11 ᠳ᠋ᠤᠭᠡᠷ ᠰᠠᠷ᠎ᠠ ᠶᠢᠨ 4 ᠤ ᠡᠳᠦᠷ᠂ ᠪᠠᠶᠠᠨᠨᠠᠭᠤᠷ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠵᠢᠴᠢ ︽ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠤᠨ ᠠᠵᠢᠯᠯᠠᠭᠠᠨ ᠤ | ᠲᠥᠯᠥᠪᠯᠡᠭᠡ ᠶᠢᠨ ᠬᠦᠲᠦᠯᠪᠦᠷᠢ︾ ᠶᠢ ᠠᠬᠢᠭᠤᠯᠬᠤ ᠠᠵᠢᠯ ᠤᠨ ᠬᠤᠷᠠᠯ ᠯᠢᠨᠾᠧ ᠳᠤ ᠬᠤᠷᠠᠯᠳᠤᠪᠠ᠃ ᠬᠤᠳᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠬᠤ᠋ ᠹᠧᠩ᠂ | ᠬᠤᠳᠠ ᠶᠢᠨ ᠤᠳᠤᠷᠢᠳᠤᠯᠭ᠎ᠠ ᠯᠢᠶᠠᠩ ᠲᠢᠶᠧ ᠡᠾᠧ᠂ ᠵᠢᠶᠠ ᠷᠦᠨ ᠯᠢᠶᠠᠨ᠂ ᠸᠠᠩ ᡁᠢ ᠶᠦᠨ ᠬᠤᠷᠠᠯ ᠳᠤ | ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠲᠠᠪᠤᠨ ᠵᠢᠯ ᠪᠣᠯ ᠮᠠᠨ ᠤ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠪᠤᠯᠤᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠤᠨ | ᠠᠵᠢᠯ ᠢᠯᠡᠳᠳᠡ ᠠᠮᠵᠢᠯᠲᠠ ᠣᠯᠤᠭᠰᠠᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ ᠪᠦᠬᠦ ᠬᠤᠳᠠ ᠶᠢᠨ | ᠭᠤᠣᠯᠳᠠᠯᠭ᠎ᠠ ᠲᠠᠢ ᠬᠥᠮᠦᠰ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠤᠨ ᠠᠵᠢᠯ ᠯᠠᠪᠳᠠᠭᠤᠨ ᠢᠶᠠᠷ ᠠᠬᠢᠵᠤ᠂ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠯᠠᠪᠤᠷ ᠣᠷᠳᠣᠨ ᠪᠤᠯᠤᠨ ᠪᠡᠯᠡᠳᠭᠡᠮᠵᠢ ᠶᠢᠨ ᠪᠦᠳᠦᠭᠡᠨ | ᠪᠠᠶᠢᠭᠤᠯᠤᠯᠲᠠ ᠭᠦᠢᠴᠡᠳ ᠮᠦᠷᠲᠡᠭᠡᠨ ᠲᠦᠷᠭᠡᠨ ᠲᠠᠪᠰᠢᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠭᠤᠣᠯ ᠰᠡᠳᠦᠪᠲᠦ ᠳᠦᠷᠦᠯ ᠳᠡᠮᠳᠡᠭ ᠤᠨ ᠠᠵᠢᠯᠯᠠᠭ᠎ᠠ ᠨᠢ ᠡᠯᠪᠡᠭ ᠪᠠᠶᠠᠯᠢᠭ ᠪᠤᠯᠪᠠ᠃ | ᠬᠤᠷᠠᠯ ᠠᠴᠠ ᠱᠠᠭᠠᠷᠳᠠᠭᠰᠠᠨ ᠨᠢ᠂ ︽13·5︾ ᠶᠢᠨ ᠬᠤᠭᠤᠴᠠᠭᠠᠨ ᠳᠤ᠂ ᠡᠯ᠎ᠡ ᠬᠤᠰᠢᠭᠤ ᠰᠢᠶᠠᠨ | ᠲᠣᠭᠤᠷᠢᠭ᠂ ᠬᠤᠳᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠴᠢ ᠪᠦᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠤᠨ ᠠᠵᠢᠯ ᠢ ᠴᠢᠩᠭᠠᠳᠬᠠᠬᠤ ᠬᠠᠷᠢᠭᠤᠴᠠᠯᠭᠠᠲᠤ ᠰᠡᠳᠬᠢᠯᠭᠡ ᠪᠤᠯᠤᠨ | ᠡᠭᠦᠷᠭᠡᠲᠦ ᠰᠡᠳᠬᠢᠯᠭᠡ ᠪᠠᠨ ᠦᠨᠡᠨ ᠬᠦ ᠨᠡᠮᠡᠭᠳᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠪᠣᠯ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠰᠠᠭᠤᠷᠢ᠂ ᠠᠵᠤ ᠠᠬᠤᠶ ᠶᠢᠨ | ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ | ᠪᠠᠶᠢᠳᠠᠯ ᠳᠤ ᠵᠤᠬᠢᠴᠠᠬᠤ ᠲᠤᠯᠭᠠᠮ᠎ᠠ ᠱᠠᠭᠠᠷᠳᠠᠯᠭ᠎ᠠ ᠮᠦᠨ᠂ ᠨᠢᠭᠡ ᠭᠠᠵᠠᠷ ᠣᠷᠣᠨ ᠤ ᠰᠣᠶᠣᠯ ᠪᠣᠯᠪᠠᠰᠤᠨ ᠤ ᠬᠢᠷᠢ | ᠬᠡᠮᠵᠢᠶ᠎ᠡ ᠶᠢ ᠬᠠᠷᠠᠭᠤᠯᠤᠨ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠭᠤᠯᠭ᠎ᠠ ᠮᠦᠨ | ᠬᠡᠰᠡᠨ ᠢ ᠲᠠᠨᠢᠬᠤ ᠬᠡᠷᠡᠭᠲᠠᠢ᠃ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠤᠨ ᠬᠦᠲᠦᠯᠪᠦᠷᠢ ᠶᠢ ᠲᠤᠤᠱᠯᠠᠭᠤᠯᠤᠨ | ᠬᠡᠷᠡᠭᠵᠢᠭᠦᠯᠬᠦ ᠠᠵᠢᠯ ᠢᠶᠠᠷ ᠵᠢᠯᠣᠭᠤᠳᠣᠭᠤᠯᠵᠤ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ︔ ᠭᠤᠤᠯ ᠠᠵᠢᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠭᠤᠣᠯ ᠰᠡᠳᠦᠪᠲᠦ ᠠᠵᠢᠯᠯᠠᠭ᠎ᠠ ᠶᠢ ᠬᠦᠨᠵᠡᠭᠡᠢ ᠦᠷᠨᠢᠬᠦᠯᠬᠦ ᠬᠡᠷᠡᠭᠲᠠᠢ︔ | ᠭᠤᠣᠯᠳᠠᠯᠭ᠎ᠠ ᠶᠢ ᠳᠤᠪᠤᠶᠢᠯᠭᠠᠨ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠤᠨ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠠᠢ︔ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠠᠢ᠃ | ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ | ᠲᠤᠲᠤᠷᠬᠠᠶᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠣᠷᠣᠭᠤᠯᠤᠯᠲᠠ ᠪᠠᠨ ᠨᠡᠮᠡᠭᠳᠡᠭᠦᠯᠵᠦ᠂ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ | ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠳ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷᠠᠴᠤᠳ ᠥᠪᠡᠷ ᠤᠨ ᠲᠤᠰᠬᠠᠶ | ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠭᠦ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠳᠤ ᠬᠤᠪᠢ ᠨᠡᠮᠡᠷᠢ ᠦᠵᠡᠬᠦᠯᠬᠦ ᠬᠡᠷᠡᠭᠲᠠᠢ ᠬᠡᠪᠡ᠃ |