᠳᠬᠠᠯ ᠤᠨ ᠺᠣᠮᠫᠠᠨᠢ ᠨᠢ ᠢᠲᠡᠭᠡᠮᠵᠢ ᠨᠡᠮᠡᠭᠳᠡᠭᠦᠯᠬᠦ ᠦᠢᠯᠡᠴᠢᠯᠡᠭᠡ᠂ ᠪᠡᠯᠡ ᠮᠥᠩᠭᠦ ᠶᠢᠨ ᠴᠥᠭᠦᠷᠥᠮ ᠪᠠᠶᠢᠭᠤᠯᠬᠤ ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠢᠨᠲ᠋ᠧᠷ ᠰᠦᠯᠵᠢᠶᠡᠨ ᠤ ᠵᠢᠭᠡᠯᠡᠯᠭᠡ ᠶᠢᠨ ᠲᠠᠪᠴᠠᠩ ᠯᠤᠭ᠎ᠠ ᠬᠤᠷᠰᠢᠯᠴᠠᠨ᠂ ᠳᠠᠭᠠᠳᠬᠠᠯ ᠤᠨ ᠬᠦᠷᠢᠶ᠎ᠡ ᠳᠠᠬᠢ ᠠᠶᠤᠯ ᠲᠦᠭᠰᠢᠭᠦᠷᠢ ᠲᠤᠯᠭᠠᠷᠠᠭᠤᠯᠬᠤ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠪᠠ ᠵᠠᠯᠠᠷᠠᠭᠤᠯᠤᠨ᠎ᠠ︔ ᠳᠠᠭᠠᠳᠬᠠᠯ ᠤᠨ ᠺᠣᠮᠫᠠᠨᠢ ᠨᠢ ᠢᠨᠲ᠋ᠧᠷ ᠰᠦᠯᠵᠢᠶᠡᠨ ᠤ ᠢᠲᠡᠭᠡᠮᠵᠢᠲᠦ ᠵᠢᠭᠡᠯᠡᠯᠭᠡ ᠶᠢᠨ ᠲᠠᠪᠴᠠᠩ ᠳᠤ ᠪᠡᠯᠡ ᠲᠣᠬᠢᠷᠠᠭᠤᠯᠬᠤ ᠴᠢᠨᠠᠷᠲᠠᠶ ᠪᠠᠲᠤᠯᠭᠠᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠡᠵᠡᠩᠨᠡᠬᠦ ᠶᠠᠪᠤᠴᠠ ᠳᠤ᠂ ᠲᠦᠭᠰᠢᠭᠦᠷᠢ ᠶᠢ ᠡᠵᠡᠮᠳᠡᠬᠦ ᠠᠷᠭ᠎ᠠ ᠪᠠᠷᠢᠯ ᠨᠢ ᠲᠡᠭᠦᠯᠳᠡᠷ ᠪᠢᠰᠢ᠂ ᠳᠣᠲᠣᠭᠠᠳᠤ ᠡᠵᠡᠮᠳᠡᠯ ᠤᠨ ᠬᠠᠮᠢᠶᠠᠷᠤᠯᠲᠠ  ᠪᠤᠳᠠᠲᠠᠶᠢᠵᠢᠯ ᠦᠭᠡᠢ ᠪᠠᠶᠢᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠪᠠ ᠵᠠᠯᠠᠷᠠᠭᠤᠯᠤᠨ᠎ᠠ᠃ ᠭᠤᠷᠪᠠ ᠳᠤ  ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠠᠣᠯᠢ ᠪᠤᠰᠣ ᠪᠠᠷ ᠡᠵᠡᠩᠨᠡᠵᠦ ᠪᠠᠶᠢᠬᠤ ᠲᠠᠯ᠎ᠠ ᠪᠠᠷ᠂ ᠫᠠᠶᠢᠰᠠ  ᠢᠯᠡᠷᠬᠡᠶᠢᠯᠡᠯ ᠦᠭᠡᠢ ᠪᠠᠶᠢᠭᠤᠯᠤᠮᠵᠢ ᠶᠢᠨ ᠢᠨᠲ᠋ᠧᠷ ᠰᠦᠯᠵᠢᠶᠡᠨ ᠤ ᠳᠠᠭᠠᠳᠬᠠᠯ ᠤᠨ ᠲᠣᠬᠠᠶᠢᠯᠠᠭᠰᠠᠨ ᠠᠵᠢᠯ ᠢ ᠳᠦᠷᠢᠮ ᠠᠴᠠ ᠵᠦᠷᠢᠴᠡᠨ ᠦᠷᠨᠢᠭᠦᠯᠬᠦ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠨᠢ ᠲᠤᠬᠠᠶᠢᠯᠠᠭᠰᠠᠨ ᠠᠵᠢᠯ ᠤᠨ ᠬᠢᠷᠢ ᠬᠡᠮ ᠣᠯᠣᠭᠰᠠᠨ ᠦᠭᠡᠢ ᠪᠠᠶᠢᠭᠠᠳ ᠢᠨᠲ᠋ᠧᠷ ᠰᠦᠯᠵᠢᠶᠡᠨ ᠳᠤ ᠲᠦᠰᠢᠭᠯᠡᠨ ᠬᠠᠷᠢᠯᠴᠠᠨ ᠬᠠᠪᠰᠤᠷᠤᠯᠴᠠᠬᠤ ᠨᠡᠷ᠎ᠡ ᠪᠠᠷ ᠬᠡᠯᠪᠡᠷᠢ ᠶᠢ ᠨᠢ ᠥᠭᠡᠷᠡᠲᠡᠭᠦᠯᠦᠨ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ︔ ᠬᠠᠤᠯᠢ ᠪᠤᠰᠤ ᠪᠠᠶᠢᠭᠤᠯᠤᠮᠵᠢ ᠪᠣᠯᠣᠨ ᠬᠠᠤᠯᠢ ᠪᠤᠰᠤ ᠬᠥᠮᠦᠰ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠳᠠᠭᠠᠳᠬᠠᠯ ᠤᠨ ᠺᠣᠮᠫᠠᠨᠢ ᠶᠢᠨ ᠨᠡᠷ᠎ᠡ ᠪᠠᠷ ᠪᠤᠶᠤ ᠳᠠᠭᠠᠳᠬᠠᠯ ᠤᠨ ᠺᠣᠮᠫᠠᠨᠢ ᠶᠢᠨ  ᠢᠲᠡᠭᠡᠮᠵᠢ ᠶᠢᠨ ᠨᠡᠷ᠎ᠡ ᠪᠠᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃      ᠭᠤᠷᠪᠠ᠂ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠴᠠᠭ ᠤᠨ ᠠᠬᠢᠴᠠ ᠶᠢ  ᠬᠡᠷᠬᠢᠨ ᠲᠤᠬᠢᠷᠠᠭᠤᠯᠤᠭᠰᠠᠨ ᠪᠤᠢ︖      ᠬᠠᠷᠢᠭᠤᠯᠲᠠ᠄ ᠲᠤᠰᠬᠠᠶ ᠴᠡᠭᠴᠡᠯᠡᠨ ᠵᠠᠰᠠᠬᠤ ᠠᠵᠢᠯ ᠨᠢ ᠪᠠᠶᠢᠳᠠᠯ ᠢ ᠤᠶᠢᠯᠠᠭᠠᠵᠤ ᠵᠢᠭᠰᠠᠭᠠᠨ ᠪᠠᠶᠢᠴᠠᠭᠠᠬᠤ᠂ ᠪᠠᠶᠢᠴᠠᠭᠠᠨ ᠰᠢᠢᠳᠪᠦᠷᠢᠯᠡᠵᠤ ᠴᠡᠭᠴᠡᠯᠡᠨ ᠰᠠᠶᠢᠵᠢᠷᠠᠭᠤᠯᠬᠤ ᠪᠠ ᠳ᠋ᠦᠡᠭᠨᠡᠵᠤ ᠬᠠᠷᠢᠭᠤ ᠮᠡᠳᠡᠭᠦᠯᠬᠦ ᠵᠡᠷᠭᠡ ᠭᠤᠷᠪᠠᠨ ᠱᠠᠳᠤ ᠬᠤᠪᠢᠶᠠᠨ᠂ ᠨᠢᠭᠡ ᠵᠢᠯ ᠤᠨ ᠬᠤᠭᠤᠴᠠᠭ᠎ᠠ ᠲᠠᠢ ᠶᠠᠪᠤᠭᠳᠠᠨ᠎ᠠ᠃ ᠪᠠᠶᠢᠳᠠᠯ ᠢ ᠤᠶᠢᠯᠠᠭᠠᠵᠤ ᠵᠢᠭᠰᠠᠭᠠᠨ ᠪᠠᠶᠢᠴᠠᠭᠠᠬᠤ ᠱᠠᠲᠤᠨ ᠳᠤ᠂ ᠭᠤᠣᠯᠳᠠᠭᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠲᠠᠰᠢᠷᠠᠮ ᠢᠶᠠᠷ ᠰᠤᠭᠤᠴᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠤᠭᠲᠠᠭᠠᠨ᠎ᠠ᠃ ᠣᠳᠣᠬᠠᠨ ᠳᠤ᠂ ᠡᠨᠡ ᠬᠦ ᠠᠵᠢᠯ ᠨᠢᠭᠡᠨᠲᠡ ᠦᠨᠳᠦᠰᠦᠨ ᠳᠡᠭᠡᠨ ᠳᠠᠭᠤᠰᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠠᠶᠢᠴᠠᠭᠠᠨ ᠰᠢᠢᠳᠪᠦᠷᠢᠯᠡᠵᠤ ᠴᠡᠭᠴᠡᠯᠡᠨ ᠰᠠᠶᠢᠵᠢᠷᠠᠭᠤᠯᠬᠤ ᠱᠠᠲᠤᠨ ᠳᠤ ᠣᠷᠣᠵᠤ᠂ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠵᠢᠭᠰᠠᠭᠠᠨ ᠪᠠᠶᠢᠴᠠᠭᠠᠭᠠᠳ ᠣᠯᠵᠤ ᠮᠡᠳᠡᠭᠰᠡᠨ ᠬᠠᠮᠢᠶ᠎ᠠ ᠪᠦᠬᠦᠢ ᠠᠰᠠᠭᠤᠳᠠᠯ ᠢ ᠴᠠᠭ ᠬᠢᠵᠠᠭᠠᠷᠯᠠᠨ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠲᠤᠬᠢᠲᠠᠢ ᠦᠶ᠎ᠡ ᠳᠤ ᠲᠤᠬᠠᠢ ᠶᠢᠨ ᠲᠠᠯᠠᠪᠠᠢ ᠳᠤᠨᠢ ᠪᠠᠶᠢᠴᠠᠭᠠᠯᠲᠠ ᠬᠢᠵᠤ᠂ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠤᠬᠠᠶᠢᠯᠠᠭᠰᠠᠨ ᠠᠵᠢᠯ ᠢ ᠨᠢ ᠵᠤᠭᠰᠤᠭᠠᠬᠤ᠂ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠵᠡᠷᠭᠡ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠡᠵᠡᠩᠨᠡᠭᠰᠡᠨ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ᠬᠠᠮᠤᠭ ᠤᠨ ᠰᠡᠭᠦᠯ ᠳᠤ ᠪᠤᠯ ᠳ᠋ᠦᠡᠭᠨᠡᠵᠤ ᠬᠠᠷᠢᠭᠤ ᠮᠡᠳᠡᠭᠦᠯᠦᠨ᠎ᠡ᠂ ᠳᠡᠭᠡᠷ᠎ᠡ ᠳᠤᠷᠠᠳᠤᠭᠰᠠᠨ ᠠᠵᠢᠯ ᠢ ᠪᠡᠶᠡᠯᠡᠭᠦᠯᠦᠭᠰᠡᠨ ᠤ ᠲᠠᠷᠠᠭ᠎ᠠ᠂ ᠬᠤᠯᠪᠣᠭᠳᠠᠯ ᠪᠦᠬᠦᠢ ᠪᠠᠶᠢᠳᠠᠯ ᠢ ᠬᠤᠷᠢᠶᠠᠩᠭᠤᠶᠢᠯᠠᠨ ᠪᠢᠴᠢᠭ ᠤᠨ ᠬᠡᠯᠪᠡᠷᠢ ᠶᠢᠨ ᠬᠠᠷᠢᠭᠤ ᠮᠡᠳᠡᠭᠦᠯᠦᠯᠲᠡ ᠪᠤᠯᠭᠠᠵᠤ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ ᠪᠦᠬᠦ ᠲᠤᠰᠬᠠᠶ ᠴᠡᠭᠴᠡᠯᠡᠨ ᠵᠠᠰᠠᠬᠤ ᠠᠵᠢᠯ ᠢ 2017 ᠤᠨ ᠤ ᠵᠢᠯ ᠤᠨ ᠡᠬᠢᠨ ᠳᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃      ᠲᠦᠷᠪᠡ᠂ ᠲᠤᠰᠬᠠᠶ ᠴᠡᠭᠴᠡᠯᠡᠨ ᠵᠠᠰᠠᠬᠤ ᠠᠵᠢᠯ ᠨᠢ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠨᠦᠯᠦᠭᠡᠯᠡᠨ᠎ᠡ ᠤᠤ ᠦᠭᠡᠢ ᠤᠤ︖      ᠬᠠᠷᠢᠭᠤᠯᠲᠠ᠄ ᠲᠤᠰᠬᠠᠶ ᠴᠡᠭᠴᠡᠯᠡᠨ ᠵᠠᠰᠠᠬᠤ ᠠᠵᠢᠯ ᠤᠨ ᠵᠣᠷᠢᠯᠭ᠎ᠠ ᠨᠢ ᠪᠤᠯ ᠢᠨᠲ᠋ᠧᠷ ᠰᠦᠯᠵᠢᠶᠡᠨ ᠤ ᠮᠥᠩᠭᠦᠨ ᠬᠦᠢᠯᠭᠡᠭᠡᠨ ᠤ ᠳᠠᠭᠠᠳᠬᠠᠯ ᠤᠨ ᠠᠵᠢᠯ ᠲᠥᠷᠥᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠵᠢᠷᠤᠮᠵᠢᠭᠰᠠᠨ ᠮᠦᠷᠲᠡᠭᠡᠨ ᠲᠦᠪ ᠭᠤᠣᠯᠴᠢ ᠵᠠᠬ᠎ᠠ ᠳᠡᠯᠭᠡᠭᠦᠷ ᠤᠨ ᠦᠷᠢᠰᠦᠯᠳᠦᠬᠡᠨ ᠤ ᠣᠷᠴᠢᠨ ᠨᠥᠬᠦᠴᠡᠯ ᠢ ᠪᠤᠢ ᠪᠤᠯᠭᠠᠬᠤ ᠶᠠᠪᠤᠳᠠᠯ ᠪᠤᠯᠤᠨ᠎ᠠ᠃ ᠳᠤᠮᠳᠠᠳᠤ ᠤᠯᠤᠰ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠨᠡᠶᠢᠭᠡᠮᠯᠢᠭ ᠬᠢᠨᠠᠨ ᠬᠠᠮᠢᠶᠠᠷᠬᠤ ᠪᠠ ᠰᠢᠨ᠎ᠡ ᠶᠢ ᠡᠭᠦᠳᠬᠦ ᠶᠢᠨ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠬᠦ ᠶᠢ ᠢᠮᠠᠭᠲᠠ ᠴᠢᠬᠤᠯᠠᠴᠢᠯᠠᠨ ᠦᠵᠡᠵᠤ᠂ ᠨᠢᠭᠡ ᠲᠠᠯ᠎ᠠ ᠪᠠᠷ᠂ ᠰᠢᠨ᠎ᠡ ᠶᠢ ᠡᠭᠦᠳᠬᠦ ᠶᠢ ᠵᠤᠷᠢᠭᠵᠢᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠪᠠᠶᠢᠭᠤᠯᠤᠮᠵᠢ ᠢᠨᠲ᠋ᠧᠷ ᠰᠦᠯᠵᠢᠶ᠎ᠡ ᠶᠢ ᠠᠰᠢᠭᠯᠠᠨ ᠠᠷᠭ᠎ᠠ ᠵᠠᠮ᠂ ᠦᠢᠯᠡᠳᠬᠦᠨ᠂ ᠦᠢᠯᠡᠴᠢᠯᠡᠭᠡ ᠪᠤᠯᠤᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠳᠤᠨᠢ ᠳᠡᠮᠵᠢᠯᠭᠡ ᠦᠵᠡᠭᠦᠯᠵᠤ᠂ ︽ᠢᠨᠲ᠋ᠧᠷ ᠰᠦᠯᠵᠢᠶ᠎ᠡ +︾ ᠨᠢ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠳᠤ ᠨᠡᠩ ᠥᠷᠭᠡᠨ ᠠᠭᠤᠳᠠᠮ ᠣᠷᠣᠨ ᠵᠠᠶ ᠤᠯᠭᠤᠬᠤ ᠶᠢ ᠲᠦᠯᠬᠢᠨ ᠠᠬᠢᠭᠤᠯᠪᠠ᠃ ᠨᠦᠬᠦᠭᠡ ᠲᠠᠯ᠎ᠠ ᠪᠠᠷ᠂ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠡᠷᠡᠭᠯᠡᠭᠴᠢᠳ ᠲᠤ ᠤᠬᠠᠭᠤᠯᠭ᠎ᠠ ᠬᠥᠮᠦᠵᠢᠯ ᠬᠢᠬᠦ ᠪᠠ ᠠᠶᠤᠯ ᠲᠦᠭᠰᠢᠭᠦᠷᠢ ᠶᠢᠨ ᠰᠠᠨᠠᠭᠤᠯᠤᠮᠵᠢ ᠦᠭᠭᠦ ᠠᠵᠢᠯ ᠢ ᠭᠦᠨᠵᠡᠭᠡᠶ ᠥᠷᠨᠢᠭᠦᠯᠵᠦ᠂ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠪᠡ᠃ ᠡᠨᠡ ᠤᠳᠠᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠨᠢ ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ᠂ ᠬᠠᠤᠯᠢ ᠶᠤᠰᠤ ᠶᠢ ᠬᠠᠮᠠᠭᠠᠯᠠᠬᠤ︾ ᠵᠠᠷᠴᠢᠮ ᠤᠨ ᠶᠣᠰᠣᠭᠠᠷ᠂ ᠢᠯᠭᠠᠭ᠎ᠠ ᠲᠠᠢ ᠬᠠᠨᠳᠤᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠬᠦᠯᠵᠤ᠂ ︽ᠮᠠᠭᠤ ᠵᠣᠭᠤᠰ ᠨᠢ ᠰᠠᠶᠢᠨ ᠵᠣᠭᠤᠰ ᠢ ᠰᠢᠬᠠᠬᠤ︾ ᠪᠠᠶᠢᠳᠠᠯ ᠢ ᠬᠤᠪᠢᠷᠠᠭᠤᠯᠵᠤ᠂ ᠬᠡᠪ ᠤᠨ ᠶᠣᠰᠣᠭᠠᠷ ᠲᠤᠬᠠᠶᠢᠯᠠᠭᠰᠠᠨ ᠠᠵᠢᠯ ᠢᠶᠠᠨ ᠦᠷᠨᠢᠬᠦᠯᠵᠤ ᠪᠠᠶᠢᠭ᠎ᠠ ᠪᠠᠶᠢᠭᠤᠯᠤᠮᠵᠢ ᠶᠢ ᠢᠳᠡᠪᠬᠢᠲᠡᠶ ᠪᠠᠷ ᠵᠤᠷᠢᠭᠵᠢᠭᠤᠯᠵᠤ᠂ ᠦᠷᠭᠦᠯᠵᠢᠯᠡᠨ ᠬᠢᠨᠠᠨ ᠬᠠᠮᠢᠶᠠᠷᠴᠤ᠂ ᠲᠡᠭᠦᠨ ᠤ ᠵᠢᠷᠤᠮᠵᠢᠭᠤᠨ ᠡᠵᠡᠩᠨᠡᠬᠦ ᠶᠢ ᠨᠢ ᠰᠢᠮᠳᠠᠭᠤᠯᠤᠨ᠎ᠠ᠃      ᠲᠠᠪᠤ᠂ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠳᠠᠭᠤᠰᠤᠭᠰᠠᠨ ᠤ ᠲᠠᠷᠠᠭ᠎ᠠ᠂  ᠦᠷ᠎ᠡ ᠪᠦᠲᠦᠭᠡᠯ ᠢᠶᠠᠨ ᠬᠡᠷᠬᠢᠨ ᠪᠠᠬᠢᠵᠢᠬᠦᠯᠬᠦ ᠪᠤᠢ︖      ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠨᠢ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠬᠤ ᠮᠦᠷᠲᠡᠭᠡᠨ ᠪᠠᠰᠠ ᠠᠯᠤᠰ ᠬᠡᠲᠤ ᠶᠢ ᠪᠣᠳᠣᠯᠬᠢᠯᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠄ ᠨᠢᠭᠡ ᠳᠤ᠂ ᠢᠨᠲ᠋ᠧᠷ ᠰᠦᠯᠵᠢᠶᠡᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠬᠦᠯᠵᠤ᠂ ᠬᠢᠨᠠᠨ ᠬᠠᠮᠢᠶᠠᠷᠬᠤ ᠳᠦᠷᠦ ᠶᠢᠨ ᠪᠤᠲᠤᠯᠭ᠎ᠠ ᠶᠢᠨ ᠲᠤᠬᠢᠷᠠᠮᠵᠢᠲᠦ ᠴᠢᠨᠠᠷ ᠪᠤᠯᠤᠨ ᠵᠤᠬᠢᠴᠠᠯᠳᠤᠬᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠤᠶᠠᠷ ᠲᠤ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ ᠤ ᠤᠨᠤᠯᠵᠢᠬᠤᠨ ᠪᠤᠯᠤᠨ ᠮᠡᠷᠭᠡᠵᠢᠯ ᠤᠨ ᠬᠡᠷᠡᠭᠯᠡᠭᠡ ᠶᠢ ᠴᠢᠩᠭᠠᠷᠠᠭᠤᠯᠵᠤ᠂ ᠢᠨᠲ᠋ᠧᠷ ᠰᠦᠯᠵᠢᠶᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠣᠨᠴᠠᠯᠢᠭ ᠲᠤ  ᠲᠤᠬᠢᠷᠠᠭᠰᠠᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢᠴᠢ ᠠᠶᠤᠯ ᠲᠦᠭᠰᠢᠭᠦᠷᠢ ᠶᠢ ᠰᠢᠢᠳᠪᠦᠷᠢᠯᠡᠬᠦ ᠤᠷᠢᠳᠴᠢᠯᠠᠭᠰᠠᠨ ᠲᠥᠰᠦᠯ ᠢ ᠰᠤᠳᠤᠯᠤᠨ ᠪᠠᠶᠢᠭᠤᠯᠵᠤ᠂ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠰᠡᠷᠭᠡᠶᠢᠯᠡᠨ ᠠᠷᠢᠯᠭᠠᠨ᠎ᠠ᠃ ᠭᠤᠷᠪᠠ ᠳᠤ ᠬᠢᠨᠠᠯᠲᠠ ᠬᠠᠮᠢᠶᠠᠷᠤᠯᠲᠠ ᠶᠢᠨ ᠨᠡᠶᠢᠯᠡᠯ ᠬᠦᠴᠦᠨ ᠢ ᠢᠳᠡᠪᠬᠢᠲᠡᠶ ᠪᠠᠷ ᠪᠤᠢ ᠪᠤᠯᠭᠠᠵᠤ᠂ ᠳᠠᠭᠠᠳᠬᠠᠯ ᠤᠨ ᠺᠣᠮᠫᠠᠨᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ ᠢ ᠵᠢᠯᠤᠭᠤᠳᠴᠤ ᠪᠠᠶᠢᠭᠠᠳ ᠥᠪᠡᠷ ᠢ ᠪᠠᠨ ᠱᠠᠭᠠᠷᠳᠠᠬᠤ  ᠦᠪᠡᠰᠦᠪᠡᠨ ᠡᠵᠡᠮᠳᠡᠬᠦ ᠶᠢ ᠨᠢ ᠴᠢᠩᠭᠠᠳᠬᠠᠵᠤ᠂ ᠪᠤᠰᠤᠳ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠯᠤᠨ ᠣᠷᠣᠨ ᠨᠤᠲᠤᠭ ᠤᠨ ᠵᠠᠰᠠᠭ ᠤᠨ ᠣᠷᠳᠣᠨ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠶᠢ ᠴᠢᠩᠭᠠᠳᠬᠠᠵᠤ᠂ ᠬᠥᠨᠳᠡᠯᠡᠨ ᠭᠤᠯᠳᠤ ᠬᠤᠯᠪᠣᠯᠳᠤᠨ  ᠬᠦᠳᠡᠯᠦᠯᠴᠡᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠬᠢᠯᠢ ᠠᠯᠤᠰᠯᠠᠭᠰᠠᠨ ᠢᠨᠲ᠋ᠧᠷ ᠰᠦᠯᠵᠢᠶᠡᠨ ᠤ ᠮᠥᠩᠭᠦᠨ ᠬᠦᠢᠯᠭᠡᠭᠡ ᠶᠢᠨ ᠳᠠᠭᠠᠳᠬᠠᠯ ᠤᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠨᠡᠶᠢᠯᠡᠯ ᠬᠦᠴᠦᠨ ᠢ ᠪᠤᠢ ᠪᠤᠯᠭᠠᠵᠤ᠂ ᠢᠨᠲ᠋ᠧᠷ ᠰᠦᠯᠵᠢᠶᠡᠨ ᠤ ᠮᠥᠩᠭᠦᠨ ᠬᠦᠢᠯᠭᠡᠭᠡ ᠶᠢᠨ ᠳᠠᠭᠠᠳᠬᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ