26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠲᠥᠪ ᠮᠡᠳᠡᠭᠡ ᠨᠡᠶᠢᠲᠡᠯᠡᠵᠦ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ 2017 ᠣᠨ ᠠᠴᠠ ᠡᠬᠢᠯᠡᠨ᠂ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ | ᠠᠩᠬᠢ ᠶᠢᠨ ᠲᠤᠷᠰᠢᠯᠲᠠ ᠶᠢᠨ ᠴᠢᠭ᠋ ᠤᠨ ᠶᠡᠭᠡ ᠳᠡᠭᠡᠳᠦ ᠰᠤᠷᠭᠠᠭᠤᠯᠢ ᠨᠢ ︵ᠨᠢᠭᠡᠳᠦᠭᠡᠷ ᠳᠡᠰ ᠪᠠᠭᠲᠠᠨ᠎ᠠ︶ ᠠᠴᠠ | ᠳᠡᠭᠡᠭᠰᠢᠬᠢ ᠲᠠᠮᠢᠷᠴᠢᠨ ᠰᠢᠯᠭᠠᠭᠤᠯᠤᠭᠰᠠᠳ ᠢ ᠠᠰ ᠲᠤᠨᠢ ᠵᠣᠬᠢᠶᠠᠨ ᠪᠠᠶᠢᠭᠤᠯᠤᠨ ᠰᠤᠶᠤᠯ ᠤᠨ ᠰᠢᠯᠭᠠᠯᠲᠠ ᠬᠢᠬᠦ ᠪᠠᠨ | ᠪᠤᠯᠢᠪᠠ᠂ ᠬᠤᠯᠪᠣᠭᠳᠠᠯ ᠪᠦᠬᠦᠢ ᠰᠢᠯᠭᠠᠭᠤᠯᠤᠭᠰᠠᠳ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ | ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠪᠠᠶ᠎ᠡ ᠶᠢᠨ ᠲᠠᠮᠢᠷ ᠤᠨ ᠪᠤᠯᠪᠠᠰᠤᠷᠠᠯ᠂ ᠵᠡᠪᠰᠡᠭ ᠤᠨ ᠡᠷᠳᠡᠮ ᠪᠣᠯᠤᠨ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠰ ᠢᠶᠠᠷ ᠨᠢ ᠰᠤᠷᠤᠭᠴᠢ ᠡᠯᠰᠡᠬᠦ | ᠰᠣᠶᠣᠯ ᠤᠨ ᠰᠢᠯᠭᠠᠯᠲᠠ ᠳᠤ ᠤᠷᠤᠯᠴᠠᠬᠤ ᠴᠢᠬᠤᠯᠠᠲᠠᠢ ᠪᠤᠯᠵᠠᠢ᠃ | ᠲᠠᠨᠢᠯᠴᠠᠭᠤᠯᠤᠭᠰᠠᠨ ᠢᠶᠠᠷ᠂ ᠰᠣᠶᠣᠯ ᠤᠨ ᠰᠢᠯᠭᠠᠯᠲᠠ ᠳᠤ ᠬᠡᠯᠡ ᠪᠢᠴᠢᠭ᠂ ᠲᠣᠭᠠᠨ ᠤ ᠤᠬᠠᠭᠠᠨ᠂ ᠤᠯᠤᠰ | ᠲᠥᠷᠥ᠂ ᠠᠩᠭ᠍ᠯᠢ ᠬᠡᠯᠡ ᠵᠡᠷᠭᠡ 4 ᠲᠦᠷᠦᠯ ᠢ ᠰᠢᠯᠭᠠᠵᠤ᠂ ᠲᠦᠷᠦᠯ ᠪᠦᠷᠢ150 ᠬᠤᠪᠢ᠂ 4 ᠲᠦᠷᠦᠯ ᠨᠡᠶᠢᠲᠡ | 600 ᠬᠤᠪᠢ ᠪᠣᠯᠤᠨ᠎ᠠ᠃ | 2017 ᠣᠨ ᠤ ᠶᠡᠭᠡ ᠳᠡᠭᠡᠳᠦ ᠰᠤᠷᠭᠠᠭᠤᠯᠢ ᠶᠢᠨ ᠦᠨᠳᠦᠷ ᠬᠢᠷᠢ ᠲᠦᠪᠰᠢᠨ ᠪᠦᠬᠦᠢ ᠲᠠᠮᠢᠷᠴᠢᠨ ᠤ | ᠠᠩᠬᠢ ᠶᠢᠨ ᠰᠣᠶᠣᠯ ᠤᠨ ᠰᠢᠯᠭᠠᠯᠲᠠ ᠶᠢᠨ ᠴᠠᠭ ᠨᠢ᠄ 4 ᠳ᠋ᠦ᠋ᠭᠡᠷ ᠰᠠᠷ᠎ᠠ ᠶᠢᠨ 22 ᠤᠨ ᠡᠳᠦᠷ᠂ 9᠄ 00 -10᠄ | 30 ᠬᠡᠯᠡ ᠪᠢᠴᠢᠭ᠂ 14᠄ 00 -15᠄ 30 ᠲᠣᠭᠠᠨ ᠤ ᠤᠬᠠᠭᠠᠨ︔ 4 ᠳ᠋ᠦ᠋ᠭᠡᠷ ᠰᠠᠷ᠎ᠠ ᠶᠢᠨ 23 ᠤ ᠡᠳᠦᠷ᠂ | 9᠄ 00 -10᠄ 30 ᠤᠯᠤᠰ ᠲᠦᠷᠦ᠂ 14᠄ 00 -15᠄ 30 ᠠᠩᠭ᠍ᠯᠢ ᠬᠡᠯᠡ ᠪᠣᠯᠤᠨ᠎ᠠ᠃ | ᠣᠶᠢᠯᠠᠭᠠᠭᠰᠠᠨ ᠢᠶᠠᠷ᠂ ᠰᠢᠯᠭᠠᠯᠲᠠ ᠶᠢᠨ ᠬᠥᠲᠥᠯᠪᠦᠷᠢ ᠶᠢ ᠰᠤᠷᠭᠠᠨ ᠬᠥᠮᠦᠵᠢᠯ ᠤᠨ ᠶᠠᠮᠤᠨ ᠤ ᠶᠠᠩ ᠭᠤᠸᠠᠩ ᠶᠡᠭᠡ | ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠲᠠᠪᠴᠠᠩ ᠪᠠ ᠳᠤᠮᠳᠠᠳᠤ ᠤᠯᠤᠰ ᠤᠨ ᠲᠠᠮᠢᠷᠴᠢᠨ ᠤ ᠰᠣᠶᠣᠯ | ᠰᠤᠷᠭᠠᠨ ᠬᠥᠮᠦᠵᠢᠯ ᠤᠨ ᠰᠦᠯᠵᠢᠶ᠎ᠡ ᠳᠡᠭᠡᠷ᠎ᠡ ᠨᠡᠶᠢᠲᠡᠯᠡᠨ᠎ᠡ᠃ | ᠲᠠᠨᠢᠯᠴᠠᠭᠤᠯᠤᠭᠰᠠᠨ ᠢᠶᠠᠷ᠂ ᠲᠤᠷᠰᠢᠯᠲᠠ ᠶᠢᠨ ᠴᠢᠭ᠋ ᠤᠨ ᠶᠡᠭᠡ ᠳᠡᠭᠡᠳᠦ ᠰᠤᠷᠭᠠᠭᠤᠯᠢ ᠶᠢᠨ ᠦᠨᠳᠦᠷ ᠬᠢᠷᠢ | ᠲᠦᠪᠰᠢᠨ ᠪᠦᠬᠦᠢ ᠲᠠᠮᠢᠷᠴᠢᠨ ᠤ ᠠᠩᠬᠢ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠦᠭᠡᠳ ᠨᠢᠭᠡᠳᠦᠭᠡᠷ | ᠳᠡᠰ ᠤᠨ ᠲᠠᠮᠢᠷᠴᠢᠨ᠂ ᠠᠪᠤᠷᠭᠤ ᠲᠠᠮᠢᠷᠴᠢᠨ᠂ ᠤᠯᠠᠨ ᠤᠯᠤᠰ ᠤᠨ ᠠᠪᠤᠷᠭᠤ ᠲᠠᠮᠢᠷᠴᠢᠨ ᠤ ᠴᠤᠯᠠ ᠶᠢᠨ ᠨᠢᠭᠡ ᠶᠢ | ᠨᠢ ᠬᠦᠷᠲᠡᠭᠡᠳ ᠲᠤᠷᠰᠢᠯᠲᠠ ᠶᠢᠨ ᠴᠢᠭ᠋ ᠤᠨ ᠳᠡᠭᠡᠳᠦ ᠶᠡᠭᠡ ᠰᠤᠷᠭᠠᠭᠤᠯᠢ ᠶᠢᠨ ᠠᠰ ᠢᠶᠠᠨ ᠨᠢ ᠰᠤᠷᠤᠭᠴᠢ ᠡᠯᠰᠡᠬᠦ | ᠰᠢᠯᠭᠠᠯᠲᠠ ᠶᠢᠨ ᠬᠢᠷᠢ ᠬᠡᠮ ᠢ ᠭᠤᠶᠤᠴᠢᠯᠠᠬᠤ ᠰᠢᠯᠭᠠᠭᠤᠯᠤᠭᠰᠠᠳ ᠪᠤᠯ᠂ 2017 ᠤᠨ ᠤ 3 ᠳ᠋ᠤᠭᠠᠷ ᠰᠠᠷ᠎ᠠ ᠶᠢᠨ | 25 ᠤ ᠡᠳᠦᠷ ᠰᠤᠷᠭᠠᠨ ᠬᠥᠮᠦᠵᠢᠯ ᠤᠨ ᠶᠠᠮᠤᠨ ᠤ ᠶᠠᠩ ᠭᠤᠸᠠᠩ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ | ᠲᠠᠪᠴᠠᠩ ᠪᠤᠶᠤ ᠳᠤᠮᠳᠠᠳᠤ ᠤᠯᠤᠰ ᠤᠨ ᠲᠠᠮᠢᠷᠴᠢᠨ ᠤ ᠰᠣᠶᠣᠯ ᠰᠤᠷᠭᠠᠨ ᠬᠥᠮᠦᠵᠢᠯ ᠤᠨ ᠰᠦᠯᠵᠢᠶ᠎ᠡ ᠶᠢᠨ ︽ᠶᠡᠭᠡ | ᠳᠡᠭᠡᠳᠦ ᠰᠤᠷᠭᠠᠭᠤᠯᠢ ᠶᠢᠨ ᠦᠨᠳᠦᠷ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ ᠰᠤᠶᠤᠯ ᠤᠨ | ᠰᠢᠯᠭᠠᠯᠲᠠ ᠶᠢᠨ ᠨᠡᠷ᠎ᠡ ᠮᠡᠳᠡᠭᠦᠯᠬᠦ ᠰᠢᠰᠲ᠋ᠧᠮ︾ ᠳᠤ ᠭᠠᠷᠴᠦ ᠪᠡᠶ᠎ᠡ ᠪᠠᠨ ᠳᠠᠭᠠᠭᠠᠵᠤ ᠨᠡᠷ᠎ᠡ ᠮᠡᠳᠡᠭᠦᠯᠬᠦ ᠪᠠ | ᠰᠦᠢᠳᠬᠡᠯ ᠲᠤᠰᠢᠶᠠᠬᠤ ᠬᠡᠷᠡᠭᠲᠡᠶ᠃ 4 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠬᠢᠯᠡᠨ᠂ ᠰᠢᠯᠭᠠᠭᠤᠯᠤᠭᠴᠢ ᠨᠡᠷ᠎ᠡ | ᠮᠡᠳᠡᠭᠦᠯᠬᠦ ᠰᠦᠯᠵᠢᠶᠡᠨ ᠠᠴᠠ ᠰᠢᠯᠭᠠᠯᠲᠠ ᠶᠢᠨ ᠵᠦᠪᠰᠢᠶᠡᠷᠡᠯ ᠤᠨ ᠦᠨᠡᠮᠯᠡᠯ ᠢ ᠪᠠᠭᠤᠯᠭᠠᠨ ᠠᠪᠴᠤ ᠪᠤᠯᠤᠨ᠎ᠠ᠂ | ᠰᠢᠯᠭᠠᠯᠲᠠ ᠶᠢᠨ ᠵᠦᠪᠰᠢᠶᠡᠷᠡᠯ ᠤᠨ ᠦᠨᠡᠮᠯᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠴᠠᠭ ᠲᠤᠬᠠᠶ ᠳᠤᠨᠢ ᠶᠡᠭᠡ | ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠷ᠎ᠡ ᠮᠡᠳᠡᠭᠦᠯᠦᠭᠰᠡᠨ ᠭᠠᠵᠠᠷ ᠣᠷᠣᠨ ᠤ ᠪᠠᠨ ᠮᠤᠵᠢ ᠶᠢᠨ ᠱᠠᠲᠤᠨ ᠤ | ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠲᠤᠭᠲᠠᠭᠠᠭᠰᠠᠨ ᠰᠢᠯᠭᠠᠯᠲᠠ ᠶᠢᠨ ᠲᠠᠯᠠᠪᠠᠢ ᠳᠤ | ᠰᠣᠶᠣᠯ ᠤᠨ ᠰᠢᠯᠭᠠᠯᠲᠠ ᠳᠤ ᠤᠷᠤᠯᠴᠠᠬᠤ ᠬᠡᠷᠡᠭᠲᠡᠢ᠃ | ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠨᠢ 5 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ | ᠰᠤᠷᠭᠠᠨ ᠬᠥᠮᠦᠵᠢᠯ ᠤᠨ ᠶᠠᠮᠤᠨ ᠤ ᠶᠠᠩ ᠭᠤᠸ᠋ᠩ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ | ᠲᠠᠪᠴᠠᠩ ᠠᠴᠠ ᠲᠤᠰ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ ᠠᠰ ᠢᠶᠠᠷ | ᠨᠢ ᠰᠤᠷᠤᠭᠴᠢ ᠡᠯᠰᠡᠬᠦ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠤᠨ ᠰᠣᠶᠣᠯ ᠤᠨ ᠬᠢᠴᠢᠶᠡᠯ ᠤᠨ ᠰᠢᠯᠭᠠᠯᠲᠠ ᠶᠢᠨ | ᠬᠢᠷᠢ ᠪᠦᠲᠦᠮᠵᠢ ᠶᠢ ᠪᠠᠭᠤᠯᠭᠠᠵᠤ ᠠᠪᠤᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠲᠤᠰ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠣᠷᠣᠨ ᠪᠠᠶᠢᠷᠢ ᠶᠢᠨ ᠲᠣᠭᠲᠠᠭᠠᠯᠲᠠ ᠪᠣᠯᠤᠨ ᠬᠥᠮᠦᠵᠢᠭᠦᠯᠬᠦ ᠱᠠᠭᠠᠷᠳᠠᠯᠭ᠎ᠠ ᠪᠠᠨ | ᠦᠨᠳᠦᠰᠦᠯᠡᠵᠦ᠂ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠪᠠᠶᠢᠭᠤᠯᠤᠮᠵᠢ ᠶᠢᠨ ᠬᠠᠩᠭᠠᠭᠰᠠᠨ ᠪᠤᠢ ᠪᠦᠬᠦᠢ ᠰᠢᠯᠭᠠᠭᠤᠯᠤᠭᠰᠠᠳ ᠤᠨ ᠬᠢᠷᠢ ᠪᠦᠲᠦᠮᠵᠢ ᠶᠢᠨ ᠲᠠᠷᠬᠠᠯᠲᠠ ᠲᠠᠢ | ᠤᠶᠠᠯᠳᠤᠭᠤᠯᠤᠨ᠂ ᠰᠣᠶᠣᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠲᠡᠩᠴᠡᠬᠦ ᠬᠤᠪᠢ ᠶᠢᠨ ᠬᠢᠵᠠᠭᠠᠷ ᠢ ᠡᠵᠡᠨ | ᠮᠡᠳᠡᠨ ᠲᠤᠭᠲᠠᠭᠠᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠰᠤᠷᠤᠭᠴᠢᠳ ᠤᠨ ᠰᠣᠶᠣᠯ ᠤᠨ ᠬᠡᠪ ᠴᠢᠨᠠᠷ ᠤᠨ | ᠱᠠᠭᠠᠷᠳᠠᠯᠭ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠂ ᠰᠤᠷᠤᠭᠴᠢ ᠡᠯᠰᠡᠬᠦ ᠲᠥᠯᠥᠪᠯᠡᠭᠡ ᠶᠢ ᠪᠡᠶᠡᠯᠡᠭᠦᠯᠬᠦ ᠶᠢᠨ | ᠲᠥᠯᠥᠭᠡ ᠰᠣᠶᠣᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠪᠠᠷᠢᠮᠵᠢᠶ᠎ᠠ ᠶᠢ ᠳᠤᠷᠤᠭᠰᠢᠯᠠᠭᠤᠯᠵᠤ | ᠪᠤᠯᠬᠤ ᠦᠭᠡᠢ᠃ ᠶᠡᠭᠡ ᠳᠡᠭᠡᠳᠦ ᠰᠤᠷᠭᠠᠭᠤᠯᠢ ᠶᠢᠨ ᠲᠣᠭᠲᠠᠭᠠᠭᠰᠠᠨ ᠰᠣᠶᠣᠯ ᠤᠨ ᠬᠢᠴᠢᠶᠡᠯ ᠤᠨ ᠬᠢᠷᠢ ᠲᠡᠩᠴᠡᠬᠦ | ᠬᠢᠵᠠᠭᠠᠷ ᠪᠣᠯᠤᠨ ᠡᠯᠰᠡᠭᠰᠡᠨ ᠰᠤᠷᠤᠭᠴᠢ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢ ᠲᠤᠰ ᠰᠤᠷᠭᠠᠭᠤᠯᠢ | ᠵᠢᠴᠢ ᠰᠤᠷᠭᠠᠨ ᠬᠥᠮᠦᠵᠢᠯ ᠤᠨ ᠶᠠᠮᠤᠨ ᠤ ᠶᠠᠩ ᠭᠤᠸ᠋ᠩ ᠶᠡᠭᠡ ᠳᠡᠭᠡᠳᠦ ᠰᠤᠷᠭᠠᠭᠤᠯᠢ ᠳᠤ ᠰᠢᠯᠭᠠᠬᠤ | ᠰᠢᠯᠭᠠᠯᠲᠠ ᠶᠢᠨ ᠲᠠᠪᠴᠠᠩ ᠳᠤ ᠨᠡᠶᠢᠲᠡᠯᠡᠬᠦ ᠪᠤᠯᠤᠨ᠎ᠠ᠃ |