12 ᠳ᠋ᠤᠭᠠᠷ ᠰᠠᠷ᠎ᠠ ᠳᠤ 2017 ᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠤᠳᠠᠯ ᠦᠭᠡᠢ ᠡᠬᠢᠯᠡᠬᠦ ᠪᠠᠷ ᠪᠠᠶᠢᠨ᠎ᠠ᠂ ᠶᠡᠭᠡ ᠳᠡᠭᠡᠳᠦ ᠰᠤᠷᠭᠠᠭᠤᠯᠢ ᠳᠤ | ᠪᠠᠲᠤᠯᠠᠭᠳᠠᠨ ᠬᠦᠷᠭᠡᠭᠳᠡᠬᠦ ᠪᠠ ᠰᠢᠯᠭᠠᠯᠲᠠ ᠠᠴᠠ ᠬᠡᠯᠲᠦᠷᠢᠭᠦᠯᠬᠦ ᠪᠠᠷ ᠲᠠᠨᠢᠯᠴᠠᠭᠤᠯᠬᠤ ᠰᠣᠷᠣᠭᠴᠢᠳ ᠶᠠᠮᠠᠷ ᠶᠠᠮᠠᠷ | ᠨᠥᠬᠦᠴᠡᠯ ᠢ ᠪᠦᠷᠢᠯᠳᠦᠭᠦᠯᠬᠦ ᠬᠡᠷᠡᠭᠲᠡᠶ ᠪᠤᠢ︖ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ | ᠬᠠᠮᠢᠶ᠎ᠠ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠠᠲᠤᠯᠠᠭᠳᠠᠨ ᠬᠦᠷᠭᠡᠭᠳᠡᠬᠦ ᠰᠤᠷᠤᠭᠴᠢ ᠭᠡᠳᠡᠭ | ᠨᠢ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠬᠤ ᠦᠭᠡᠢ ᠪᠠᠷ | ᠰᠤᠷᠭᠠᠭᠤᠯᠢ ᠠᠴᠠ ᠲᠠᠨᠢᠯᠴᠠᠭᠤᠯᠬᠤ ᠪᠠᠷ ᠳᠠᠮᠵᠢᠨ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠬᠤ ᠰᠤᠷᠤᠭᠴᠢᠳ ᠢ | ᠬᠡᠯᠡᠨ᠎ᠡ᠃ ᠪᠠᠲᠤᠯᠠᠵᠤ ᠬᠦᠷᠭᠡᠬᠦ ᠰᠤᠷᠤᠭᠴᠢ ᠶᠢ ᠰᠢᠯᠢᠨ ᠰᠤᠩᠭᠤᠬᠤ ᠨᠥᠬᠦᠴᠡᠯ ᠪᠣᠯ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠳᠠᠭᠠᠨ ᠮᠤᠵᠢ ᠶᠢᠨ ᠱᠠᠲᠤᠨ ᠤ ᠰᠢᠯᠢᠳᠡᠭ ᠰᠣᠷᠣᠭᠴᠢ ᠪᠠᠷ ᠰᠣᠩᠭᠤᠭᠳᠠᠭᠰᠠᠨ | ᠲᠤᠰ ᠬᠤᠭᠤᠴᠠᠭᠠᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠬᠦ ᠰᠤᠷᠤᠭᠴᠢ︔ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠭᠠᠨ ᠪᠦᠬᠦ ᠤᠯᠤᠰ ᠤᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠬᠢᠴᠢᠶᠡᠯ ᠲᠥᠷᠥᠯ ᠤᠨ ᠣᠯᠢᠮᠫᠢᠺ ᠤᠨ ᠤᠷᠤᠯᠳᠤᠭᠠᠨ ᠤ ᠪᠦᠬᠦ ᠤᠯᠤᠰ ᠤᠨ ᠰᠢᠢᠳᠪᠦᠷᠢᠲᠦ | ᠤᠷᠤᠯᠳᠤᠭᠠᠨ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠬᠦᠷᠲᠡᠭᠰᠡᠨ ᠲᠤᠰ | ᠬᠤᠭᠤᠴᠠᠭᠠᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠤᠷᠤᠭᠴᠢ ᠪᠣᠯᠣᠨ᠎ᠠ᠃ ᠶᠡᠭᠡ ᠳᠡᠭᠡᠳᠦ | ᠰᠤᠷᠭᠠᠭᠤᠯᠢ ᠶᠢᠨ ᠭᠠᠳᠠᠭᠠᠳᠤ ᠬᠡᠯᠡ ᠤᠳᠬ᠎ᠠ ᠵᠣᠬᠢᠶᠠᠯ ᠤᠨ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢ ᠶᠢᠨ | ᠢᠷᠡᠯᠲᠡ ᠶᠢᠨ ᠣᠨᠴᠠᠭᠠᠶ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠶᠠᠮᠤᠨ ᠢᠶᠠᠷ | ᠵᠥᠪᠰᠢᠶᠡᠷᠡᠭᠳᠡᠭᠰᠡᠨ ᠪᠠᠲᠤᠯᠠᠨ ᠬᠦᠷᠭᠡᠬᠦ ᠬᠢᠷᠢ ᠬᠡᠮ ᠲᠠᠢ ᠭᠠᠳᠠᠭᠠᠳᠤ ᠬᠡᠯᠡᠨ ᠤ ᠳᠤᠮᠳᠠᠳᠤ ᠰᠤᠷᠭᠠᠭᠤᠯᠢ ᠨᠢ ᠶᠡᠭᠡ | ᠳᠡᠭᠡᠳᠦ ᠰᠤᠷᠭᠠᠭᠤᠯᠢ ᠶᠢᠨ ᠭᠠᠳᠠᠭᠠᠳᠤ ᠬᠡᠯᠡ ᠤᠳᠬ᠎ᠠ ᠵᠣᠬᠢᠶᠠᠯ ᠤᠨ ᠲᠥᠷᠥᠯ ᠤᠨ ᠲᠤᠰᠬᠠᠶ ᠮᠡᠷᠭᠡᠵᠢᠯ ᠳᠤ ᠵᠥᠪᠬᠡᠨ | ᠦᠵᠡᠯ ᠰᠠᠨᠠᠭ᠎ᠠ ᠶᠣᠰᠣ ᠮᠣᠷᠠᠯ ᠪᠠ ᠰᠤᠷᠤᠯᠭ᠎ᠠ ᠶᠢᠨ ᠬᠢᠷᠢ ᠪᠦᠲᠦᠮᠵᠢ ᠨᠢ ᠰᠢᠯᠢᠳᠡᠭ ᠪᠥᠭᠡᠳ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠳᠠᠭᠠᠨ ᠴᠥᠮ ᠲᠤᠰ ᠰᠤᠷᠭᠠᠭᠤᠯᠢ ᠳᠤ ᠰᠤᠷᠤᠯᠴᠠᠭᠰᠠᠨ ᠲᠤᠰ ᠬᠤᠭᠤᠴᠠᠭᠠᠨ | ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠤᠷᠤᠭᠴᠢ ᠶᠢ ᠲᠠᠨᠢᠯᠴᠠᠭᠤᠯᠵᠤ ᠪᠣᠯᠣᠨ᠎ᠠ︔ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠵᠡᠷᠭᠡ 6 ᠶᠠᠮᠤᠨ ︵ | ᠲᠣᠪᠴᠢᠶ᠎ᠠ︶ ᠤ ᠬᠤᠯᠪᠣᠭᠳᠠᠯ ᠪᠦᠬᠦᠢ ᠪᠠᠲᠤᠯᠠᠨ ᠬᠦᠷᠭᠡᠬᠦ ᠱᠠᠭᠠᠷᠳᠠᠯᠭ᠎ᠠ ᠳᠤ ᠨᠡᠶᠢᠴᠡᠬᠦ ᠠᠯᠪᠠᠨ ᠠᠴᠠ ᠪᠠᠭᠤᠭᠰᠠᠨ | ᠲᠠᠮᠢᠷᠴᠢᠨ᠂ ᠲᠤᠬᠠᠶᠢᠯᠠᠪᠠᠯ ᠪᠦᠬᠦ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠭᠦᠦ ᠭᠤᠷᠪᠠᠨ ᠨᠡᠷ᠎ᠡ᠂ | ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠭᠦᠦ ᠵᠢᠷᠭᠤᠭᠠᠨ ᠨᠡᠷ᠎ᠡ᠂ ᠳᠡᠯᠡᠬᠡᠶ ᠶᠢᠨ | ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠭᠦᠦ ᠨᠠᠢᠮᠠᠨ ᠨᠡᠷ᠎ᠡ ᠳᠤ ᠣᠷᠣᠭᠰᠠᠨ ᠪᠠ ᠪᠥᠮᠪᠦᠭᠡ ᠶᠢᠨ ᠬᠠᠮᠲᠤ ᠶᠢᠨ | ᠲᠥᠷᠥᠯ ᠵᠦᠢᠯ ᠤᠨ ᠠᠪᠤᠷᠭᠤ ᠲᠠᠮᠢᠷᠴᠢᠨ᠂ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠪᠤᠷᠭᠤ | ᠲᠠᠮᠢᠷᠴᠢᠨ᠂ ᠵᠡᠪᠰᠡᠭ ᠤᠨ ᠡᠷᠳᠡᠮ ᠤᠨ ᠲᠥᠷᠥᠯ ᠵᠦᠢᠯ ᠤᠨ ᠵᠡᠪᠰᠡᠭ ᠤᠨ ᠳᠡᠭᠡᠳᠦ ᠳᠡᠰ ᠪᠠ ᠪᠤᠰᠤᠳ ᠲᠥᠷᠥᠯ | ᠵᠦᠢᠯ ᠤᠨ ᠳᠡᠯᠡᠬᠡᠢ ᠶᠢᠨ ᠳᠡᠰ ᠤᠨ ᠠᠪᠤᠷᠭᠤ ᠲᠠᠮᠢᠷᠴᠢᠨ ᠤ ᠴᠣᠯᠠ ᠬᠦᠷᠲᠡᠭᠰᠡᠨ ᠠᠯᠪᠠᠨ ᠠᠴᠠ ᠪᠠᠭᠤᠭᠰᠠᠨ | ᠲᠠᠮᠢᠷᠴᠢᠨ ᠪᠣᠯᠣᠨ᠎ᠠ︔ ᠳᠣᠲᠣᠭᠠᠳᠤ ᠶᠢ ᠬᠠᠮᠠᠭᠠᠯᠠᠬᠤ ᠶᠠᠮᠤᠨ᠂ ᠰᠤᠷᠭᠠᠨ ᠬᠥᠮᠦᠵᠢᠯ ᠤᠨ ᠶᠠᠮᠤᠨ ᠤ ᠳᠠᠷᠤᠮᠠᠯᠯᠠᠨ | ᠲᠠᠷᠬᠠᠭᠠᠭᠰᠠᠨ ︽ᠡᠩ ᠤᠨ ᠳᠣᠲᠣᠭᠠᠳᠤ ᠶᠢ ᠬᠠᠮᠠᠭᠠᠯᠠᠬᠤ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢ | ᠬᠠᠮᠠᠭᠠᠯᠠᠬᠤ ᠦᠷᠡᠭᠳᠡᠭᠰᠡᠨ ᠪᠠᠭᠠᠲᠤᠷ ᠤᠨ ᠦᠷ᠎ᠡ ᠬᠡᠦᠬᠡᠳ ᠠᠴᠠ ᠪᠠᠲᠤᠯᠠᠨ ᠬᠦᠷᠭᠡᠬᠦ ᠰᠤᠷᠤᠭᠴᠢ ᠡᠯᠰᠡᠬᠦ ᠲᠤᠬᠠᠶ | ᠲᠦᠷ ᠬᠡᠷᠡᠭᠵᠢᠭᠦᠯᠬᠦ ᠲᠣᠭᠲᠠᠭᠠᠯ︾ ᠳᠤ ᠨᠡᠶᠢᠴᠡᠬᠦ ᠳᠣᠲᠣᠭᠠᠳᠤ ᠶᠢ ᠬᠠᠮᠠᠭᠠᠯᠠᠬᠤ ᠦᠷᠡᠭᠳᠡᠭᠰᠡᠨ ᠪᠠᠭᠠᠲᠤᠷ ᠤᠨ ᠦᠷ᠎ᠡ | ᠬᠡᠦᠬᠡᠳ ᠪᠣᠯᠣᠨ᠎ᠠ᠃ | ᠰᠢᠯᠭᠠᠯᠲᠠ ᠠᠴᠠ ᠬᠡᠯᠲᠦᠷᠢᠭᠦᠯᠬᠦ ᠪᠠᠷ ᠲᠠᠨᠢᠯᠴᠠᠭᠤᠯᠬᠤ ᠰᠤᠷᠤᠭᠴᠢ ᠂ ᠪᠦᠬᠦᠯᠢ ᠨᠡᠷ᠎ᠡ ᠨᠢ ︽ᠲᠤᠰ | ᠬᠤᠭᠤᠴᠠᠭᠠᠨ ᠳᠤ ᠵᠢᠩᠬᠢᠨᠢ ᠠᠩᠬᠢ ᠠᠴᠠ ᠲᠡᠭᠦᠰᠦᠭᠰᠡᠨ ᠰᠢᠯᠢᠳᠡᠭ ᠰᠤᠷᠤᠭᠴᠢᠳ ᠢ ᠰᠢᠯᠭᠠᠬᠤ ᠦᠭᠡᠶ ᠪᠠᠷ | ᠠᠰᠫᠢᠷᠠᠨᠲ ᠲᠠᠨᠢᠯᠴᠠᠭᠤᠯᠬᠤ ᠰᠤᠷᠤᠭᠴᠢ︾ ᠭᠡᠳᠡᠭ ᠪᠣᠯ ᠰᠤᠳᠤᠯᠬᠤ ᠰᠤᠷᠤᠭᠴᠢ ᠡᠯᠰᠡᠬᠦ ᠰᠢᠯᠭᠠᠯᠲᠠ ᠳᠤ | ᠣᠷᠣᠯᠴᠠᠬᠤ ᠦᠭᠡᠢ ᠪᠠᠷ ᠰᠢᠭᠤᠳ ᠰᠤᠳᠤᠯᠬᠤ ᠰᠤᠷᠤᠭᠴᠢ ᠪᠠᠷ ᠰᠤᠷᠤᠯᠴᠠᠬᠤ ᠨᠢᠭᠡᠨ ᠵᠦᠢᠯ ᠤᠨ ᠪᠠᠶᠢᠳᠠᠯ ᠪᠣᠯᠤᠨ᠎ᠠ᠃ | ᠰᠢᠯᠭᠠᠯᠲᠠ ᠠᠴᠠ ᠬᠡᠯᠲᠦᠷᠢᠭᠦᠯᠦᠨ ᠲᠠᠨᠢᠯᠴᠠᠭᠤᠯᠬᠤ ᠰᠤᠷᠤᠭᠴᠢ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ | ᠪᠠᠶᠢᠬᠤ ᠬᠡᠷᠡᠭᠲᠡᠶ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠳᠤᠷᠠᠲᠠᠶ᠂ ᠶᠣᠰᠣ ᠮᠣᠷᠠᠯ ᠰᠠᠶᠢᠨ᠂ | ᠰᠠᠬᠢᠯᠭ᠎ᠠ ᠶᠢ ᠵᠢᠷᠤᠮᠯᠠᠨ ᠬᠠᠤᠯᠢ ᠶᠢ ᠰᠠᠬᠢᠳᠠᠭ︔ ᠡᠬᠡ ᠰᠤᠷᠭᠠᠭᠤᠯᠢ ᠠᠴᠠ ᠪᠠᠨ ᠰᠢᠯᠭᠠᠯᠲᠠ ᠠᠴᠠ | ᠬᠡᠯᠲᠦᠷᠢᠭᠦᠯᠬᠦ ᠪᠠᠷ ᠲᠠᠨᠢᠯᠴᠠᠭᠤᠯᠤᠭᠰᠠᠨ ᠬᠢᠷᠢ ᠬᠡᠮ ᠲᠠᠢ ᠪᠦᠬᠦ ᠤᠯᠤᠰ ᠤᠨ ᠭᠤᠣᠯᠳᠠᠯᠭ᠎ᠠ ᠲᠠᠢ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠬᠢ ᠠᠴᠠ ᠲᠣᠰ ᠬᠤᠭᠤᠴᠠᠭᠠᠨ ᠳᠤ ᠲᠡᠭᠦᠰᠬᠦ ᠰᠢᠯᠢᠳᠡᠭ ᠰᠤᠷᠤᠭᠴᠢᠳ ᠪᠠᠶᠢᠬᠤ | ᠬᠡᠷᠡᠭᠲᠡᠢ᠃ ᠲᠤᠰᠢᠶᠠᠬᠤ ᠴᠢᠬᠤᠯᠠᠲᠠᠢ ᠮᠠᠲ᠋ᠧᠷᠢᠶᠠᠯ ᠭᠡᠪᠡᠯ᠄ ᠭᠤᠶᠤᠴᠢᠯᠠᠯ ᠤᠨ ᠬᠦᠰᠦᠨᠦᠭᠲᠦ᠂ ᠥᠪᠡᠷ ᠢ ᠪᠠᠨ | ᠲᠠᠨᠢᠯᠴᠠᠭᠤᠯᠤᠭᠰᠠᠨ ᠪᠢᠴᠢᠭ᠂ ᠵᠢᠯᠣᠭᠤᠳᠤᠭᠴᠢ ᠪᠠᠭᠰᠢ ᠨᠢ ᠲᠠᠨᠢᠯᠴᠠᠭᠤᠯᠤᠭᠰᠠᠨ ᠪᠢᠴᠢᠭ᠂ ᠬᠢᠷᠢ ᠪᠦᠲᠦᠮᠵᠢ ᠶᠢᠨ | ᠬᠠᠭᠤᠳᠠᠰᠤ᠂ ᠭᠤᠶᠤᠴᠢᠯᠠᠭᠴᠢ ᠶᠢᠨ ᠤᠳᠤ ᠶᠢᠨ ᠪᠠᠶᠢᠭ᠎ᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠤᠨ | ᠬᠠᠩᠭᠠᠭᠰᠠᠨ ᠰᠢᠯᠭᠠᠯᠲᠠ ᠠᠴᠠ ᠬᠡᠯᠲᠦᠷᠢᠭᠦᠯᠬᠦ ᠪᠠᠷ ᠲᠠᠨᠢᠯᠴᠠᠭᠤᠯᠬᠤ ᠶᠢ ᠵᠥᠪᠰᠢᠶᠡᠷᠡᠭᠰᠡᠨ ᠭᠡᠷᠡᠴᠢᠯᠡᠬᠦ ᠪᠢᠴᠢᠭ ᠢ | ᠲᠤᠰᠢᠶᠠᠬᠤ ᠶᠢᠨ ᠬᠠᠮᠲᠤ ᠠᠯᠪᠠᠨ ᠲᠠᠮᠠᠭ᠎ᠠ ᠳᠠᠷᠤᠭᠰᠠᠨ ᠪᠠᠶᠢᠬᠤ ᠬᠡᠷᠡᠭᠲᠡᠶ᠃ ᠡᠭᠦᠨ ᠠᠴᠠ ᠭᠠᠳᠠᠨ᠎ᠠ ᠪᠠᠰᠠ ᠱᠠᠩᠨᠠᠯ | ᠣᠯᠤᠭᠰᠠᠨ ᠦᠨᠡᠮᠯᠡᠯ ᠤᠨ ᠬᠠᠭᠤᠯᠪᠤᠷᠢ᠂ ᠨᠡᠶᠢᠲᠡᠯᠡᠭᠰᠡᠨ ᠰᠤᠳᠤᠯᠭᠠᠨ ᠤ ᠥᠭᠦᠯᠡᠯ ᠤᠨ ᠬᠠᠭᠤᠯᠪᠤᠷᠢ ᠪᠠ ᠵᠠᠷᠢᠮ | ᠰᠤᠷᠭᠠᠭᠤᠯᠢ ᠶᠢᠨ ᠱᠠᠭᠠᠷᠳᠠᠭᠰᠠᠨ ᠠᠩᠭ᠍ᠯᠢ ᠬᠡᠯᠡᠨ ᠤ ᠬᠢᠷᠢ ᠲᠦᠪᠰᠢᠨ ᠤ ᠦᠨᠡᠮᠯᠡᠯ ︵ᠳᠥᠷᠪᠡ ᠵᠢᠷᠭᠤᠭᠠᠨ ᠳᠡᠰ᠂ | TOEFL᠂ GRE ᠵᠡᠷᠭᠡ ᠶᠢᠨ ᠪᠦᠲᠦᠮᠵᠢ︶ ᠶᠢ ᠲᠤᠰᠢᠶᠠᠬᠤ ᠬᠡᠷᠡᠭᠲᠡᠢ᠃ |