ᠥᠪᠥᠷ ᠵᠠᠰᠠᠭ ᠠᠯᠪᠠᠨ ᠲᠠᠷᠬᠠᠭᠠᠭᠰᠠᠨ ﹇2016﹈ 40 ᠳ᠋ᠤᠭᠡᠷ ᠲᠤᠭᠠᠳᠤ | 2016 ᠣᠨ ᠤ 4 ᠳ᠋ᠣᠭᠡᠷ ᠰᠠᠷ᠎ᠠ ᠶᠢᠨ 28 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠥᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠤᠬᠳᠠᠯ ᠪᠦᠬᠦᠢ ᠠᠵᠤ | ᠠᠬᠤᠶᠢᠯᠠᠯ ᠳᠤ᠄ | ︽ᠨᠡᠭᠦᠷᠡᠰᠦᠨ ᠤ ᠠᠵᠢᠯ ᠲᠥᠷᠥᠯ ᠤᠨ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠨᠢ | ᠠᠷᠢᠯᠭᠠᠵᠣ ᠬᠦᠴᠢᠷᠳᠡᠯ ᠠᠴᠠ ᠨᠢ ᠰᠠᠯᠭᠠᠵᠦ ᠬᠥᠭᠵᠢᠭᠦᠯᠭᠦ ᠶᠢ ᠪᠡᠶᠡᠯᠡᠭᠦᠯᠬᠦ ᠲᠤᠬᠠᠶ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2016﹈ 7 ᠳ᠋ᠣᠭᠠᠷ ᠲᠣᠭᠠᠲᠤ︶ ᠪᠣᠯᠤᠨ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ ᠳᠥᠷᠪᠡᠨ ᠶᠠᠮᠤᠨ ᠵᠦᠪᠯᠡᠯ ᠤᠨ ︽ᠨᠡᠭᠦᠷᠡᠰᠦᠨ ᠤ | ᠦᠢᠯᠡᠳᠪᠦᠷᠢᠯᠡᠯ ᠡᠵᠡᠩᠨᠡᠯᠲᠡ ᠶᠢᠨ ᠡᠮᠬᠢ ᠲᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ ᠰᠠᠶᠢᠵᠢᠷᠠᠭᠤᠯᠬᠤ | ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠵᠢᠯᠯᠠᠭᠠᠨ ﹇2016﹈ 593 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠮᠠᠨ ᠤ ᠣᠷᠣᠨ ᠤ ᠨᠡᠭᠦᠷᠡᠰᠦᠨ | ᠠᠭᠤᠷᠬᠠᠶ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠪᠠᠶᠢᠭᠤᠯᠵᠣ ᠦᠢᠯᠡᠳᠪᠦᠷᠢᠯᠡᠭᠦ ᠠᠵᠢᠯ ᠢ ᠤᠯᠠᠮ | ᠨᠢᠭᠡ ᠠᠯᠬᠤᠮ ᠠᠬᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠠ᠄ | ᠨᠢᠭᠡ᠂ ᠬᠠᠤᠯᠢ ᠲᠣᠭᠲᠠᠭᠠᠯ ᠠᠴᠠ ᠵᠥᠷᠢᠴᠡᠵᠣ ᠪᠠᠶᠢᠭᠤᠯᠣᠨ ᠦᠢᠯᠡᠳᠪᠦᠷᠢᠯᠡᠵᠣ ᠪᠠᠶᠢᠭ᠎ᠠ ᠨᠡᠭᠦᠷᠡᠰᠦᠨ | ᠠᠭᠤᠷᠬᠠᠶ ᠶᠢ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠩᠳᠠᠢ | ᠤᠯᠤᠰ ᠤᠨ ᠬᠠᠷᠭᠤᠭᠤᠯᠣᠭᠰᠠᠨ ᠵᠥᠪᠰᠢᠶᠡᠷᠡᠯ ᠦᠭᠡᠢ ᠵᠡᠷᠭᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠭᠠᠷᠳᠠᠮ ᠨᠢ ᠪᠦᠷᠢᠨ ᠪᠤᠰᠤ ᠪᠠᠶᠢᠭ᠎ᠠ ᠨᠡᠭᠦᠷᠡᠰᠦᠨ ᠠᠭᠤᠷᠬᠠᠶ ᠶᠢ ᠴᠦᠮ ᠠᠵᠢᠯᠯᠠᠵᠣ ᠦᠢᠯᠡᠳᠪᠦᠷᠢᠯᠡᠭᠦ ᠶᠢ ᠨᠢ | ᠵᠣᠭᠰᠣᠭᠠᠬᠤ ᠪᠠᠷ ᠵᠠᠷᠯᠢᠭᠳᠠᠬᠤ ᠬᠡᠷᠩᠳᠠᠢ᠂ ᠠᠵᠢᠯᠯᠠᠵᠣ ᠦᠢᠯᠡᠳᠪᠦᠷᠢᠯᠡᠭᠦ ᠪᠠᠨ ᠵᠣᠭᠰᠣᠭᠠᠬᠤ ᠶᠢ ᠲᠡᠪᠴᠢᠬᠤ᠂ | ᠪᠠᠶᠢᠭᠤᠯᠵᠣ ᠦᠢᠯᠡᠳᠪᠦᠷᠢᠯᠡᠭᠦ ᠶᠢ ᠳᠤᠷ᠎ᠠ ᠳᠠᠪᠠ ᠪᠠᠷ ᠢᠶᠠᠨ ᠵᠣᠬᠢᠶᠠᠨ ᠪᠠᠶᠢᠭᠤᠯᠤᠭᠰᠠᠨ ᠪᠣᠯ᠂ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠤᠯᠢ ᠶᠣᠰᠣᠭᠠᠷ ᠬᠠᠭᠠᠬᠤ ᠬᠡᠷᠩᠳᠠᠢ᠃ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠠᠷᠪᠠᠨ | ᠬᠤᠶᠠᠷ ᠶᠠᠮᠤᠨ ᠵᠥᠪᠯᠡᠯ ᠤᠨ ︽ᠬᠠᠤᠯᠢ ᠲᠣᠭᠳᠠᠭᠠᠯ ᠠᠴᠠ ᠵᠥᠷᠢᠴᠡᠵᠦ ᠪᠠᠶᠢᠭᠤᠯᠣᠨ ᠦᠢᠯᠡᠳᠪᠦᠷᠢᠯᠡᠵᠣ ᠪᠠᠶᠢᠭ᠎ᠠ | ᠨᠡᠭᠦᠷᠡᠰᠦᠨ ᠠᠭᠤᠷᠬᠠᠶ ᠳᠤ ᠬᠤᠯᠪᠣᠭᠠᠯᠠᠨ ᠵᠠᠯᠬᠠᠭᠠᠵᠣ ᠴᠡᠭᠡᠷᠯᠡᠭᠦᠯᠬᠦ ᠶᠢ ᠬᠡᠷᠩᠵᠢᠭᠦᠯᠭᠦ ᠲᠤᠬᠠᠶ ᠮᠡᠳᠡᠭᠳᠡᠯ︾ ︵ | ᠬᠥᠭᠵᠢᠭᠦᠯᠦᠯᠲᠡ ᠥᠭᠡᠷᠡᠴᠢᠯᠡᠯᠲᠡ ᠠᠵᠢᠯᠯᠠᠭᠠᠨ ﹇2015﹈ 1631 ᠳ᠋ᠣᠭᠡᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠢᠨᠠᠨ ᠬᠠᠮᠢᠶᠠᠷᠬᠤ ᠠᠵᠢᠯ ᠢᠶᠠᠨ | ᠰᠠᠶᠢᠲᠤᠷ ᠬᠢᠬᠦ ᠶᠢᠨ ᠬᠠᠮᠲᠤ᠂ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢ ᠲᠣᠭᠳᠠᠭᠠᠯ ᠠᠴᠠ | ᠵᠥᠷᠢᠴᠡᠵᠦ ᠪᠠᠶᠢᠭᠤᠯᠣᠨ ᠦᠢᠯᠡᠳᠪᠦᠷᠢᠯᠡᠵᠣ ᠪᠠᠶᠢᠭ᠎ᠠ ᠨᠡᠭᠦᠷᠡᠰᠦᠨ ᠠᠭᠤᠷᠬᠠᠶ ᠳᠤ ᠬᠤᠯᠪᠣᠭᠠᠯᠠᠨ ᠵᠠᠯᠬᠠᠭᠠᠵᠣ | ᠴᠡᠭᠡᠷᠯᠡᠭᠦᠯᠬᠦ ᠶᠢ ᠬᠡᠷᠩᠵᠢᠭᠦᠯᠭᠦ ᠬᠡᠷᠡᠭᠲᠡᠶ᠃ ᠡᠯ᠎ᠡ ᠠᠶᠢᠮᠠᠭ ᠬᠤᠳᠠ ᠨᠤᠭᠤᠳ ᠲᠤᠰ ᠵᠠᠰᠠᠭ ᠵᠠᠬᠢᠷᠭᠠᠨ ᠤ | ᠣᠷᠣᠨ ᠳᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠭᠠᠷᠳᠠᠮ ᠨᠢ ᠪᠦᠷᠢᠨ ᠪᠤᠰᠤ ᠪᠠᠶᠢᠭ᠎ᠠ ᠨᠡᠭᠦᠷᠡᠰᠦᠨ | ᠠᠭᠤᠷᠬᠠᠶ ᠳᠤ ᠪᠦᠬᠦ ᠲᠠᠯ᠎ᠠ ᠪᠠᠷ ᠦᠪᠡᠰᠣᠪᠡᠨ ᠪᠠᠶᠢᠴᠠᠭᠠᠯᠲᠠ ᠬᠢᠭᠦ ᠶᠢᠨ ᠬᠠᠮᠳᠣ᠂ 2016 ᠣᠨ ᠤ 5 ᠳ᠋ᠣᠭᠠᠷ | ᠰᠠᠷ᠎ᠠ ᠶᠢᠨ 10 ᠤ ᠡᠳᠣᠷ ᠠᠴᠠ ᠡᠮᠦᠨ᠎ᠡ ᠦᠪᠡᠰᠣᠪᠡᠨ ᠪᠠᠶᠢᠴᠠᠭᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠨᠡᠭᠡᠭᠡᠨ ᠬᠦᠭᠵᠢᠭᠦᠯᠬᠦ ᠲᠣᠪᠴᠢᠶ᠎ᠠ᠂ ᠨᠡᠭᠦᠷᠡᠰᠦᠨ ᠤ ᠠᠵᠤ ᠦᠢᠯᠡᠳᠪᠦᠷᠢ ᠶᠢᠨ | ᠲᠣᠪᠴᠢᠶ᠎ᠠ ᠳᠤ ᠳᠤᠰ ᠳᠤᠰ ᠮᠡᠳᠡᠭᠦᠯᠦᠨ ᠬᠦᠷᠭᠡᠬᠦ ᠬᠡᠷᠡᠭᠲᠡᠶ᠃ | ᠬᠤᠶᠠᠷ᠂ 276 ᠠᠵᠢᠯᠯᠠᠬᠤ ᠡᠳᠦᠷ ᠢᠶᠠᠷ ᠦᠢᠯᠡᠳᠪᠦᠷᠢᠯᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ | ᠬᠡᠷᠩᠳᠠᠢ | 2016 ᠣᠨ ᠠᠴᠠ ᠡᠬᠢᠯᠡᠨ᠂ ᠣᠳᠣᠬᠠᠨ ᠤ ᠲᠣᠭᠲᠠᠭᠠᠯ ᠳᠤ ᠨᠠᠶᠢᠴᠡᠭᠦᠯᠣᠨ ᠦᠢᠯᠡᠣᠡᠪᠣᠷᠢᠯᠡᠵᠣ ᠪᠠᠶᠢᠭ᠎ᠠ | ᠨᠡᠭᠦᠷᠡᠰᠦᠨ ᠠᠭᠤᠷᠬᠠᠶ ᠳᠤ ᠪᠦᠬᠦ ᠵᠢᠯ ᠤᠨ ᠠᠵᠢᠯᠯᠠᠬᠤ ᠴᠠᠭ ᠢ 276 ᠠᠵᠢᠯᠯᠠᠬᠤ ᠡᠳᠦᠷ ᠠᠴᠠ ᠬᠡᠳᠦᠷᠡᠭᠦᠯᠬᠦ | ᠦᠭᠡᠢ ᠪᠠᠶᠢᠯᠭᠠᠬᠤ ᠪᠠᠷ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠬᠦ ᠴᠢᠳᠠᠪᠤᠷᠢ ᠶᠢ ᠲᠠᠬᠢᠵᠤ ᠰᠢᠨ᠎ᠡ ᠪᠠᠷ | ᠲᠣᠭᠲᠠᠭᠠᠵᠣ᠂ ᠵᠠᠷᠴᠢᠮ ᠳᠡᠭᠡᠷ᠎ᠡ ᠪᠠᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ | ᠪᠣᠯᠤᠨ ᠭᠠᠷᠠᠭ ᠤᠨ ᠡᠳᠦᠷ ᠲᠤ ᠦᠢᠯᠡᠳᠪᠦᠷᠢᠯᠡᠯ ᠲᠣᠬᠢᠷᠠᠭᠤᠯᠵᠣ ᠪᠣᠯᠬᠤ ᠦᠭᠡᠢ᠂ ᠨᠡᠭᠦᠷᠡᠰᠦᠨ ᠠᠭᠤᠷᠬᠠᠶ ᠶᠢ | ᠬᠥᠲᠥᠯᠥᠨ ᠵᠢᠯᠣᠭᠤᠣᠡᠴᠣ ᠪᠠᠶᠢᠭᠠᠣᠨ ᠬᠡᠮᠵᠢᠶᠡᠵᠢᠭᠦᠯᠣᠨ ᠦᠢᠯᠡᠳᠪᠦᠷᠢᠯᠡᠭᠦ ᠶᠢ ᠨᠢ ᠬᠠᠰᠣᠨ᠎ᠠ᠃ ᠦᠷᠭᠦᠯᠵᠢᠯᠡᠨ | ᠠᠵᠢᠯᠯᠠᠬᠤ ᠣᠨᠴᠣᠭᠤᠢ ᠱᠠᠭᠠᠷᠳᠠᠯᠭ᠎ᠠ ᠪᠦᠬᠦᠢ ᠨᠡᠭᠦᠷᠡᠰᠦᠨ ᠠᠭᠤᠷᠬᠠᠶ ᠨᠢ ᠪᠣᠳᠠᠲᠠᠶ ᠲᠥᠰᠦᠯ ᠲᠣᠭᠲᠠᠭᠠᠵᠤ᠂ | ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠨᠡᠭᠦᠷᠡᠰᠣᠨ ᠠᠭᠤᠷᠬᠠᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠢᠶᠠᠷ ᠳᠠᠩᠰᠠᠯᠠᠭᠤᠯᠤᠭᠰᠠᠨ ᠤ ᠳᠠᠷᠠᠭ᠎ᠠ᠂ 276 ᠠᠵᠢᠯᠯᠠᠬᠤ ᠡᠳᠣᠷ ᠤᠨ ᠳᠣᠲᠣᠷ᠎ᠠ ᠬᠠᠷᠢᠮᠠᠬᠠᠶ | ᠴᠢᠨᠠᠷᠳᠠᠢ ᠠᠵᠢᠯᠯᠠᠬᠤ ᠳᠦᠷᠢᠮ ᠢ ᠬᠡᠷᠡᠭᠵᠢᠭᠦᠯᠵᠦ ᠪᠣᠯᠤᠨ᠎ᠠ᠃ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ | ᠨᠡᠶᠢᠲᠡᠯᠡᠨ ᠵᠠᠷᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠶᠢᠳᠡᠯᠡᠨ ᠵᠠᠷᠯᠠᠭᠰᠠᠨ ᠴᠢᠳᠠᠪᠤᠷᠢ ᠠᠴᠠ ᠳᠠᠪᠠᠵᠦ | ᠦᠢᠯᠡᠳᠪᠦᠷᠢᠯᠡᠭᠰᠡᠨ ᠨᠡᠭᠦᠷᠡᠰᠦᠨ ᠠᠭᠤᠷᠬᠠᠶ ᠶᠢ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ | ᠴᠡᠭᠴᠡᠯᠡᠭᠦᠯᠦᠨ᠎ᠡ᠃ ᠡᠯ᠎ᠡ ᠨᠡᠭᠦᠷᠡᠰᠦᠨ ᠤ ᠠᠵᠤ ᠠᠬᠤᠶᠢᠯᠠᠯ ᠨᠢ ᠰᠢᠨ᠎ᠡ ᠪᠠᠷ ᠲᠣᠭᠲᠠᠭᠠᠭᠰᠠᠨ ᠦᠢᠯᠡᠳᠪᠦᠷᠢᠯᠡᠬᠦ | ᠴᠢᠳᠠᠪᠤᠷᠢ ᠶᠢᠨ ᠶᠣᠰᠣᠭᠠᠷ ᠦᠢᠯᠡᠣᠡᠪᠣᠷᠢᠯᠡᠯ ᠢᠶᠠᠨ ᠵᠣᠬᠢᠰᠲᠠᠶ ᠪᠠᠷ ᠵᠣᠬᠢᠶᠠᠨ ᠪᠠᠶᠢᠭᠤᠯᠵᠣ᠂ ᠴᠢᠳᠠᠪᠣᠷᠢ ᠠᠴᠠ ᠳᠠᠪᠠᠭ᠋ᠣ | ᠂ ᠬᠦᠴᠣᠯᠡᠴᠨ ᠨᠢ ᠬᠡᠳᠣᠷᠡᠭᠦ᠂ ᠲᠣᠭᠳᠠᠭᠰᠠᠨ ᠣᠷᠣᠨ ᠲᠤᠭ᠎ᠠ ᠠᠴᠠ ᠳᠠᠪᠠᠭᠤᠯᠵᠣ ᠦᠢᠯᠡᠳᠪᠦᠷᠢᠯᠡᠭᠦ ᠶᠢ ᠴᠢᠩᠭ᠎ᠠ | ᠴᠠᠭᠠᠵᠠᠯᠠᠵᠣ᠂ ᠠᠵᠢᠯᠲᠠᠨ ᠠᠵᠢᠯᠴᠢᠨ ᠤ ᠡᠩᠨᠡᠭᠡᠨ ᠤ ᠲᠣᠭᠲᠠᠭᠤᠨ᠂ ᠦᠢᠯᠡᠳᠪᠦᠷᠢᠯᠡᠯ ᠤᠨ ᠠᠮᠤᠷ ᠲᠦᠪᠰᠢᠨ | ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠡᠭᠦ ᠪᠠᠲᠤᠯᠠᠬᠤ ᠬᠡᠷᠩᠳᠠᠢ᠃ | ᠭᠤᠷᠪᠠ᠂ ᠨᠡᠭᠦᠷᠡᠰᠦᠨ ᠠᠭᠤᠷᠬᠠᠶ ᠶᠢᠨ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢ | ᠴᠢᠩᠭᠠᠳᠬᠠᠬᠤ ᠬᠡᠷᠩᠳᠠᠢ | ᠡᠯ᠎ᠡ ᠭᠠᠵᠠᠷ ᠣᠷᠣᠨ ᠨᠢ ᠬᠢᠨᠠᠨ ᠬᠠᠮᠢᠶᠠᠷᠬᠤ᠂ ᠬᠢᠨᠠᠨ ᠪᠠᠶᠢᠴᠠᠭᠠᠬᠤ ᠪᠠ ᠲᠠᠯᠳᠠ ᠭᠡᠮ ᠢ ᠵᠢᠭᠰᠠᠭᠠᠵᠣ | ᠪᠠᠶᠢᠴᠠᠭᠠᠨ ᠵᠠᠰᠠᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠤᠳᠳᠤᠭ ᠲᠣᠳᠣᠷᠠᠬᠢ | ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠪᠠ ᠮᠡᠷᠭᠡᠵᠢᠯ ᠲᠣᠨᠣᠭᠯᠠᠯ ᠤᠨ ᠬᠠᠮᠢᠶᠠᠷᠤᠯᠲᠠ ᠶᠢᠨ ᠲᠣᠭᠲᠠᠭᠠᠯ ᠢ | ᠨᠠᠶᠢᠳᠠᠪᠤᠷᠢᠵᠢᠭᠤᠯᠵᠤ᠂ ᠤᠯᠤᠰ ᠤᠨ ᠲᠣᠭᠲᠠᠭᠠᠯ ᠳᠤ ᠭᠦᠷᠭᠦ ᠦᠭᠡᠢ ᠨᠡᠭᠦᠷᠡᠰᠦᠨ ᠠᠭᠤᠷᠠᠬᠠᠢ ᠶᠢ ᠴᠦᠮ | ᠦᠢᠯᠡᠳᠪᠦᠷᠢᠯᠡᠯ ᠢ ᠨᠢ ᠵᠣᠭᠰᠣᠭᠠᠬᠤ ᠪᠠᠷ ᠵᠠᠷᠯᠢᠭᠳᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠵᠣ᠂ | ᠴᠡᠭᠴᠡᠯᠡᠨ ᠵᠠᠰᠠᠭᠰᠠᠨ ᠤ ᠳᠠᠷᠠᠭ᠎ᠠ ᠮᠦᠨᠬᠦ ᠱᠠᠭᠠᠷᠳᠠᠯᠭ᠎ᠠ ᠳᠤ ᠬᠥᠷᠥᠭᠰᠡᠨ ᠦᠭᠡᠢ ᠶᠢ ᠨᠢ ᠬᠤᠭᠤᠴᠠᠭ᠎ᠠ ᠬᠢᠵᠠᠭᠠᠷᠯᠠᠨ | ᠪᠤᠴᠠᠭᠠᠵᠤ ᠭᠠᠷᠭᠠᠬᠤ ᠬᠡᠷᠩᠳᠠᠢ᠃ ᠨᠡᠭᠦᠷᠡᠰᠦᠨ ᠤ ᠠᠵᠤ ᠠᠬᠤᠶᠢᠯᠠᠯ ᠤᠳ ᠪᠠᠶᠠᠷ ᠳᠤᠷᠠᠰᠬᠠᠯ ᠤᠨ ᠡᠳᠦᠷ ᠲᠤ | ᠦᠢᠯᠡᠳᠪᠦᠷᠢᠯᠡᠯ ᠲᠣᠬᠢᠷᠠᠭᠤᠯᠬᠤ ᠦᠭᠡᠢ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠪᠠᠨ | ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠭᠦ ᠬᠡᠷᠩᠳᠠᠢ᠂ | ᠦᠷᠭᠦᠯᠵᠢᠯᠡᠨ 3 ᠡᠳᠦᠷ ᠵᠢᠴᠢ ᠲᠡᠭᠦᠨ ᠠᠴᠠ ᠳᠡᠭᠡᠭᠰᠢ ᠦᠢᠯᠡᠳᠪᠦᠷᠢᠯᠡᠯ ᠲᠣᠬᠢᠷᠠᠭᠤᠯᠬᠤ ᠦᠭᠡᠢ ᠨᠡᠭᠦᠷᠡᠰᠦᠨ | ᠠᠭᠤᠷᠬᠠᠶ ᠨᠢ ᠦᠢᠯᠡᠳᠪᠦᠷᠢᠯᠡᠭᠦ ᠪᠠᠨ ᠰᠡᠷᠭᠦᠭᠡᠬᠦ ᠠᠴᠠ ᠡᠮᠦᠨᠡᠬᠢ ᠠᠮᠣᠷ ᠲᠦᠪᠰᠢᠨ ᠤ ᠪᠠᠶᠢᠴᠠᠭᠠᠯᠲᠠ ᠬᠢᠬᠦ | ᠠᠵᠢᠯ ᠢᠶᠠᠨ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ | ᠲᠦᠷᠪᠡ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠬᠤ ᠬᠡᠷᠩᠳᠠᠢ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ | ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠨᠡᠭᠦᠷᠡᠰᠦᠨ ᠠᠭᠤᠷᠬᠠᠶ ᠶᠢᠨ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠳᠤ ᠶᠡᠷᠦᠩᠬᠡᠶ ᠬᠠᠷᠢᠭᠤᠴᠠᠯᠭ᠎ᠠ ᠶᠢ | ᠡᠭᠦᠷᠭᠡᠯᠡᠵᠣ᠂ ᠲᠣᠭᠲᠠᠭᠠᠯ ᠠᠴᠠ ᠵᠥᠷᠢᠴᠡᠵᠣ ᠪᠦᠲᠦᠭᠡᠨ ᠪᠠᠶᠢᠭᠤᠯᠬᠤ᠂ ᠴᠢᠳᠠᠪᠤᠷᠢ ᠠᠴᠠ ᠪᠠᠨ ᠬᠡᠲᠦᠷᠡᠭᠦᠯᠦᠨ | ᠦᠢᠯᠡᠳᠪᠦᠷᠢᠯᠡᠭᠰᠡᠨ ᠳᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠭᠦ ᠬᠡᠷᠡᠭᠲᠡᠶ᠃ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠣᠷᠢ ᠪᠠᠨ ᠦᠨᠳᠦᠰᠦᠯᠡᠨ ᠬᠠᠮᠢᠶ᠎ᠠ | ᠪᠦᠭᠦᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠬᠤ ᠬᠡᠷᠩᠳᠠᠢ᠃ ᠡᠯ᠎ᠡ ᠨᠡᠭᠦᠷᠡᠰᠦᠨ ᠤ ᠠᠵᠤ | ᠠᠬᠤᠶᠢᠯᠠᠯ ᠨᠢ ᠨᠡᠭᠦᠷᠡᠰᠦᠨ ᠠᠭᠤᠷᠬᠠᠶ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠦᠢᠯᠡᠳᠪᠦᠷᠢᠯᠡᠭᠦ | ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠡᠮᠬᠢ ᠲᠢᠭᠯᠢᠮ ᠢ | ᠵᠢᠷᠤᠮᠵᠢᠭᠤᠯᠬᠤ ᠴᠢᠬᠤᠯᠠ ᠴᠢᠨᠠᠷ ᠤᠨ ᠳᠠᠯ᠎ᠠ ᠪᠠᠷ ᠬᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠦᠨᠡᠡᠭᠦ | ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠶ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠪᠠᠶᠢᠭᠤᠯᠵᠣ | ᠦᠢᠯᠡᠳᠪᠦᠷᠢᠯᠡᠭᠦᠯᠭᠦ ᠠᠵᠢᠯ ᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠶ᠃ |