ᠤᠷᠳᠤᠰ ᠬᠤᠳᠠ ᠪᠦᠬᠦ ᠤᠯᠤᠰ ᠤᠨ ᠠᠩᠬᠠᠳᠤᠭᠠᠷ ᠪᠦᠯᠦᠭ ᠠᠵᠤ ᠦᠢᠯᠡᠳᠪᠦᠷᠢ ᠶᠢᠨ ᠡᠬᠢ ᠪᠠᠶᠠᠯᠢᠭ ᠢ  ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2016/11/4
     ᠣᠶᠢᠷ᠎ᠠ ᠳᠤ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠠᠴᠠ ᠪᠦᠬᠦ ᠤᠯᠤᠰ ᠤᠨ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠡᠷᠡᠰ ︵ᠠᠩᠬᠠᠳᠤᠭᠠᠷ ᠪᠦᠯᠦᠭ︶᠎ ᠢ ᠨᠡᠶᠢᠲᠡᠯᠡᠵᠡᠢ᠂ ᠨᠡᠷᠡᠰ ᠤᠨ ᠳᠣᠲᠣᠷ᠎ᠠ ᠲᠤᠰᠬᠠᠢ ᠣᠷᠣᠨ ᠤ ᠳᠡᠰ ᠤᠨ ᠬᠤᠲᠠ 12 ᠪᠠᠶᠢᠵᠤ᠂ ᠡᠭᠦᠨ ᠳᠤ ᠣᠷᠳᠣᠰ ᠬᠤᠲᠠ ᠪᠠᠭᠲᠠᠵᠤ ᠪᠤᠢ᠃ ᠤᠷᠳᠤᠰ ᠬᠤᠳᠠ ᠨᠢ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠳᠤ ᠪᠦᠬᠦ ᠤᠯᠤᠰ ᠤᠨ ᠠᠩᠬᠠᠳᠤᠭᠠᠷ ᠪᠦᠯᠦᠭ ᠤᠨ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠲᠣᠭᠲᠠᠭᠠᠭᠳᠠᠭᠰᠠᠨ ᠤ ᠳᠠᠷᠠᠭ᠎ᠠ᠂ ᠴᠤᠴᠠᠯᠲᠠ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠡᠴᠦᠰ ᠲᠡᠭᠡᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠤ ᠲᠤᠬᠠᠶ ᠶᠢᠨ ᠭᠠᠵᠠᠷ ᠲᠤᠨᠢ ᠰᠢᠯᠭᠠᠨ ᠠᠪᠬᠤ ᠪᠠ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠭᠡᠳ᠂ ᠪᠦᠬᠦ ᠤᠯᠤᠰ ᠤᠨ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠵᠢᠩᠬᠢᠨᠢ ᠪᠠᠷ ᠲᠣᠭᠲᠠᠭᠠᠭᠳᠠᠪᠠ᠃ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠠᠴᠠ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠳ ᠲᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠪᠦᠷᠢᠨᠰᠢᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠵᠠᠭᠪᠤᠷᠰᠢᠯ ᠢ ᠰᠢᠨᠡᠴᠢᠯᠡᠵᠦ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠢᠷᠢ ᠬᠡᠮᠵᠢᠶ᠎ᠡ ᠲᠠᠰᠣᠷᠠᠯᠳᠠ ᠥᠭᠡᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠵᠢᠱᠢᠶ᠎ᠡ ᠦᠵᠡᠭᠦᠯᠦᠭᠰᠡᠨ ᠲᠤᠷᠰᠢᠯᠭ᠎ᠠ ᠪᠠᠨ ᠳ᠋ᠦᠩᠨᠡᠵᠦ᠂ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠲᠤᠰ ᠭᠠᠵᠠᠷ ᠣᠷᠣᠨ ᠤ ᠪᠠᠨ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠭᠦᠨᠵᠡᠭᠡᠶ ᠦᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号