| 11 ᠳ᠋ᠦ᠋ᠭᠡᠷ ᠰᠠᠷ᠎ᠠ ᠶᠢᠨ 8 ᠤ ᠡᠳᠦᠷ᠂ ᠲᠦᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ | ᠤᠷᠤᠨ ᠳᠤ ᠢᠷᠡᠵᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠳᠡ ᠶᠢᠨ ᠬᠤᠷᠠᠯ ᠬᠢᠪᠡ᠃ ᠲᠦᠪ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠲᠦᠪ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠤᠳᠤᠷᠢᠳᠬᠤ ᠳᠤᠭᠤᠢᠢᠯᠠᠩ ᠤᠨ ᠪᠠᠶᠢᠩᠭᠤ ᠶᠢᠨ ᠳᠡᠳ᠋ ᠡᠷᠬᠢᠯᠡᠭᠴᠢ᠂ ᠤᠯᠤᠰ ᠤᠨ | ᠬᠦᠭᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠮᠦ ᠬᠤᠩ ᠤᠬᠠᠭᠤᠯᠤᠨ ᠲᠡᠶᠢᠯᠪᠤᠷᠢᠯᠠᠬᠤ | ᠮᠡᠳᠡᠭᠦᠯᠦᠯᠳᠡ ᠬᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ | ᠮᠡᠳᠡᠭᠦᠯᠦᠯᠳᠡ ᠶᠢᠨ ᠬᠤᠷᠠᠯ ᠢ ᠡᠷᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠳ᠂ ᠦᠪᠡᠷᠳᠡᠭᠡᠨ ᠵᠠᠰᠬᠠᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ | ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ | ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠬᠡᠰᠡᠭ ᠮᠤᠵᠢ ᠶᠢᠨ ᠲᠡᠰ ᠤᠨ ᠠᠵᠢᠯ ᠠᠴᠠ ᠪᠠᠨ | ᠲᠠᠷᠬᠠᠯᠠᠬᠳᠠᠬᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠮᠡᠳᠡᠭᠦᠯᠦᠯᠳᠡ ᠶᠢᠨ ᠬᠤᠷᠠᠯ ᠳᠤ | ᠤᠷᠤᠯᠴᠠᠪᠠ᠃ | ᠮᠦ ᠬᠤᠩ ᠮᠡᠳᠡᠭᠦᠯᠦᠯᠳᠡ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠲᠡᠭᠡᠷ᠎ᠠ ᠬᠢᠭᠰᠡᠨ ᠴᠢᠬᠤᠯᠠ ᠶᠠᠷᠢᠶᠠᠨ ᠤ | ᠵᠤᠷᠢᠭ | ᠰᠠᠨᠠᠭ᠎ᠠ ᠪᠠ ︽ᠰᠢᠨ᠎ᠡ ᠪᠠᠶᠢᠳᠠᠯ ᠲᠤᠤᠷᠠᠬᠢ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ | ᠲᠤᠬᠠᠢ ᠪᠠᠷᠢᠮᠵᠢᠶ᠎ᠠ ᠨᠤᠭᠤᠳ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠦ ᠶᠢᠨ | ᠬᠢᠨᠠᠯᠳᠠ ᠲᠠᠯᠪᠢᠬᠤ ᠲᠦᠷᠢᠮ︾ ᠢᠶᠠᠷ ᠭᠤᠤᠯ ᠱᠤᠭᠤᠮ ᠪᠤᠯᠭᠠᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ | ᠲᠠᠨᠢᠬᠤ᠂ ᠨᠠᠮ ᠤᠨ ᠲᠤᠳᠤᠭᠠᠳᠦ ᠶᠢᠨ ᠤᠯᠤᠰ ᠲᠦᠢᠷᠦ ᠶᠢᠨ ᠠᠮᠢᠳᠤᠷᠠᠯ ᠢ ᠪᠦᠬᠦ ᠲᠠᠯ᠎ᠠ ᠪᠠᠷ ᠴᠢᠩᠭᠠᠳᠬᠠᠨ | ᠵᠢᠷᠤᠮᠵᠢᠭᠤᠯᠬᠤ᠂ ᠨᠠᠮ ᠤᠨ ᠲᠤᠳᠤᠭᠠᠳᠦ ᠶᠢᠨ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠡᠶᠢᠳᠡᠪᠦᠷᠢᠵᠢᠭᠤᠯᠬᠤ᠂ ᠤᠳᠤᠷᠢᠳᠬᠤ ᠺᠠᠳ᠋ᠷᠴᠤᠳ ᠤᠨᠴᠠᠭᠠᠢᠢᠯᠠᠨ ᠲᠡᠭᠡᠳᠦ ᠲᠡᠰ ᠤᠨ ᠺᠠᠳ᠋ᠷᠴᠤᠳ ᠢ ᠰᠠᠶᠢᠳᠤᠷ | ᠠᠳᠬᠤᠬᠤ ᠵᠡᠷᠭᠡ ᠲᠦᠷᠪᠡᠨ ᠲᠠᠯ᠎ᠠ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ | ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠢᠰᠲ᠋ᠧᠮ ᠲᠠᠢ ᠲᠤᠳᠤᠷᠬᠠᠢᠢᠯᠠᠨ ᠦᠬᠦᠯᠡᠵᠤ ᠬᠦᠨᠵᠡᠭᠡᠢ | ᠲᠠᠶᠢᠯᠦᠮᠵᠢ ᠬᠢᠪᠡ᠃ ᠮᠡᠳᠡᠭᠦᠯᠦᠯᠳᠡ ᠨᠢ ᠪᠦᠬᠦ ᠲᠠᠯ᠎ᠠ ᠪᠠᠷ ᠰᠢᠰᠲ᠋ᠧᠮ ᠲᠠᠢ ᠪᠦᠭᠡᠳ ᠭᠤᠤᠯᠳᠠᠯᠭ᠎ᠠ ᠲᠤᠪᠤᠶᠢᠮ᠎ᠠ | ᠪᠠᠶᠢᠵᠤ᠂ ᠴᠢᠩᠭ᠎ᠠ ᠨᠢᠮᠪᠠᠢ ᠪᠦᠭᠡᠳ ᠲᠦᠭᠦᠮ ᠤᠢᠢᠯᠠᠭᠠᠮᠵᠢᠳᠠᠢ᠂ ᠮᠠᠰᠢ ᠴᠢᠩᠭ᠎ᠠ ᠦᠵᠡᠯ ᠰᠠᠨᠠᠭᠠᠳᠦ ᠴᠢᠨᠠᠷ᠂ | ᠴᠢᠭᠯᠡᠬᠦᠯᠤᠯᠳᠤ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠪᠦᠬᠦ ᠤᠷᠤᠨ ᠤ ᠨᠠᠮ ᠤᠨ ᠬᠡᠰᠢᠭᠦᠨ ᠺᠠᠳ᠋ᠷᠴᠤᠳ ᠲᠤ | ᠬᠦᠨ ᠬᠦᠨᠵᠡᠭᠡᠢ ᠬᠦᠮᠦᠵᠢᠯ ᠬᠦᠷᠳᠡᠭᠡᠭᠰᠡᠨ ᠪᠦᠭᠡᠳ ᠰᠡᠩᠭᠡᠷᠡᠭᠦᠯᠦᠯ ᠤᠯᠭᠤᠵᠤ᠂ ᠪᠦᠬᠦ ᠤᠷᠤᠨ ᠤ ᠦᠷᠭᠡᠨ ᠤᠯᠠᠨ | ᠨᠠᠮ ᠤᠨ ᠬᠡᠰᠢᠭᠦᠨ᠂ ᠺᠠᠳ᠋ᠷᠴᠤᠳ ᠤᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠢᠢᠯᠠᠭᠠᠨ | ᠡᠵᠡᠮᠰᠢᠭᠦ ᠶᠢ ᠴᠢᠨᠠᠬᠰᠢᠳᠠ ᠠᠬᠢᠭᠤᠯᠵᠤ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠡᠶᠢᠳᠡᠪᠦᠷᠢᠵᠢᠭᠤᠯᠬᠤ ᠤᠬᠠᠮᠰᠠᠷᠳᠦ ᠴᠢᠨᠠᠷ ᠪᠤᠯᠤᠨ ᠡᠷᠡᠰ ᠪᠠᠳᠤ ᠴᠢᠨᠠᠷ ᠢ ᠴᠢᠩᠭᠠᠳᠬᠠᠵᠠᠢ᠃ | ᠯᠢ ᠵᠢᠢ ᠾᠧᠩ ᠮᠡᠳᠡᠭᠦᠯᠦᠯᠳᠡ ᠶᠢᠨ ᠬᠤᠷᠠᠯ ᠢ ᠡᠷᠬᠢᠯᠡᠭᠦ ᠳᠡᠭᠡᠨ ᠴᠢᠬᠤᠯᠠᠴᠢᠯᠠᠬᠰᠠᠨ ᠨᠢ᠂ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ᠂ ᠨᠠᠮ ᠤᠨ ᠢᠮᠠᠭᠳᠠ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠢᠯᠡᠰ ᠤᠨ ᠡᠷᠡᠰ ᠴᠢᠩᠭ᠎ᠠ ᠤᠳᠤᠷᠢᠳᠬᠤ | ᠭᠤᠤᠯᠯᠠᠭᠴᠢ ᠬᠦᠴᠦᠨ ᠪᠤᠯᠬᠤ ᠶᠢ ᠪᠠᠳᠤᠯᠠᠬᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ | ᠪᠠᠶᠢᠷᠢᠰᠢᠭᠤᠯᠤᠯᠳᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠬᠤ᠂ ᠮᠠᠰᠢ ᠤᠯᠠᠨ ᠰᠢᠨ᠎ᠠ ᠲᠡᠦᠭᠡᠳᠦ | ᠤᠨᠴᠠᠯᠢᠭ ᠲᠠᠢ ᠠᠭᠤᠤ ᠶᠡᠭᠡ ᠲᠡᠮᠡᠴᠡᠯ ᠢ ᠨᠠᠩ ᠰᠠᠶᠢᠳᠤᠷ ᠬᠢᠬᠦ᠂ ᠨᠠᠮ ᠤᠨ ᠪᠠᠶᠢᠭᠤᠯᠤᠯᠳᠠ ᠶᠢᠨ ᠰᠢᠨ᠎ᠠ ᠠᠭᠤᠤ | ᠶᠡᠭᠡ ᠢᠨᠵᠧᠨᠧᠷᠢᠩ ᠢ ᠠᠬᠢᠭᠤᠯᠬᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠦᠢᠯᠡᠰ ᠢ ᠠᠬᠢᠭᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ | ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠳᠤ ᠮᠠᠰᠢ ᠶᠡᠭᠡ ᠠᠴᠢ ᠬᠤᠯᠪᠤᠭᠳᠠᠯ ᠲᠠᠢ ᠪᠦᠭᠡᠳ ᠠᠯᠤᠰ ᠭᠡᠳᠦ ᠶᠢᠨ | ᠨᠦᠯᠦᠭᠡ ᠲᠤᠰᠬᠠᠯ ᠲᠠᠢ ᠶᠤᠮ᠃ ᠪᠢᠳᠡ ᠡᠷᠬᠡᠪᠰᠢ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠪᠦᠬᠦᠳᠡ | ᠬᠤᠷᠠᠯ ᠠᠴᠠ ᠲᠤᠭᠳᠠᠭᠠᠬᠰᠠᠨ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠲᠠᠢ ᠨᠢᠭᠡᠳᠦᠯᠳᠡᠢ | ᠪᠠᠶᠢᠯᠭᠠᠬᠤ ᠬᠡᠷᠡᠭᠳᠡᠢ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢᠨ ᠮᠦᠨ ᠴᠢᠨᠠᠷ ᠢ ᠴᠢᠨᠠᠬᠰᠢᠳᠠ ᠵᠦᠪ ᠤᠨᠤᠪᠴᠢᠳᠠᠢ ᠡᠵᠡᠮᠰᠢᠵᠤ᠂ ᠲᠦᠪ | ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠲᠠᠢ ᠤᠶᠠᠯᠳᠤᠭᠤᠯᠤᠨ᠂ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠨᠡᠪᠳᠡᠷᠠᠳᠠᠯᠠ ᠤᠢᠢᠯᠠᠭᠠᠵᠤ᠂ ᠤᠯᠤᠰ ᠲᠦᠷᠦ ᠶᠢᠨ | ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠴᠢ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠤᠯᠠᠮ | ᠲᠡᠭᠡᠭᠰᠢᠯᠡᠬᠦᠯᠵᠤ᠂ ᠦᠵᠡᠯ ᠰᠠᠨᠠᠭᠠᠨ ᠤ ᠲᠠᠯ᠎ᠠ ᠪᠠᠷ ᠭᠤᠤᠯ ᠪᠤᠯᠬᠤ ᠶᠢ ᠲᠡᠭᠡᠳᠤ ᠭᠡᠮᠵᠢᠶ᠎ᠠ ᠪᠠᠷ ᠮᠡᠳᠡᠷᠡᠵᠤ᠂ ᠤᠯᠤᠰ | ᠲᠦᠷᠦ ᠶᠢᠨ ᠲᠠᠯ᠎ᠠ ᠪᠠᠷ ᠭᠤᠤᠯ ᠪᠤᠯᠬᠤ ᠶᠢ ᠡᠷᠡᠰ ᠬᠦᠷᠢᠶᠠᠯᠠᠵᠤ᠂ ᠵᠤᠬᠢᠶᠠᠨ ᠪᠠᠶᠢᠭᠤᠯᠤᠯᠳᠠ ᠶᠢᠨ ᠲᠠᠯ᠎ᠠ ᠪᠠᠷ | ᠤᠬᠠᠮᠰᠠᠷ ᠠᠴᠠ ᠪᠠᠨ ᠭᠤᠤᠯ ᠪᠤᠯᠬᠤ ᠶᠢ ᠲᠠᠭᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ | ᠭᠤᠤᠯ ᠪᠤᠯᠬᠤ ᠲᠠᠢ ᠨᠢᠭᠡᠳᠤᠯᠳᠠᠢ ᠪᠠᠶᠢᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠶᠢᠨ ᠲᠤᠭᠤᠷᠢᠨ ᠳᠤ ᠨᠡᠩ ᠴᠢᠩᠭ᠎ᠠ ᠨᠢᠬᠳᠠᠷᠠᠨ ᠪᠦᠯᠬᠦᠮᠳᠡᠵᠤ᠂ ᠶᠡᠷᠦᠩᠬᠡᠢ ᠱᠦᠵᠢ ᠰᠢ ᠶᠢᠨ ᠫᠢᠩ ᠢᠶᠠᠷ | ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢ ᠤᠯᠠᠮ ᠡᠷᠡᠰ ᠢᠶᠠᠷ ᠬᠠᠮᠠᠭᠠᠯᠠᠵᠤ᠂ ᠦᠵᠡᠯ ᠰᠠᠨᠠᠭ᠎ᠠ᠂ ᠤᠯᠤᠰ | ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠩ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠨᠠᠮ ᠤᠨ ᠲᠦᠪ | ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠤᠯᠠᠮ ᠯᠠᠪᠳᠠᠭᠤᠨ | ᠪᠠᠳᠤᠳᠠᠢ ᠪᠠᠷ ᠪᠤᠳᠠᠳᠠᠢ ᠨᠡᠶᠢᠳᠡᠪᠦᠷᠢᠵᠢᠭᠤᠯᠬᠤ ᠬᠡᠷᠡᠭᠳᠡᠢ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ | ᠠᠵᠢᠯ ᠢ ᠴᠢᠨᠠᠬᠰᠢᠳᠠ ᠬᠦᠨᠵᠡᠭᠡᠶᠢᠷᠡᠭᠦᠯᠵᠤ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠡᠯ᠎ᠠ ᠨᠢᠭᠡᠴᠡ ᠵᠢᠷᠭᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠡᠳᠦᠷ ᠲᠤᠳᠤᠮ ᠤᠨ | ᠴᠢᠬᠤᠯᠠ ᠵᠦᠪᠯᠡᠭᠦ ᠵᠦᠢᠯ ᠪᠤᠯᠭᠠᠵᠤ᠂ ᠲᠤᠰᠬᠠᠢ ᠰᠡᠳᠦᠪ ᠢᠶᠠᠷ ᠪᠠᠶᠢᠷᠢᠯᠠᠭᠤᠯᠤᠨ᠂ ᠪᠤᠳᠠᠳᠠᠢ ᠱᠠᠭᠠᠷᠳᠠᠯᠭ᠎ᠠ | ᠲᠤᠷᠠᠳᠴᠤ᠂ ᠠᠵᠢᠯ ᠤᠨ ᠵᠢᠯᠤᠭᠤᠳᠤᠯᠭ᠎ᠠ ᠬᠢᠬᠦ ᠪᠠ ᠱᠠᠯᠠᠪᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠵᠤ᠂ | ᠪᠤᠳᠠᠳᠤ ᠦᠷ᠎ᠡ ᠪᠦᠳᠦᠮᠵᠢ ᠤᠯᠬᠤ ᠬᠡᠷᠡᠭᠳᠡᠢ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠲᠤᠭᠤᠢᠢᠯᠠᠩ︶ ᠨᠢ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠤ᠂ ᠵᠤᠬᠢᠶᠠᠨ | ᠪᠠᠶᠢᠭᠤᠯᠬᠤ ᠰᠠᠯᠠᠭ᠎ᠠ ᠮᠦᠴᠢᠷ ᠨᠢ ᠵᠤᠬᠢᠶᠠᠨ ᠪᠠᠶᠢᠭᠤᠯᠬᠤ ᠪᠠ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠᠨ | ᠦᠨᠡᠨᠭᠦ ᠴᠢᠩᠭᠠᠳᠬᠠᠵᠤ᠂ ᠤᠬᠠᠭᠤᠯᠬᠤ ᠰᠠᠯᠠᠭ᠎ᠠ ᠮᠦᠴᠢᠷ ᠨᠢ ᠡᠯ᠎ᠠ ᠵᠦᠢᠯ ᠤᠨ ᠤᠬᠠᠭᠤᠯᠭ᠎ᠠ ᠶᠢᠨ ᠡᠬᠢ ᠪᠠᠶᠠᠯᠢᠭ | ᠪᠠ ᠲᠠᠮᠵᠢᠭᠤᠯᠭ᠎ᠠ ᠶᠢᠨ ᠠᠴᠢᠶᠠᠯᠠᠪᠤᠷᠢ ᠶᠢ ᠬᠦᠢᠴᠡᠳ ᠠᠰᠢᠬᠯᠠᠨ ᠤᠬᠠᠭᠤᠯᠤᠨ ᠮᠡᠳᠡᠭᠡᠯᠡᠵᠤ᠂ ᠡᠯ᠎ᠠ ᠱᠠᠳᠦᠠ ᠤ | ᠨᠠᠮ ᠤᠨ ᠰᠤᠷᠭᠠᠭᠤᠯᠢ᠂ ᠵᠠᠰᠠᠬ ᠵᠠᠬᠢᠷᠭᠠᠠ ᠤ ᠳᠠᠬᠡᠳᠦ ᠰᠤᠷᠭᠠᠭᠤᠯᠢ ᠪᠦᠬᠦ ᠤᠷᠤᠨ ᠤ ᠨᠠᠮ ᠤᠨ ᠬᠡᠰᠢᠭᠦᠨ | ᠺᠠᠳ᠋ᠷᠴᠤᠳ ᠢ ᠬᠤᠭᠤᠴᠠᠭ᠎ᠠ ᠬᠤᠪᠢᠶᠠᠨ ᠪᠦᠯᠦᠭ ᠬᠤᠪᠢᠶᠠᠵᠤ ᠡᠬᠡᠯᠵᠢᠯᠡᠡ ᠪᠤᠯᠪᠠᠰᠦᠷᠠᠭᠤᠯᠵᠤ᠂ ᠡᠯ᠎ᠠ ᠰᠢᠰᠲ᠋ᠧᠮ | ᠡᠯ᠎ᠠ ᠠᠵᠢᠯ ᠲᠦᠷᠦᠯ ᠤᠨ ᠬᠢᠨ ᠤᠯᠠᠨ ᠶᠠᠩᠵᠤ ᠭᠡᠯᠪᠠᠷᠢ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ | ᠦᠷᠨᠢᠭᠦᠯᠭᠦ ᠬᠡᠷᠡᠭᠳᠡᠢ᠃ ᠡᠯ᠎ᠠ ᠱᠠᠳᠤ ᠲᠠᠪᠬᠤᠷᠭ᠎ᠠ ᠶᠢᠨ ᠤᠬᠠᠭᠤᠯᠤᠠ ᠳᠠᠶᠢᠯᠪᠤᠷᠢᠯᠠᠬᠤ ᠠᠵᠢᠯᠯᠠᠭ᠎ᠠ ᠶᠢ ᠲᠠᠷᠤᠢ | ᠲᠦᠷᠭᠡᠨ ᠵᠤᠬᠢᠶᠠᠨ ᠪᠠᠶᠢᠭᠤᠯᠦᠨ ᠦᠷᠨᠢᠭᠦᠯᠵᠤ᠂ ᠪᠦᠬᠦ ᠤᠷᠤᠨ ᠳᠤ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ | ᠰᠤᠷᠤᠯᠴᠠᠠ ᠤᠬᠠᠭᠤᠯᠵᠤ ᠳᠤᠤᠱᠯᠠᠭᠤᠯᠬᠤ ᠬᠠᠯᠠᠭᠤᠨ ᠦᠷᠨᠢᠯᠳᠠ ᠶᠢ ᠦᠳᠳᠡᠷ ᠳᠦᠷᠬᠡᠡ ᠭᠠᠷᠭᠠᠬᠤ ᠬᠡᠷᠡᠭᠳᠡᠢ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠪᠠᠷ ᠦᠢᠯᠡᠳᠦᠯᠭᠡ ᠪᠠᠨ ᠵᠢᠯᠤᠭᠤᠳᠤᠭᠤᠯᠦᠨ᠂ ᠠᠵᠢᠯ ᠢᠶᠠᠨ ᠠᠬᠢᠭᠤᠯᠵᠤ᠂ ᠵᠢᠷᠭᠤᠳᠤᠭᠠᠷ ᠪᠦᠬᠦᠳᠡ ᠬᠤᠷᠠᠯ | ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠢᠭᠡᠳ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ | ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ | ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠶᠠᠯᠳᠤᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠬᠠᠤ ᠶᠢ ᠡᠷᠡᠰ ᠪᠠᠳᠤ ᠭᠤᠶᠢᠪᠢᠰᠢ ᠦᠭᠡᠢ ᠠᠬᠢᠭᠤᠯᠦᠨ᠂ ᠨᠠᠮ ᠤᠨ ᠲᠤᠳᠤᠭᠠᠳᠦ ᠶᠢᠨ ᠤᠯᠤᠰ | ᠲᠦᠷᠦ ᠶᠢᠨ ᠠᠮᠢᠳᠤᠷᠠᠯ ᠢ ᠦᠨᠡᠨᠭᠦ ᠴᠢᠩᠭᠠᠳᠬᠠᠨ ᠵᠢᠷᠤᠮᠵᠢᠭᠤᠯᠵᠤ᠂ ᠮᠠᠨ ᠤ ᠤᠷᠤᠨ ᠤ ᠠᠷᠢᠭᠤᠨ ᠴᠢᠭᠡᠴᠢ ᠲᠦᠪ | ᠭᠤᠤᠯᠴᠢ ᠤᠯᠤᠰ ᠲᠦᠷᠦ ᠶᠢᠨ ᠠᠮᠢ ᠠᠬᠤᠢ ᠶᠢ ᠬᠠᠮᠳᠤᠪᠡᠷ ᠪᠤᠢ ᠪᠤᠯᠭᠠᠵᠤ᠂ ᠨᠠᠮ ᠤᠨ ᠲᠦᠪ ᠬᠤᠷᠢᠶ᠎ᠠ ᠪᠠ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠠ ᠵᠦᠢᠯ ᠤᠨ ᠰᠢᠢᠳᠪᠦᠷᠢᠳᠦ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠡᠩ ᠢᠯᠡᠭᠦᠦ ᠯᠠᠪᠳᠠᠭᠤᠨ ᠪᠠᠳᠤᠳᠠᠢ ᠪᠠᠷ ᠪᠤᠳᠠᠳᠠᠢ ᠳᠤ | ᠨᠡᠶᠢᠳᠡᠪᠦᠷᠢᠵᠢᠭᠤᠯᠬᠤ ᠬᠡᠷᠡᠭᠳᠡᠢ ᠬᠡᠵᠡᠢ᠃ | ᠮᠡᠳᠡᠬᠦᠯᠦᠯᠳᠡ ᠶᠢᠨ ᠬᠤᠷᠠᠯ ᠲᠧᠯᠸᠢᠰ ᠤᠳᠠᠰᠤ ᠬᠤᠷᠠᠯ ᠤᠨ ᠬᠡᠯᠪᠡᠷᠢ ᠪᠠᠷ ᠶᠠᠪᠤᠬᠳᠠᠵᠠᠢ᠃ ᠦᠪᠡᠷᠳᠡᠬᠡᠨ | ᠵᠠᠰᠠᠬᠤ ᠤᠷᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠬᠦᠬᠡᠬᠤᠳᠠ ᠳᠤ ᠰᠠᠭᠤᠭ᠎ᠠ ᠡᠯ᠎ᠡ ᠲᠤᠮᠤ ᠠᠵᠤ | ᠠᠬᠤᠢᠢᠯᠠᠯ ᠠᠵᠢᠯ ᠦᠢᠯᠡᠰ ᠤᠨ ᠨᠢᠬᠡᠴᠡ ᠶᠢᠨ ᠭᠤᠤᠯ ᠬᠠᠷᠢᠭᠤᠴᠠᠯᠭᠠᠳᠠᠨ ᠨᠦᠬᠦᠳ᠂ ᠲᠦᠪ ᠤᠨ ᠦᠪᠡᠷᠳᠡᠭᠡᠨ | ᠵᠠᠰᠠᠬᠤ ᠤᠷᠤᠨ ᠳᠤ ᠰᠠᠭᠤᠭ᠎ᠠ ᠡᠯ᠎ᠡ ᠨᠢᠬᠡᠴᠡ ᠶᠢᠨ ᠭᠤᠤᠯ ᠬᠠᠷᠢᠭᠤᠴᠠᠯᠭᠠᠳᠠᠨ ᠨᠦᠬᠦᠳ᠂ ᠦᠪᠡᠷᠳᠡᠬᠡᠨ ᠵᠠᠰᠠᠬᠤ | ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠬᠦᠳ᠂ ᠡᠯ᠎ᠡ ᠬᠡᠯᠳᠡᠰ ᠲᠠᠰᠤᠭ ᠤᠨ | ᠭᠤᠤᠯ ᠬᠠᠷᠢᠭᠤᠴᠠᠯᠭᠠᠳᠠᠨ ᠨᠦᠬᠦᠳ ᠪᠤᠯᠤᠨ ᠡᠯ᠎ᠡ ᠲᠤᠮᠢᠯᠠᠨ ᠰᠠᠭᠤᠯᠭᠠᠬᠰᠠᠨ ᠪᠠᠶᠢᠭᠤᠯᠤᠮᠵᠢ ᠶᠢᠨ ᠰᠠᠬᠢᠯᠭ᠎ᠠ ᠪᠠᠳᠤ | ᠪᠠᠶᠢᠴᠠᠭᠠᠬᠤ ᠲᠤᠭᠤᠢᠢᠯᠠᠩ ᠤᠨ ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠡ | ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ᠂ ᠲᠡᠳ᠋ ᠲᠠᠷᠤᠭ᠎ᠠ᠂ ᠬᠦᠬᠡᠬᠤᠳᠠ ᠳᠤ ᠰᠠᠭᠤᠭ᠎ᠠ ᠶᠡᠭᠡ | ᠲᠡᠭᠡᠳᠦ ᠰᠤᠷᠭᠠᠭᠤᠯᠢ ᠶᠢᠨ ᠭᠤᠤᠯ ᠬᠠᠷᠢᠭᠤᠴᠠᠯᠭᠠᠳᠠᠨ᠂ ᠤᠬᠠᠭᠤᠯᠬᠤ ᠬᠡᠯᠳᠡᠰ ᠤᠨ ᠲᠠᠷᠤᠭ᠎ᠠ ᠪᠤᠯᠤᠨ ᠮᠠᠷᠺᠰ | ᠯᠧᠨᠢᠨ ᠤ ᠦᠵᠡᠯ ᠤᠨ ᠲᠡᠬᠡᠳᠦ ᠰᠤᠷᠭᠠᠭᠤᠯᠢ ᠶᠢᠨ ᠭᠤᠤᠯ ᠬᠠᠷᠢᠭᠤᠴᠠᠯᠭᠠᠳᠠᠨ᠂ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢᠨ ᠦᠪᠡᠷᠳᠡᠬᠡᠨ | ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠠᠷ ᠭᠤᠤᠯ ᠬᠤᠷᠠᠯ ᠤᠨ | ᠲᠠᠯᠠᠪᠠᠢ ᠳᠤ ᠮᠡᠳᠡᠬᠦᠯᠦᠯᠳᠡ ᠶᠢᠨ ᠬᠤᠷᠠᠯ ᠢ ᠰᠤᠨᠤᠰᠴᠠᠢ᠃ ᠡᠯ᠎ᠡ ᠠᠶᠢᠮᠠᠬ ᠬᠤᠳᠠ᠂ ᠬᠤᠰᠢᠭᠤ ᠰᠢᠶᠠᠨ ᠤ ᠬᠠᠮᠢᠶ᠎ᠠ | ᠪᠦᠬᠦᠢ ᠨᠦᠬᠦᠳ ᠬᠤᠪᠢᠶᠠᠷᠢ ᠬᠤᠷᠠᠯ ᠤᠨ ᠲᠠᠯᠠᠪᠠᠢ ᠳᠤ ᠮᠡᠳᠡᠬᠦᠯᠦᠯᠳᠡ ᠶᠢ ᠰᠤᠨᠤᠰᠪᠠ᠃ |