ᠨᠡᠭᠦᠷᠡᠰᠦᠨ ᠠᠭᠤᠷᠬᠠᠶ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠪᠠᠶᠢᠭᠤᠯᠵᠣ ᠦᠢᠯᠡᠣᠡᠪᠣᠷᠢᠯᠡᠭᠦ ᠶᠢ ᠨᠢ ᠴᠢᠩᠭᠠᠳᠬᠠᠬᠤ ᠲᠣᠬᠠᠢ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016/12/1
               ᠥᠪᠥᠷ ᠵᠠᠰᠠᠭ ᠠᠯᠪᠠᠨ ᠲᠠᠷᠬᠠᠭᠠᠭᠰᠠᠨ ﹇2016﹈ 40 ᠳ᠋ᠤᠭᠡᠷ ᠲᠤᠭᠠᠳᠤ                    2016 ᠣᠨ ᠤ 4 ᠳ᠋ᠣᠭᠡᠷ ᠰᠠᠷ᠎ᠠ ᠶᠢᠨ 28 ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠤᠬᠳᠠᠯ ᠪᠦᠬᠦᠢ ᠠᠵᠤ ᠠᠬᠤᠶᠢᠯᠠᠯ ᠳᠤ᠄      ︽ᠨᠡᠭᠦᠷᠡᠰᠦᠨ ᠤ ᠠᠵᠢᠯ ᠲᠥᠷᠥᠯ ᠤᠨ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠨᠢ ᠠᠷᠢᠯᠭᠠᠵᠣ ᠬᠦᠴᠢᠷᠳᠡᠯ ᠠᠴᠠ ᠨᠢ ᠰᠠᠯᠭᠠᠵᠦ ᠬᠥᠭᠵᠢᠭᠦᠯᠭᠦ ᠶᠢ ᠪᠡᠶᠡᠯᠡᠭᠦᠯᠬᠦ ᠲᠤᠬᠠᠶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2016﹈ 7 ᠳ᠋ᠣᠭᠠᠷ ᠲᠣᠭᠠᠲᠤ︶ ᠪᠣᠯᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ ᠳᠥᠷᠪᠡᠨ ᠶᠠᠮᠤᠨ ᠵᠦᠪᠯᠡᠯ ᠤᠨ ︽ᠨᠡᠭᠦᠷᠡᠰᠦᠨ ᠤ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠲᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ ᠰᠠᠶᠢᠵᠢᠷᠠᠭᠤᠯᠬᠤ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠵᠢᠯᠯᠠᠭᠠᠨ ﹇2016﹈ 593 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠮᠠᠨ ᠤ ᠣᠷᠣᠨ ᠤ ᠨᠡᠭᠦᠷᠡᠰᠦᠨ ᠠᠭᠤᠷᠬᠠᠶ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠪᠠᠶᠢᠭᠤᠯᠵᠣ ᠦᠢᠯᠡᠳᠪᠦᠷᠢᠯᠡᠭᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠠ᠄      ᠨᠢᠭᠡ᠂ ᠬᠠᠤᠯᠢ ᠲᠣᠭᠲᠠᠭᠠᠯ ᠠᠴᠠ ᠵᠥᠷᠢᠴᠡᠵᠣ ᠪᠠᠶᠢᠭᠤᠯᠣᠨ ᠦᠢᠯᠡᠳᠪᠦᠷᠢᠯᠡᠵᠣ ᠪᠠᠶᠢᠭ᠎ᠠ ᠨᠡᠭᠦᠷᠡᠰᠦᠨ ᠠᠭᠤᠷᠬᠠᠶ ᠶᠢ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠩᠳᠠᠢ      ᠤᠯᠤᠰ ᠤᠨ ᠬᠠᠷᠭᠤᠭᠤᠯᠣᠭᠰᠠᠨ ᠵᠥᠪᠰᠢᠶᠡᠷᠡᠯ ᠦᠭᠡᠢ ᠵᠡᠷᠭᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠭᠠᠷᠳᠠᠮ ᠨᠢ ᠪᠦᠷᠢᠨ ᠪᠤᠰᠤ ᠪᠠᠶᠢᠭ᠎ᠠ ᠨᠡᠭᠦᠷᠡᠰᠦᠨ ᠠᠭᠤᠷᠬᠠᠶ ᠶᠢ ᠴᠦᠮ ᠠᠵᠢᠯᠯᠠᠵᠣ ᠦᠢᠯᠡᠳᠪᠦᠷᠢᠯᠡᠭᠦ ᠶᠢ ᠨᠢ ᠵᠣᠭᠰᠣᠭᠠᠬᠤ ᠪᠠᠷ ᠵᠠᠷᠯᠢᠭᠳᠠᠬᠤ ᠬᠡᠷᠩᠳᠠᠢ᠂ ᠠᠵᠢᠯᠯᠠᠵᠣ ᠦᠢᠯᠡᠳᠪᠦᠷᠢᠯᠡᠭᠦ ᠪᠠᠨ ᠵᠣᠭᠰᠣᠭᠠᠬᠤ ᠶᠢ ᠲᠡᠪᠴᠢᠬᠤ᠂ ᠪᠠᠶᠢᠭᠤᠯᠵᠣ ᠦᠢᠯᠡᠳᠪᠦᠷᠢᠯᠡᠭᠦ ᠶᠢ ᠳᠤᠷ᠎ᠠ ᠳᠠᠪᠠ ᠪᠠᠷ ᠢᠶᠠᠨ ᠵᠣᠬᠢᠶᠠᠨ ᠪᠠᠶᠢᠭᠤᠯᠤᠭᠰᠠᠨ ᠪᠣᠯ᠂ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠤᠯᠢ ᠶᠣᠰᠣᠭᠠᠷ ᠬᠠᠭᠠᠬᠤ ᠬᠡᠷᠩᠳᠠᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠠᠷᠪᠠᠨ ᠬᠤᠶᠠᠷ ᠶᠠᠮᠤᠨ ᠵᠥᠪᠯᠡᠯ ᠤᠨ ︽ᠬᠠᠤᠯᠢ ᠲᠣᠭᠳᠠᠭᠠᠯ ᠠᠴᠠ ᠵᠥᠷᠢᠴᠡᠵᠦ ᠪᠠᠶᠢᠭᠤᠯᠣᠨ ᠦᠢᠯᠡᠳᠪᠦᠷᠢᠯᠡᠵᠣ ᠪᠠᠶᠢᠭ᠎ᠠ ᠨᠡᠭᠦᠷᠡᠰᠦᠨ ᠠᠭᠤᠷᠬᠠᠶ ᠳᠤ ᠬᠤᠯᠪᠣᠭᠠᠯᠠᠨ ᠵᠠᠯᠬᠠᠭᠠᠵᠣ ᠴᠡᠭᠡᠷᠯᠡᠭᠦᠯᠬᠦ ᠶᠢ ᠬᠡᠷᠩᠵᠢᠭᠦᠯᠭᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠵᠢᠯᠯᠠᠭᠠᠨ ﹇2015﹈ 1631 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠢᠨᠠᠨ ᠬᠠᠮᠢᠶᠠᠷᠬᠤ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢ ᠲᠣᠭᠳᠠᠭᠠᠯ ᠠᠴᠠ ᠵᠥᠷᠢᠴᠡᠵᠦ ᠪᠠᠶᠢᠭᠤᠯᠣᠨ ᠦᠢᠯᠡᠳᠪᠦᠷᠢᠯᠡᠵᠣ ᠪᠠᠶᠢᠭ᠎ᠠ ᠨᠡᠭᠦᠷᠡᠰᠦᠨ ᠠᠭᠤᠷᠬᠠᠶ ᠳᠤ ᠬᠤᠯᠪᠣᠭᠠᠯᠠᠨ ᠵᠠᠯᠬᠠᠭᠠᠵᠣ ᠴᠡᠭᠡᠷᠯᠡᠭᠦᠯᠬᠦ ᠶᠢ ᠬᠡᠷᠩᠵᠢᠭᠦᠯᠭᠦ ᠬᠡᠷᠡᠭᠲᠡᠶ᠃ ᠡᠯ᠎ᠡ ᠠᠶᠢᠮᠠᠭ ᠬᠤᠳᠠ ᠨᠤᠭᠤᠳ ᠲᠤᠰ ᠵᠠᠰᠠᠭ ᠵᠠᠬᠢᠷᠭᠠᠨ ᠤ ᠣᠷᠣᠨ ᠳᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠭᠠᠷᠳᠠᠮ ᠨᠢ ᠪᠦᠷᠢᠨ ᠪᠤᠰᠤ ᠪᠠᠶᠢᠭ᠎ᠠ ᠨᠡᠭᠦᠷᠡᠰᠦᠨ ᠠᠭᠤᠷᠬᠠᠶ ᠳᠤ ᠪᠦᠬᠦ ᠲᠠᠯ᠎ᠠ ᠪᠠᠷ ᠦᠪᠡᠰᠣᠪᠡᠨ ᠪᠠᠶᠢᠴᠠᠭᠠᠯᠲᠠ ᠬᠢᠭᠦ ᠶᠢᠨ ᠬᠠᠮᠳᠣ᠂ 2016 ᠣᠨ ᠤ 5 ᠳ᠋ᠣᠭᠠᠷ ᠰᠠᠷ᠎ᠠ ᠶᠢᠨ 10 ᠤ ᠡᠳᠣᠷ ᠠᠴᠠ ᠡᠮᠦᠨ᠎ᠡ ᠦᠪᠡᠰᠣᠪᠡᠨ ᠪᠠᠶᠢᠴᠠᠭᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠨᠡᠭᠡᠭᠡᠨ ᠬᠦᠭᠵᠢᠭᠦᠯᠬᠦ ᠲᠣᠪᠴᠢᠶ᠎ᠠ᠂ ᠨᠡᠭᠦᠷᠡᠰᠦᠨ ᠤ ᠠᠵᠤ ᠦᠢᠯᠡᠳᠪᠦᠷᠢ ᠶᠢᠨ ᠲᠣᠪᠴᠢᠶ᠎ᠠ ᠳᠤ ᠳᠤᠰ ᠳᠤᠰ ᠮᠡᠳᠡᠭᠦᠯᠦᠨ ᠬᠦᠷᠭᠡᠬᠦ ᠬᠡᠷᠡᠭᠲᠡᠶ᠃      ᠬᠤᠶᠠᠷ᠂ 276 ᠠᠵᠢᠯᠯᠠᠬᠤ ᠡᠳᠦᠷ ᠢᠶᠠᠷ ᠦᠢᠯᠡᠳᠪᠦᠷᠢᠯᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ    ᠬᠡᠷᠩᠳᠠᠢ      2016 ᠣᠨ ᠠᠴᠠ ᠡᠬᠢᠯᠡᠨ᠂ ᠣᠳᠣᠬᠠᠨ ᠤ ᠲᠣᠭᠲᠠᠭᠠᠯ ᠳᠤ ᠨᠠᠶᠢᠴᠡᠭᠦᠯᠣᠨ ᠦᠢᠯᠡᠣᠡᠪᠣᠷᠢᠯᠡᠵᠣ ᠪᠠᠶᠢᠭ᠎ᠠ ᠨᠡᠭᠦᠷᠡᠰᠦᠨ ᠠᠭᠤᠷᠬᠠᠶ ᠳᠤ ᠪᠦᠬᠦ ᠵᠢᠯ ᠤᠨ ᠠᠵᠢᠯᠯᠠᠬᠤ ᠴᠠᠭ ᠢ 276 ᠠᠵᠢᠯᠯᠠᠬᠤ ᠡᠳᠦᠷ ᠠᠴᠠ ᠬᠡᠳᠦᠷᠡᠭᠦᠯᠬᠦ ᠦᠭᠡᠢ ᠪᠠᠶᠢᠯᠭᠠᠬᠤ ᠪᠠᠷ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠬᠦ ᠴᠢᠳᠠᠪᠤᠷᠢ ᠶᠢ ᠲᠠᠬᠢᠵᠤ ᠰᠢᠨ᠎ᠡ ᠪᠠᠷ ᠲᠣᠭᠲᠠᠭᠠᠵᠣ᠂ ᠵᠠᠷᠴᠢᠮ ᠳᠡᠭᠡᠷ᠎ᠡ ᠪᠠᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠤᠨ ᠭᠠᠷᠠᠭ ᠤᠨ ᠡᠳᠦᠷ ᠲᠤ ᠦᠢᠯᠡᠳᠪᠦᠷᠢᠯᠡᠯ ᠲᠣᠬᠢᠷᠠᠭᠤᠯᠵᠣ ᠪᠣᠯᠬᠤ ᠦᠭᠡᠢ᠂ ᠨᠡᠭᠦᠷᠡᠰᠦᠨ ᠠᠭᠤᠷᠬᠠᠶ ᠶᠢ ᠬᠥᠲᠥᠯᠥᠨ ᠵᠢᠯᠣᠭᠤᠣᠡᠴᠣ ᠪᠠᠶᠢᠭᠠᠣᠨ ᠬᠡᠮᠵᠢᠶᠡᠵᠢᠭᠦᠯᠣᠨ ᠦᠢᠯᠡᠳᠪᠦᠷᠢᠯᠡᠭᠦ ᠶᠢ ᠨᠢ ᠬᠠᠰᠣᠨ᠎ᠠ᠃ ᠦᠷᠭᠦᠯᠵᠢᠯᠡᠨ ᠠᠵᠢᠯᠯᠠᠬᠤ ᠣᠨᠴᠣᠭᠤᠢ ᠱᠠᠭᠠᠷᠳᠠᠯᠭ᠎ᠠ ᠪᠦᠬᠦᠢ ᠨᠡᠭᠦᠷᠡᠰᠦᠨ ᠠᠭᠤᠷᠬᠠᠶ ᠨᠢ ᠪᠣᠳᠠᠲᠠᠶ ᠲᠥᠰᠦᠯ ᠲᠣᠭᠲᠠᠭᠠᠵᠤ᠂ ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠨᠡᠭᠦᠷᠡᠰᠣᠨ ᠠᠭᠤᠷᠬᠠᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠤᠭᠰᠠᠨ ᠤ ᠳᠠᠷᠠᠭ᠎ᠠ᠂ 276 ᠠᠵᠢᠯᠯᠠᠬᠤ ᠡᠳᠣᠷ ᠤᠨ ᠳᠣᠲᠣᠷ᠎ᠠ ᠬᠠᠷᠢᠮᠠᠬᠠᠶ ᠴᠢᠨᠠᠷᠳᠠᠢ ᠠᠵᠢᠯᠯᠠᠬᠤ ᠳᠦᠷᠢᠮ ᠢ ᠬᠡᠷᠡᠭᠵᠢᠭᠦᠯᠵᠦ ᠪᠣᠯᠤᠨ᠎ᠠ᠃ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠨᠡᠶᠢᠲᠡᠯᠡᠨ ᠵᠠᠷᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠶᠢᠳᠡᠯᠡᠨ ᠵᠠᠷᠯᠠᠭᠰᠠᠨ ᠴᠢᠳᠠᠪᠤᠷᠢ ᠠᠴᠠ ᠳᠠᠪᠠᠵᠦ ᠦᠢᠯᠡᠳᠪᠦᠷᠢᠯᠡᠭᠰᠡᠨ ᠨᠡᠭᠦᠷᠡᠰᠦᠨ ᠠᠭᠤᠷᠬᠠᠶ ᠶᠢ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠦᠨ᠎ᠡ᠃ ᠡᠯ᠎ᠡ ᠨᠡᠭᠦᠷᠡᠰᠦᠨ ᠤ ᠠᠵᠤ ᠠᠬᠤᠶᠢᠯᠠᠯ ᠨᠢ ᠰᠢᠨ᠎ᠡ ᠪᠠᠷ ᠲᠣᠭᠲᠠᠭᠠᠭᠰᠠᠨ ᠦᠢᠯᠡᠳᠪᠦᠷᠢᠯᠡᠬᠦ ᠴᠢᠳᠠᠪᠤᠷᠢ ᠶᠢᠨ ᠶᠣᠰᠣᠭᠠᠷ ᠦᠢᠯᠡᠣᠡᠪᠣᠷᠢᠯᠡᠯ ᠢᠶᠠᠨ ᠵᠣᠬᠢᠰᠲᠠᠶ ᠪᠠᠷ ᠵᠣᠬᠢᠶᠠᠨ ᠪᠠᠶᠢᠭᠤᠯᠵᠣ᠂ ᠴᠢᠳᠠᠪᠣᠷᠢ ᠠᠴᠠ ᠳᠠᠪᠠᠭ᠋ᠣ ᠂ ᠬᠦᠴᠣᠯᠡᠴᠨ ᠨᠢ ᠬᠡᠳᠣᠷᠡᠭᠦ᠂ ᠲᠣᠭᠳᠠᠭᠰᠠᠨ ᠣᠷᠣᠨ ᠲᠤᠭ᠎ᠠ ᠠᠴᠠ ᠳᠠᠪᠠᠭᠤᠯᠵᠣ ᠦᠢᠯᠡᠳᠪᠦᠷᠢᠯᠡᠭᠦ ᠶᠢ ᠴᠢᠩᠭ᠎ᠠ ᠴᠠᠭᠠᠵᠠᠯᠠᠵᠣ᠂ ᠠᠵᠢᠯᠲᠠᠨ ᠠᠵᠢᠯᠴᠢᠨ ᠤ ᠡᠩᠨᠡᠭᠡᠨ ᠤ ᠲᠣᠭᠲᠠᠭᠤᠨ᠂ ᠦᠢᠯᠡᠳᠪᠦᠷᠢᠯᠡᠯ ᠤᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠡᠭᠦ ᠪᠠᠲᠤᠯᠠᠬᠤ ᠬᠡᠷᠩᠳᠠᠢ᠃      ᠭᠤᠷᠪᠠ᠂ ᠨᠡᠭᠦᠷᠡᠰᠦᠨ ᠠᠭᠤᠷᠬᠠᠶ ᠶᠢᠨ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠩᠳᠠᠢ      ᠡᠯ᠎ᠡ ᠭᠠᠵᠠᠷ ᠣᠷᠣᠨ ᠨᠢ ᠬᠢᠨᠠᠨ ᠬᠠᠮᠢᠶᠠᠷᠬᠤ᠂ ᠬᠢᠨᠠᠨ ᠪᠠᠶᠢᠴᠠᠭᠠᠬᠤ ᠪᠠ ᠲᠠᠯᠳᠠ ᠭᠡᠮ ᠢ ᠵᠢᠭᠰᠠᠭᠠᠵᠣ ᠪᠠᠶᠢᠴᠠᠭᠠᠨ ᠵᠠᠰᠠᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠤᠳᠳᠤᠭ ᠲᠣᠳᠣᠷᠠᠬᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠪᠠ ᠮᠡᠷᠭᠡᠵᠢᠯ ᠲᠣᠨᠣᠭᠯᠠᠯ ᠤᠨ ᠬᠠᠮᠢᠶᠠᠷᠤᠯᠲᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠤᠯᠤᠰ ᠤᠨ ᠲᠣᠭᠲᠠᠭᠠᠯ ᠳᠤ ᠭᠦᠷᠭᠦ ᠦᠭᠡᠢ ᠨᠡᠭᠦᠷᠡᠰᠦᠨ ᠠᠭᠤᠷᠠᠬᠠᠢ ᠶᠢ ᠴᠦᠮ ᠦᠢᠯᠡᠳᠪᠦᠷᠢᠯᠡᠯ ᠢ ᠨᠢ ᠵᠣᠭᠰᠣᠭᠠᠬᠤ ᠪᠠᠷ ᠵᠠᠷᠯᠢᠭᠳᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠵᠣ᠂ ᠴᠡᠭᠴᠡᠯᠡᠨ ᠵᠠᠰᠠᠭᠰᠠᠨ ᠤ ᠳᠠᠷᠠᠭ᠎ᠠ ᠮᠦᠨᠬᠦ ᠱᠠᠭᠠᠷᠳᠠᠯᠭ᠎ᠠ ᠳᠤ ᠬᠥᠷᠥᠭᠰᠡᠨ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠪᠤᠴᠠᠭᠠᠵᠤ ᠭᠠᠷᠭᠠᠬᠤ ᠬᠡᠷᠩᠳᠠᠢ᠃ ᠨᠡᠭᠦᠷᠡᠰᠦᠨ ᠤ ᠠᠵᠤ ᠠᠬᠤᠶᠢᠯᠠᠯ ᠤᠳ ᠪᠠᠶᠠᠷ ᠳᠤᠷᠠᠰᠬᠠᠯ ᠤᠨ ᠡᠳᠦᠷ ᠲᠤ ᠦᠢᠯᠡᠳᠪᠦᠷᠢᠯᠡᠯ ᠲᠣᠬᠢᠷᠠᠭᠤᠯᠬᠤ ᠦᠭᠡᠢ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠭᠦ ᠬᠡᠷᠩᠳᠠᠢ᠂ ᠦᠷᠭᠦᠯᠵᠢᠯᠡᠨ 3 ᠡᠳᠦᠷ ᠵᠢᠴᠢ ᠲᠡᠭᠦᠨ ᠠᠴᠠ ᠳᠡᠭᠡᠭᠰᠢ ᠦᠢᠯᠡᠳᠪᠦᠷᠢᠯᠡᠯ ᠲᠣᠬᠢᠷᠠᠭᠤᠯᠬᠤ ᠦᠭᠡᠢ ᠨᠡᠭᠦᠷᠡᠰᠦᠨ ᠠᠭᠤᠷᠬᠠᠶ ᠨᠢ ᠦᠢᠯᠡᠳᠪᠦᠷᠢᠯᠡᠭᠦ ᠪᠠᠨ ᠰᠡᠷᠭᠦᠭᠡᠬᠦ ᠠᠴᠠ ᠡᠮᠦᠨᠡᠬᠢ ᠠᠮᠣᠷ ᠲᠦᠪᠰᠢᠨ ᠤ ᠪᠠᠶᠢᠴᠠᠭᠠᠯᠲᠠ ᠬᠢᠬᠦ ᠠᠵᠢᠯ ᠢᠶᠠᠨ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃      ᠲᠦᠷᠪᠡ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠬᠤ ᠬᠡᠷᠩᠳᠠᠢ      ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠡᠭᠦᠷᠡᠰᠦᠨ ᠠᠭᠤᠷᠬᠠᠶ ᠶᠢᠨ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠣ᠂ ᠲᠣᠭᠲᠠᠭᠠᠯ ᠠᠴᠠ ᠵᠥᠷᠢᠴᠡᠵᠣ ᠪᠦᠲᠦᠭᠡᠨ ᠪᠠᠶᠢᠭᠤᠯᠬᠤ᠂ ᠴᠢᠳᠠᠪᠤᠷᠢ ᠠᠴᠠ ᠪᠠᠨ ᠬᠡᠲᠦᠷᠡᠭᠦᠯᠦᠨ ᠦᠢᠯᠡᠳᠪᠦᠷᠢᠯᠡᠭᠰᠡᠨ ᠳᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠭᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠣᠷᠢ ᠪᠠᠨ ᠦᠨᠳᠦᠰᠦᠯᠡᠨ ᠬᠠᠮᠢᠶ᠎ᠠ ᠪᠦᠭᠦᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠬᠤ ᠬᠡᠷᠩᠳᠠᠢ᠃ ᠡᠯ᠎ᠡ ᠨᠡᠭᠦᠷᠡᠰᠦᠨ ᠤ ᠠᠵᠤ ᠠᠬᠤᠶᠢᠯᠠᠯ ᠨᠢ ᠨᠡᠭᠦᠷᠡᠰᠦᠨ ᠠᠭᠤᠷᠬᠠᠶ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠦᠢᠯᠡᠳᠪᠦᠷᠢᠯᠡᠭᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠡᠮᠬᠢ ᠲᠢᠭᠯᠢᠮ ᠢ ᠵᠢᠷᠤᠮᠵᠢᠭᠤᠯᠬᠤ ᠴᠢᠬᠤᠯᠠ ᠴᠢᠨᠠᠷ ᠤᠨ ᠳᠠᠯ᠎ᠠ ᠪᠠᠷ ᠬᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠦᠨᠡᠡᠭᠦ ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠶ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠪᠠᠶᠢᠭᠤᠯᠵᠣ ᠦᠢᠯᠡᠳᠪᠦᠷᠢᠯᠡᠭᠦᠯᠭᠦ ᠠᠵᠢᠯ ᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号