ᠥᠪᠥᠷ ᠮᠣᠩᠭᠤᠯ ︽6 + 7︾ ᠪᠠᠷ ᠭᠤᠤᠯᠳᠠᠯᠭ᠎ᠠ ᠪᠤᠯᠭᠠᠨ ᠠᠵᠤ ᠦᠢᠯᠡᠰ ᠤᠨ ᠪᠦᠳᠦᠴᠡ ᠪᠠᠨ ᠲᠤᠬᠢᠷᠠᠭᠤᠯᠵᠤ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮᠵᠢ ᠶᠢ ᠲᠥᠷᠭᠡᠳᠬᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2016-12-12
     ᠦᠪᠡᠷᠳᠡᠬᠡᠨ ᠵᠠᠰᠬᠠᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠠᠴᠠ ︽6 ᠶᠡᠭᠡ ᠤᠯᠠᠮᠵᠢᠯᠠᠯᠳᠤ ᠠᠵᠤ ᠦᠢᠯᠡᠰ ᠢ ᠦᠬᠡᠷᠡᠴᠢᠯᠡᠨ ᠳᠡᠰ ᠳᠡᠪᠰᠢᠬᠦᠯᠵᠦ᠂ 7 ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠵᠤ᠂ ︿6 + 7﹀ ᠪᠠᠷ ᠴᠢᠭᠯᠡᠯ ᠪᠤᠯᠭᠠᠨ ᠠᠵᠤ ᠦᠢᠯᠡᠰ ᠤᠨ ᠪᠦᠳᠦᠴᠡ ᠳᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠳᠤᠬᠢᠷᠠᠭᠤᠯᠤᠯᠳᠠ ᠬᠢᠬᠦ ᠶᠢ ᠭᠤᠤᠯᠳᠠᠯᠭ᠎ᠠ ᠲᠠᠢ ᠠᠬᠢᠭᠤᠯᠤᠨ᠎ᠠ︾ ᠬᠡᠪᠡ᠃ ᠡᠨᠡᠬᠦ ᠰᠡᠳᠬᠢᠴᠡ ᠨᠢ ᠡᠬᠢ ᠪᠠᠶᠠᠯᠢᠭ ᠢ ᠤᠨᠳᠤᠤᠰᠢᠭᠤᠯᠤᠨ ᠦᠷᠳᠡᠭ  ᠢ ᠨᠢ ᠨᠡᠮᠡᠭᠳᠡᠬᠦᠯᠬᠦ ᠠᠵᠢᠯ ᠢ ᠰᠠᠶᠢᠳᠤᠷ ᠬᠢᠵᠦ᠂ ᠮᠠᠨ ᠤ ᠤᠷᠤᠨ ᠤ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ᠂ ᠡᠬᠢ ᠪᠠᠶᠠᠯᠢᠭ ᠤᠨ ᠳᠠᠪᠠᠭᠤᠯᠢᠭ ᠪᠠ ᠤᠷᠤᠰᠢᠵᠤ ᠪᠠᠶᠢᠭ᠎ᠠ ᠭᠤᠤᠯ ᠳᠤᠳᠠᠭᠤᠳᠠᠯ ᠳᠤ ᠰᠠᠭᠤᠷᠢᠯᠠᠨ ᠳᠠᠪᠠᠭᠤᠯᠢᠭ ᠢᠶᠠᠨ ᠪᠠᠳᠠᠷᠠᠭᠤᠯᠬᠤ ᠪᠠ ᠳᠤᠳᠠᠭᠤᠳᠠᠯ ᠢ ᠨᠦᠬᠦᠪᠦᠷᠢᠯᠡᠬᠦ ᠶᠢ ᠬᠠᠮᠳᠤ ᠳᠤᠨᠢ ᠠᠳᠬᠤᠬᠤ᠂ ᠨᠦᠬᠡᠴᠡ ᠶᠢᠨ ᠬᠡᠮᠵᠢᠶ᠎ᠠ ᠪᠠᠨ ᠲᠤᠬᠢᠷᠠᠭᠤᠯᠬᠤ ᠪᠠ ᠨᠡᠮᠡᠭᠳᠡᠯ ᠤᠨ ᠬᠡᠮᠵᠢᠶ᠎ᠠ ᠶᠢ ᠰᠢᠯᠢᠳᠡᠭᠵᠢᠬᠦᠯᠬᠦ ᠶᠢ ᠬᠠᠮᠳᠤ  ᠳᠤᠨᠢ ᠠᠳᠬᠤᠬᠤ ᠪᠠᠶᠢᠯᠳᠤᠬᠤ ᠪᠤᠳᠤᠯᠭ᠎ᠠ ᠶᠢᠨ ᠰᠡᠳᠬᠢᠴᠡ ᠶᠢ ᠪᠠᠷᠢᠮᠳᠠᠯᠠᠬᠤ ᠶᠢ ᠳᠤᠪᠤᠶᠢᠯᠭᠠᠵᠤ᠂ ᠳᠡᠬᠡᠳᠤ ᠲᠦᠪᠰᠢᠨᠴᠢᠯᠡᠭᠰᠡᠨ᠂ ᠤᠶᠤᠨᠴᠢᠯᠠᠭᠰᠠᠨ᠂ ᠪᠤᠬᠢᠷᠳᠤᠯ ᠦᠬᠡᠶᠢᠵᠢᠭᠰᠡᠨ᠂ ᠦᠢᠯᠡᠴᠢᠯᠡᠬᠡᠵᠢᠭᠰᠡᠨ ᠬᠦᠭᠵᠢᠯᠳᠡ ᠶᠢᠨ ᠬᠠᠷᠠᠯᠳᠠ ᠶᠢ ᠳᠤᠳᠤᠷᠬᠠᠢᠢᠯᠠᠵᠤ᠂ ᠤᠯᠠᠨ ᠡᠰᠢᠵᠢᠬᠦᠯᠤᠨ ᠬᠦᠭᠵᠢᠬᠦᠯᠬᠦ ᠤᠯᠠᠨ ᠲᠦᠢᠯ ᠢᠶᠠᠷ ᠳᠤᠯᠭᠠᠭᠤᠷᠢᠯᠠᠬᠤ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠤᠳᠠᠳᠤ ᠱᠠᠭᠠᠷᠳᠠᠯᠭ᠎ᠠ ᠲᠠᠢ ᠤᠶᠠᠯᠳᠤᠭᠤᠯᠤᠨ ᠰᠢᠨ᠎ᠠ ᠬᠡᠪ ᠪᠠᠶᠢᠳᠠᠯ ᠳᠤᠤᠷᠠᠬᠢ ᠦᠪᠦᠷ ᠮᠤᠩᠭᠤᠯ ᠤᠨ ᠠᠵᠤ ᠦᠢᠯᠡᠰ ᠤᠨ ᠪᠦᠳᠦᠴᠡ ᠪᠠᠨ ᠲᠤᠬᠢᠷᠠᠭᠤᠯᠬᠤ ᠠᠷᠭ᠎ᠠ ᠵᠠᠮ ᠢ ᠳᠤᠳᠤᠷᠬᠠᠢᠢᠯᠠᠵᠤ᠂ ᠦᠪᠦᠷ ᠮᠤᠩᠭᠤᠯ ᠤᠨ ᠬᠤᠶᠢᠰᠢᠳᠠ ᠶᠢᠨ ᠳᠠᠪᠤᠨ ᠵᠢᠯ ᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠭᠤᠤᠯ ᠴᠢᠭᠯᠡᠯ ᠢ ᠳᠤᠳᠤᠷᠬᠠᠢᠢᠯᠠᠵᠠᠢ᠃      ︽6︾ ᠪᠤᠯ ᠤᠢᠢᠷ᠎ᠠ ᠶᠢᠨ ᠵᠢᠯ ᠠᠴᠠ ᠨᠠᠰᠢᠬᠢ ᠮᠠᠨ ᠤ ᠤᠷᠤᠨ ᠤ ᠠᠵᠤ ᠠᠬᠤᠢ ᠶᠢᠨ ᠳᠡᠬᠡᠳᠤ ᠬᠤᠷᠳᠤᠴᠠᠳᠤ ᠨᠡᠮᠡᠭᠳᠡᠯ ᠢ ᠳᠤᠯᠭᠠᠭᠤᠷᠢᠯᠠᠵᠤ ᠪᠠᠶᠢᠭᠰᠠᠨ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠳᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠳᠤᠨᠤᠭᠯᠠᠯ ᠦᠢᠯᠡᠳᠬᠦ᠂ ᠮᠠᠯ ᠤᠨ ᠠᠰᠢᠭ ᠰᠢᠮ᠎ᠡ ᠳᠠᠷᠢᠶᠠᠯᠠᠩ  ᠤᠨ ᠪᠦᠳᠦᠬᠡᠭᠳᠡᠬᠦᠨ ᠢ ᠡᠳ᠋ᠰᠢᠬᠦᠯᠦᠨ ᠪᠤᠯᠪᠠᠰᠤᠷᠠᠭᠤᠯᠬᠤ ᠵᠡᠷᠬᠡ ᠤᠯᠠᠮᠵᠢᠯᠠᠯᠳᠤ ᠳᠠᠪᠠᠭᠤᠯᠢᠭ ᠠᠵᠤ ᠦᠢᠯᠡᠰ ᠢ ᠵᠢᠭᠠᠵᠤ ᠪᠤᠢ᠃ ᠡᠳᠡᠬᠡᠷ ᠠᠵᠤ ᠦᠢᠯᠡᠰ ᠤᠨ ᠤᠢᠢᠷ᠎ᠠ ᠶᠢᠨ ᠵᠢᠯ ᠤᠨ ᠲᠤᠷᠰᠢᠬᠢ ᠬᠦᠭᠵᠢᠯᠳᠡ ᠨᠢ ᠵᠤᠬᠢᠬᠤ ᠬᠡᠮᠵᠢᠶᠡᠨ ᠤ ᠬᠦᠯᠢᠶᠡᠰᠦᠯᠡᠯ ᠳᠤ ᠤᠴᠠᠷᠠᠵᠤ᠂ ᠦᠬᠡᠷᠡᠴᠢᠯᠡᠨ ᠳᠡᠰ ᠳᠡᠪᠰᠢᠬᠦᠯᠬᠦ ᠶᠢ ᠱᠠᠭᠠᠷᠳᠠᠵᠤ ᠪᠠᠶᠢᠭ᠎ᠠ ᠶᠤᠮ᠃ ︽7︾ ᠪᠤᠯ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠵᠤ ᠤᠷᠴᠢᠨ ᠳᠤᠭᠤᠷᠢᠨ ᠢ ᠬᠠᠮᠠᠭᠠᠯᠠᠬᠤ᠂ ᠳᠡᠬᠡᠳᠤ ᠳᠡᠰ ᠤᠨ ᠳᠤᠨᠤᠭᠯᠠᠯ᠂ ᠳᠤᠮᠤ ᠳ᠋ᠠᠶᠢᠲ᠋ᠠ ᠡᠬᠦᠯᠡᠨ ᠪᠤᠳᠤᠯᠳᠠ᠂ ᠠᠮᠢᠳᠤ ᠪᠤᠳᠠᠰ ᠤᠨ ᠮᠡᠷᠬᠡᠵᠢᠯ᠂ ᠮᠤᠩᠭᠤᠯ ᠬᠢᠳᠠᠳ ᠡᠮ ᠡᠮᠨᠡᠯᠬᠡ ᠵᠡᠷᠬᠡ ᠬᠤᠶᠢᠰᠢᠳᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠤᠯᠤᠨ᠎ᠠ᠃ ᠪᠠᠰᠠᠴᠤ ᠮᠠᠨ ᠤ ᠤᠷᠤᠨ ᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠤᠨ ᠭᠤᠤᠯ ᠬᠦᠴᠦᠨ ᠪᠤᠯᠬᠤ ᠶᠤᠮ᠃ ᠠᠵᠤ ᠠᠬᠤᠢ ᠶᠢᠨ ᠬᠦᠭᠵᠢᠯᠳᠡ ᠰᠢᠨ᠎ᠡ ᠬᠡᠪ ᠪᠠᠶᠢᠳᠠᠯ ᠳᠤ ᠤᠷᠤᠭᠰᠠᠨ ᠪᠠᠶᠢᠳᠠᠯ ᠳᠤᠤᠷ᠎ᠠ᠂ ᠦᠩᠬᠡᠷᠡᠭᠰᠡᠨ ᠤ ︽ᠭᠤᠷᠪᠠᠨ ᠦᠨᠳᠦᠷ ᠨᠢᠬᠡ ᠳᠤᠤᠷ᠎ᠠ︾ ᠪᠦᠳᠦᠬᠦᠯᠢᠭ ᠬᠡᠯᠪᠡᠷᠢ ᠶᠢᠨ ᠬᠦᠭᠵᠢᠯᠳᠡ ᠶᠢᠨ ᠬᠡᠯᠪᠡᠷᠢ ᠨᠢ ᠨᠢᠬᠡᠨᠳᠡ ᠬᠦᠭᠵᠢᠯᠳᠡ ᠶᠢᠨ ᠱᠠᠭᠠᠷᠳᠠᠯᠭ᠎ᠠ ᠲᠠᠢ ᠵᠤᠬᠢᠴᠠᠬᠤ ᠪᠠᠨ ᠪᠤᠯᠢᠵᠤ᠂ ᠠᠵᠤ ᠠᠬᠤᠢ ᠶᠢᠨ ᠳᠤᠮᠳᠠ ᠲᠠᠬᠡᠳᠤ ᠬᠤᠷᠳᠤᠴᠠᠳᠤ ᠨᠡᠮᠡᠭᠳᠡᠯ ᠢ ᠳᠤᠯᠭᠠᠭᠤᠷᠢᠯᠠᠬᠤ ᠳᠤ ᠬᠦᠴᠢᠷᠳᠡᠵᠠᠢ᠃ ᠡᠨᠡᠬᠦ ᠪᠠᠶᠢᠳᠠᠯ ᠨᠢ ᠮᠠᠨ ᠤ ᠤᠯᠠᠮᠵᠢᠯᠠᠯᠳᠤ ᠠᠵᠤ ᠦᠢᠯᠡᠰ ᠢ ᠳᠤᠮᠳᠠ ᠳᠡᠬᠡᠳᠤ ᠲᠦᠪᠰᠢᠨ ᠳᠡᠰᠢ ᠠᠬᠢᠭᠤᠯᠬᠤ ᠶᠢᠨ ᠵᠡᠷᠬᠡᠪᠡᠷ ᠰᠢᠨ᠎ᠡ ᠡᠵᠡᠩᠨᠡᠯᠳᠡ ᠶᠢᠨ ᠬᠡᠯᠪᠡᠷᠢ ᠶᠢ ᠪᠤᠶᠢᠵᠢᠭᠤᠯᠬᠤ ᠪᠠᠨ ᠡᠷᠬᠡᠪᠰᠢ ᠲᠦᠷᠬᠡᠳᠬᠡᠵᠦ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠦᠳᠡᠯᠬᠡᠬᠦᠷ ᠢ ᠪᠤᠢ ᠪᠤᠯᠭᠠᠬᠤ ᠶᠢ ᠱᠠᠭᠠᠷᠳᠠᠵᠤ ᠪᠤᠢ᠃ ︽6+7︾ ᠶᠢᠨ ᠠᠵᠤ ᠦᠢᠯᠡᠰ ᠤᠨ ᠪᠦᠳᠦᠴᠡ ᠪᠠᠨ ᠲᠤᠬᠢᠷᠠᠭᠤᠯᠬᠤ ᠰᠡᠳᠬᠢᠴᠡ ᠨᠢ ᠮᠠᠨ ᠤ ᠤᠷᠤᠨ ᠤ ᠡᠬᠢ ᠪᠠᠶᠠᠯᠢᠭ ᠡᠯᠪᠡᠭ᠂ ᠤᠯᠠᠮᠵᠢᠯᠠᠯᠳᠤ ᠠᠵᠤ ᠦᠢᠯᠡᠰ ᠤᠨ ᠰᠠᠭᠤᠷᠢ ᠰᠠᠶᠢᠨ ᠪᠠᠶᠢᠬᠤ ᠳᠠᠪᠠᠭᠤᠯᠢᠭ ᠲᠠᠢ ᠤᠶᠠᠯᠳᠤᠭᠤᠯᠤᠭᠰᠠᠨ ᠪᠦᠬᠡᠳ ᠤᠳᠤᠬᠠᠨ ᠤ ᠠᠵᠤ ᠦᠢᠯᠡᠰ ᠤᠨ ᠳᠡᠬᠡᠳᠤ ᠲᠦᠪᠰᠢᠨᠴᠢᠯᠡᠭᠰᠡᠨ᠂ ᠤᠶᠤᠨᠴᠢᠯᠡᠬᠰᠠᠨ᠂ ᠪᠤᠬᠢᠷᠳᠤᠯ ᠦᠬᠡᠶᠢᠵᠢᠭᠰᠡᠨ᠂ ᠦᠢᠯᠡᠴᠢᠯᠡᠬᠡᠵᠢᠭᠰᠡᠨ ᠴᠢᠭᠯᠡᠯ ᠳᠡᠰᠢ ᠬᠦᠭᠵᠢᠬᠦ ᠰᠢᠨ᠎ᠡ ᠬᠠᠨᠳᠤᠰᠢ ᠲᠠᠢ ᠨᠡᠶᠢᠴᠡᠵᠦ᠂ ᠮᠠᠨ ᠤ ᠤᠷᠤᠨ ᠤ ᠠᠵᠤ ᠦᠢᠯᠡᠰ ᠤᠨ ᠬᠦᠭᠵᠢᠯᠳᠡ ᠶᠢ ᠵᠢᠯᠤᠭᠤᠳᠬᠤ ᠳᠤ ᠭᠤᠷᠪᠠᠨ ᠳᠠᠯ᠎ᠠ ᠶᠢᠨ ᠴᠢᠬᠤᠯᠠ ᠠᠴᠢ ᠬᠤᠯᠪᠤᠭᠳᠠᠯ ᠲᠠᠢ᠃      ᠨᠢᠬᠡ ᠳᠤ᠂ ᠠᠵᠤ ᠦᠢᠯᠡᠰ ᠤᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠳᠤᠬᠢᠷᠠᠭᠤᠯᠤᠯᠳᠠ ᠪᠤᠯ ᠤᠯᠤᠰ ᠤᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠤᠯ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠭᠤᠤᠯ ᠴᠢᠭᠯᠡᠯ ᠮᠦᠨ᠃ ᠡᠨᠡ ᠵᠢᠯ ᠠᠴᠠ ᠨᠠᠰᠢ᠂ ᠮᠠᠨ ᠤ ᠤᠷᠤᠨ ᠤᠯᠤᠰ ᠤᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢᠨ ᠳᠤᠬᠢᠷᠠᠭᠤᠯᠤᠯᠳᠠ ᠶᠢ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠠᠩᠬ᠎ᠠ ᠠᠯᠬᠤᠮ ᠤᠨ ᠠᠮᠵᠢᠯᠳᠠ ᠤᠯᠵᠠᠢ᠃ ᠬᠡᠪᠡᠴᠦ ᠵᠠᠷᠢᠮ ᠤᠯᠠᠮᠵᠢᠯᠠᠯᠳᠤ ᠠᠵᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠦᠯᠡᠬᠦᠳᠡᠵᠤ᠂ ᠵᠠᠷᠢᠮ ᠤᠯᠠᠨ ᠡᠰᠢᠴᠢᠯᠡᠭᠰᠡᠨ᠂ ᠦᠪᠡᠷᠮᠢᠴᠡ ᠤᠨᠴᠠᠯᠢᠭ ᠲᠠᠢ᠂ ᠳᠡᠬᠡᠳᠤ ᠳᠡᠰ ᠤᠨ ᠪᠦᠳᠦᠬᠡᠭᠳᠡᠬᠦᠨ ᠤ ᠱᠠᠭᠠᠷᠳᠠᠯᠭ᠎ᠠ ᠶᠢ ᠬᠠᠩᠭᠠᠬᠤ ᠳᠤ ᠬᠦᠴᠢᠷᠳᠡᠵᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠠᠬᠢᠭᠤᠯᠬᠤ ᠡᠬᠦᠷᠬᠡ ᠬᠦᠨᠳᠤ ᠪᠠᠶᠢᠭᠰᠠᠭᠠᠷ᠃ ᠬᠠᠩᠭᠠᠯᠭ᠎ᠠ ᠬᠡᠷᠡᠭᠴᠡᠭᠡ ᠳᠡᠩᠴᠡᠬᠦᠷᠢ ᠦᠬᠡᠢ᠂ ᠵᠤᠬᠢᠴᠠᠩᠭᠤᠢ ᠪᠤᠰᠤ ᠵᠦᠷᠢᠴᠡᠯ ᠪᠠ ᠠᠰᠠᠭᠤᠳᠠᠯ ᠡᠳᠦᠷ ᠠᠴᠠ ᠡᠳᠦᠷ ᠳᠤᠪᠤᠶᠢᠵᠤ ᠪᠠᠶᠢᠭ᠎ᠠ ᠪᠠᠶᠢᠳᠠᠯ ᠳᠤᠤᠷ᠎ᠠ᠂ 6 ᠤᠯᠠᠮᠵᠢᠯᠠᠯᠳᠤ ᠠᠵᠤ ᠦᠢᠯᠡᠰ ᠢ ᠦᠬᠡᠷᠡᠴᠢᠯᠡᠨ ᠳᠡᠰ ᠳᠡᠪᠰᠢᠬᠦᠯᠬᠦ ᠶᠢ ᠡᠷᠬᠡᠪᠰᠢ ᠲᠦᠷᠬᠡᠳᠬᠡᠵᠦ᠂ ᠨᠦᠬᠡᠴᠡ ᠶᠢᠨ ᠬᠡᠮᠵᠢᠶ᠎ᠠ ᠪᠠᠨ ᠲᠤᠬᠢᠷᠠᠭᠤᠯᠤᠨ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠬᠦᠯᠵᠤ᠂ ᠦᠷ᠎ᠠ ᠠᠰᠢᠭ ᠦᠬᠡᠢ ᠪᠤᠶᠤ ᠳᠤᠤᠷᠠᠳᠤ ᠳᠡᠰ ᠤᠨ ᠬᠠᠩᠭᠠᠯᠭ᠎ᠠ ᠶᠢ ᠪᠠᠭᠠᠰᠬᠠᠬᠤ ᠬᠡᠷᠡᠭᠳᠡᠢ︔ 7 ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠵᠤ᠂ ᠦᠷ᠎ᠠ ᠪᠦᠳᠦᠮᠵᠢ ᠲᠠᠢ᠂ ᠳᠤᠮᠳᠠ ᠳᠡᠬᠡᠳᠤ ᠳᠡᠰ ᠤᠨ ᠬᠠᠩᠭᠠᠯᠭ᠎ᠠ ᠶᠢ ᠦᠷᠬᠡᠳᠬᠡᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢᠨ ᠪᠤᠳᠠᠳᠤ ᠦᠷ᠎ᠠ ᠠᠰᠢᠭ ᠢ ᠠᠬᠢᠭᠤᠯᠬᠤ ᠬᠡᠷᠡᠭᠳᠡᠢ᠃      ᠬᠤᠶᠠᠷ ᠲᠤ᠂ ᠠᠵᠤ ᠦᠢᠯᠡᠰ ᠤᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠲᠦᠷᠬᠡᠳᠬᠡᠨ ᠠᠬᠢᠭᠤᠯᠬᠤ ᠪᠤᠯ ᠠᠵᠤ ᠦᠢᠯᠡᠰ ᠤᠨ ᠦᠷᠢᠰᠦᠯᠳᠦᠬᠡᠨ ᠤ ᠰᠢᠨ᠎ᠡ ᠳᠠᠪᠠᠭᠤᠯᠢᠭ ᠢ ᠪᠤᠶᠢᠵᠢᠭᠤᠯᠬᠤ ᠴᠢᠬᠤᠯᠠ ᠠᠷᠭ᠎ᠠ ᠵᠠᠮ ᠪᠤᠯᠤᠨ᠎ᠠ᠃ ᠮᠠᠨ ᠤ ᠤᠷᠤᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠭᠰᠡᠨ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠳᠡᠮᠦᠷᠯᠢᠭ ᠪᠤᠯᠪᠠᠰᠤᠷᠠᠭᠤᠯᠬᠤ ᠵᠡᠷᠬᠡ ᠤᠯᠠᠮᠵᠢᠯᠠᠯᠳᠤ ᠠᠵᠤ ᠦᠢᠯᠡᠰ ᠨᠢ ᠦᠩᠬᠡᠷᠡᠭᠰᠡᠨ ᠳᠤ ᠪᠦᠬᠦ ᠤᠷᠤᠨ ᠤ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠳᠤ ᠮᠠᠰᠢ ᠶᠡᠭᠡ ᠬᠤᠪᠢ ᠨᠡᠮᠡᠷᠢ ᠦᠵᠡᠬᠦᠯᠦᠭᠰᠡᠨ ᠶᠤᠮ᠃ ᠤᠢᠢᠷ᠎ᠠ ᠶᠢᠨ ᠵᠢᠯ ᠠᠴᠠ ᠨᠠᠰᠢ᠂ ᠡᠳᠡᠬᠡᠷ ᠤᠯᠠᠮᠵᠢᠯᠠᠯᠳᠤ ᠳᠠᠪᠠᠭᠤᠯᠢᠭ ᠠᠵᠤ ᠦᠢᠯᠡᠰ ᠵᠠᠬ᠎ᠠ ᠳᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠦᠬᠡᠢ᠂ ᠲᠦᠷᠦ ᠶᠢᠨ ᠪᠤᠳᠤᠯᠭ᠎ᠠ ᠶᠢᠨ ᠬᠦᠯᠢᠶᠡᠰᠦᠯᠡᠯ ᠴᠢᠩᠭ᠎ᠠ ᠵᠡᠷᠬᠡ ᠳᠠᠯ᠎ᠠ ᠳᠤ ᠬᠢᠵᠠᠭᠠᠷᠯᠠᠭᠳᠠᠵᠤ᠂ ᠠᠵᠤ ᠠᠬᠤᠢ ᠶᠢ ᠳᠠᠶᠢᠴᠢᠯᠠᠬᠤ ᠬᠦᠴᠦᠨ ᠨᠢ ᠪᠠᠭᠤᠷᠠᠪᠠ᠃ ᠢᠷᠡᠬᠡᠳᠦᠢ ᠶᠢᠨ ᠠᠵᠤ ᠠᠬᠤᠢ ᠶᠢᠨ ᠬᠦᠭᠵᠢᠯᠳᠡ ᠶᠢ ᠤᠳᠤᠷᠢᠳᠤᠭᠰᠠᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠠ ᠠᠵᠤ ᠦᠢᠯᠡᠰ ᠲᠤ ᠬᠡᠪᠴᠢᠶᠠᠵᠢᠯ ᠪᠠᠭ᠎ᠠ᠂ ᠦᠷᠢᠰᠦᠯᠳᠦᠬᠦ ᠬᠦᠴᠦᠨ ᠪᠠᠭᠤᠷᠠᠢ ᠵᠡᠷᠬᠡ ᠠᠰᠠᠭᠤᠳᠠᠯ ᠤᠷᠤᠰᠢᠵᠤ᠂ ᠮᠠᠨ ᠤ ᠤᠷᠤᠨ ᠤ ᠠᠵᠤ ᠦᠢᠯᠡᠰ ᠤᠨ ᠬᠦᠭᠵᠢᠯᠳᠠ ᠶᠢᠨ ᠲᠤᠳᠠᠭᠤᠳᠠᠯ ᠪᠤᠯᠤᠭᠰᠠᠭᠠᠷ ᠢᠷᠠᠵᠠᠢ᠃ ᠢᠢᠮᠤ ᠪᠤᠯᠬᠤᠷ ᠡᠬᠢ ᠪᠠᠶᠠᠯᠢᠭ ᠤᠨ ᠲᠠᠪᠠᠭᠤᠯᠢᠭ᠂ ᠠᠵᠤ ᠦᠢᠯᠡᠰ ᠤᠨ ᠰᠠᠭᠤᠷᠢ ᠵᠢᠴᠢ ᠲᠦᠷᠦ ᠶᠢᠨ ᠪᠤᠳᠤᠯᠭ᠎ᠠ᠂ ᠵᠠᠬ᠎ᠠ ᠲᠡᠯᠬᠡᠬᠦᠷ ᠵᠡᠷᠬᠡ ᠭᠠᠳᠠᠭᠠᠳᠤ ᠤᠷᠴᠢᠨ ᠤ ᠡᠯᠧᠮᠧᠨ᠋ᠲ ᠲᠠᠢ ᠤᠶᠠᠯᠳᠤᠭᠤᠯᠤᠨ ︽6 + 7︾ ᠪᠠᠷ ᠭᠤᠤᠯᠳᠠᠯᠭ᠎ᠠ ᠪᠤᠯᠭᠠᠠ ᠠᠵᠤ ᠦᠢᠯᠡᠰ ᠤᠨ ᠪᠦᠳᠦᠴᠠ ᠶᠢᠨ ᠲᠤᠬᠢᠷᠠᠭᠤᠯᠤᠯᠳᠠ ᠪᠠᠨ ᠠᠬᠢᠭᠤᠯᠬᠤ ᠪᠤᠯ ᠬᠦᠭᠵᠢᠯᠳᠠ ᠶᠢᠨ ᠲᠤᠳᠠᠭᠤᠳᠠᠯ ᠢ ᠨᠦᠬᠦᠪᠦᠷᠢᠯᠡᠬᠦ ᠪᠤᠯᠤᠨ ᠠᠵᠤ ᠦᠢᠯᠡᠰ ᠤᠨ ᠪᠦᠳᠦᠴᠠ ᠶᠢ ᠰᠢᠯᠢᠳᠡᠭᠵᠢᠬᠦᠯᠬᠦ᠂ ᠪᠦᠳᠦᠬᠡᠭᠳᠡᠬᠦᠨ ᠤ ᠲᠡᠰ ᠢ ᠲᠡᠬᠡᠭᠰᠢᠯᠡᠬᠦᠯᠬᠦ᠂ ᠰᠢᠨ᠎ᠠ ᠡᠨᠧᠷᠬᠢ ᠶᠢ ᠪᠤᠶᠢᠵᠢᠭᠤᠯᠤᠨ ᠬᠦᠭᠵᠢᠬᠦᠯᠬᠦ ᠶᠢᠨ ᠵᠠᠶᠢᠯᠠᠰᠢ ᠦᠬᠡᠢ ᠵᠠᠮ᠂ ᠨᠠᠩ ᠴᠤ ᠢᠷᠡᠬᠡᠳᠦᠢ ᠳᠤ ᠤᠷᠤᠨ ᠪᠦᠰᠠ ᠶᠢᠨ ᠦᠷᠢᠰᠦᠯᠳᠦᠬᠡᠨ ᠤ ᠲᠤᠮᠤ ᠬᠡᠰᠡᠭᠯᠡᠯ ᠳᠤ ᠰᠢᠨ᠎ᠠ ᠨᠢᠬᠡᠨ ᠡᠬᠡᠯᠵᠢ ᠶᠢᠨ ᠬᠦᠭᠵᠢᠯᠳᠠ ᠶᠢᠨ ᠲᠠᠪᠠᠭᠤᠯᠢᠭ ᠢ ᠤᠯᠬᠤ ᠵᠠᠩᠬᠢᠯᠠᠭ᠎ᠠ ᠪᠤᠯᠬᠤ ᠶᠤᠮ᠃      ᠭᠤᠷᠪᠠ ᠳᠤ᠂ ᠠᠵᠤ ᠦᠢᠯᠡᠰ ᠤᠨ ᠪᠦᠳᠦᠴᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠳᠠ ᠶᠢ ᠠᠬᠢᠭᠤᠯᠬᠤ ᠪᠤᠯ ᠮᠠᠨ ᠤ ᠤᠷᠤᠨ ᠤ ᠪᠤᠬᠢᠷᠳᠤᠯ ᠦᠬᠡᠢ ᠬᠦᠭᠵᠢᠯᠳᠠ ᠶᠢ ᠪᠠᠶᠡᠯᠡᠬᠦᠯᠬᠦ ᠶᠢᠨ ᠵᠠᠩᠬᠢᠯᠠᠭ᠎ᠠ ᠶᠢᠨ ᠭᠤᠭᠴᠤᠭ᠎ᠠ ᠪᠤᠯᠤᠨ᠎ᠠ᠃ ᠤᠷᠳᠤ ᠬᠤᠭᠤᠴᠠᠭᠠᠨ ᠠᠴᠠ ᠨᠠᠰᠢ᠂ ᠮᠠᠨ ᠤ ᠤᠷᠤᠨ ᠤ ᠠᠵᠤ ᠠᠬᠤᠢ ᠦᠳᠳᠡᠷ ᠲᠦᠷᠬᠡᠨ ᠨᠡᠮᠡᠭᠳᠡᠵᠤ ᠪᠠᠶᠢᠭ᠎ᠠ ᠨᠢ ᠭᠤᠤᠯᠳᠠᠭᠤ ᠶᠡᠭᠡ ᠪᠡᠯᠡ ᠤᠷᠤᠭᠤᠯᠤᠯᠳᠠ᠂ ᠶᠡᠭᠡ ᠬᠤᠷᠤᠭᠳᠠᠭᠤᠯᠤᠯ ᠪᠤᠯᠤᠨ ᠬᠦᠨᠳᠤ ᠪᠤᠬᠢᠷᠳᠤᠭᠤᠯᠤᠯ ᠤᠨ ᠰᠠᠭᠤᠷᠢᠨ ᠲᠡᠬᠡᠷ᠎ᠠ ᠪᠠᠶᠢᠭᠤᠯᠤᠭᠳᠠᠵᠠᠢ᠃ ᠤᠯᠠᠨ ᠲᠦᠮᠡᠨ ᠤ ᠠᠮᠢ ᠠᠬᠤᠢ ᠤᠷᠴᠢᠨ ᠲᠤᠭᠤᠷᠢᠨ ᠤ ᠲᠤᠬᠠᠢ ᠱᠠᠭᠠᠷᠳᠠᠯᠭ᠎ᠠ ᠲᠠᠰᠤᠷᠠᠯᠳᠠ ᠦᠬᠡᠢ ᠲᠡᠬᠡᠭᠰᠢᠯᠡᠬᠦ ᠶᠢ ᠲᠠᠭᠠᠯᠳᠤᠨ ᠡᠶᠢᠨᠬᠦ ᠪᠦᠳᠦᠬᠦᠯᠢᠭ ᠬᠡᠯᠪᠡᠷᠢ ᠶᠢᠨ ᠬᠦᠭᠵᠢᠯᠳᠠ ᠨᠢᠬᠡᠨᠳᠠ ᠠᠵᠤ ᠠᠬᠤᠢ ᠨᠡᠶᠢᠬᠡᠮ ᠤᠨ ᠬᠦᠭᠵᠢᠯᠳᠠ ᠳᠤ ᠲᠤᠬᠢᠷᠠᠬᠤ ᠪᠠᠨ ᠪᠤᠯᠢᠪᠠ᠃ ᠠᠵᠤ ᠦᠢᠯᠡᠰ ᠤᠨ ᠪᠦᠳᠦᠴᠠ ᠶᠢᠨ ᠲᠤᠬᠢᠷᠠᠭᠤᠯᠤᠯᠳᠠ ᠪᠠᠷ ᠲᠡᠮᠵᠢᠨ ᠡᠬᠢ ᠪᠠᠶᠠᠯᠢᠭ ᠡᠨᠧᠷᠬᠢ ᠶᠢᠨ ᠬᠤᠷᠤᠭᠳᠠᠭᠤᠯᠤᠯ ᠪᠤᠯᠤᠨ ᠪᠤᠬᠢᠷᠳᠤᠯ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ ᠪᠣᠯ ᠮᠠᠨ ᠤ ᠤᠷᠤᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠬᠢᠬᠡᠳ ᠶᠠᠰᠤ ᠴᠢᠨᠠᠷ ᠢ ᠲᠡᠬᠡᠭᠰᠢᠯᠡᠬᠦᠯᠦᠨ ᠦᠷ᠎ᠠ ᠠᠰᠢᠬ ᠢ ᠨᠡᠮᠡᠭᠳᠡᠬᠦᠯᠬᠦ ᠳᠤ ᠴᠦᠮ ᠠᠰᠢᠬᠳᠠᠢ ᠪᠠᠷ ᠪᠠᠷᠠᠬᠤ ᠦᠬᠡᠢ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠬᠡᠨ ᠪᠠᠶᠢᠭᠤᠯᠬᠤ ᠪᠤᠰᠤᠳᠴᠢ ᠱᠠᠭᠠᠷᠳᠠᠯᠭ᠎ᠠ ᠪᠠᠶᠢᠵᠤ᠂ ᠨᠠᠩ ᠴᠤ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ᠂ ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠤᠯᠤᠨ ᠪᠣᠬᠢᠷᠳᠤᠯ ᠦᠭᠡᠢ ᠬᠦᠭᠵᠢᠬᠦᠯᠦᠯᠳᠠ ᠶᠢᠨ ᠴᠢᠬᠤᠯᠠ ᠭᠠᠷᠳᠠᠴᠠ ᠪᠤᠯᠤᠨ᠎ᠠ᠃      ︽6 + 7︾ ᠠᠵᠤ ᠦᠢᠯᠡᠰ ᠤᠨ ᠪᠦᠳᠦᠴᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠳᠠ ᠶᠢᠨ ᠬᠦᠴᠦᠯᠡᠴᠠ ᠶᠢᠨ ᠴᠢᠭ᠋ ᠪᠤᠯ ︽6︾ ᠪᠤᠯᠤᠨ ︽7︾᠂ ᠵᠠᠩᠬᠢᠯᠠᠭ᠎ᠠ ᠶᠢᠨ ᠴᠢᠭ᠋ ᠪᠤᠯ ᠪᠠᠶᠢᠯᠳᠤᠬᠤ ᠪᠤᠳᠤᠯᠭ᠎ᠠ ᠶᠢᠨ ᠴᠢᠨᠠᠷ᠂ ᠭᠤᠤᠯᠳᠠᠯᠭ᠎ᠠ ᠪᠤᠯ ᠲᠤᠬᠢᠷᠠᠭᠤᠯᠤᠯᠳᠠ ᠶᠤᠮ᠃ ᠲᠠᠪᠠᠭᠤᠯᠢᠭ ᠢᠶᠠᠨ ᠪᠠᠳᠠᠷᠠᠭᠤᠯᠬᠤ ᠪᠤᠯᠤᠨ ᠲᠤᠳᠠᠭᠤᠳᠠᠯ ᠢᠶᠠᠨ ᠨᠦᠬᠦᠪᠦᠷᠢᠯᠡᠬᠦ ᠶᠢ ᠬᠠᠮᠳᠤ ᠳᠤᠨᠢ ᠬᠢᠵᠤ᠂ ᠨᠦᠬᠡᠴᠠ ᠶᠢᠨ ᠬᠡᠮᠵᠢᠶ᠎ᠠ ᠶᠢ ᠲᠤᠬᠢᠷᠠᠭᠤᠯᠬᠤ ᠪᠤᠯᠤᠨ ᠨᠡᠮᠡᠭᠳᠡᠯ ᠤᠨ ᠬᠡᠮᠵᠢᠶ᠎ᠠ ᠶᠢ ᠰᠢᠯᠢᠳᠡᠭᠵᠢᠬᠦᠯᠬᠦ ᠶᠢ ᠵᠡᠷᠬᠡ ᠳᠤᠨᠢ ᠠᠳᠬᠤᠬᠤ ᠶᠢ ᠡᠷᠬᠡᠪᠰᠢ ᠪᠠᠷᠢᠮᠳᠠᠯᠠᠵᠤ᠂ ᠡᠬᠢ ᠪᠠᠶᠠᠯᠢᠭ ᠢ ᠤᠨᠳᠤᠤᠰᠢᠭᠤᠯᠤᠨ ᠦᠷᠳᠡᠭ ᠢ ᠨᠢ ᠨᠡᠮᠡᠭᠳᠡᠬᠦᠯᠬᠦ ᠲᠤᠮᠤ ᠰᠡᠳᠦᠪ ᠢ ᠰᠠᠶᠢᠳᠤᠷ ᠪᠡᠶᠡᠯᠡᠬᠦᠯᠦᠨ᠂ ᠮᠠᠨ ᠤ ᠤᠷᠤᠨ ᠤ ᠠᠵᠤ ᠦᠢᠯᠡᠰ ᠤᠨ ᠲᠠᠬᠡᠳᠤ ᠲᠦᠪᠰᠢᠨᠴᠢᠯᠡᠭᠰᠡᠨ᠂ ᠤᠶᠤᠨᠴᠢᠯᠠᠭᠰᠠᠠ᠂ ᠪᠤᠬᠢᠷᠳᠤᠯ ᠦᠬᠡᠶᠢᠵᠢᠭᠰᠡᠨ᠂ ᠦᠢᠯᠡᠴᠢᠯᠡᠬᠡᠨᠵᠢᠭᠰᠡᠨ ᠲᠡᠰᠢ ᠬᠦᠭᠵᠢᠬᠦ ᠶᠢ ᠬᠦᠴᠦ ᠲᠠᠯᠪᠢᠨ ᠠᠬᠢᠭᠤᠯᠬᠤ ᠴᠢᠬᠤᠯᠠᠳᠠᠢ᠃      ᠨᠢᠬᠡ ᠲᠠᠯ᠎ᠠ ᠪᠠᠷ ᠦᠬᠡᠷᠡᠴᠢᠯᠠᠵᠤ ᠲᠡᠬᠡᠭᠰᠢᠯᠡᠬᠦᠯᠬᠦ ᠪᠠᠷ ᠲᠡᠮᠵᠢᠨ ᠤᠯᠠᠮᠵᠢᠯᠠᠯᠳᠤ ᠲᠠᠪᠠᠭᠤᠯᠢᠭ ᠠᠵᠤ ᠦᠢᠯᠡᠰ  ᠤᠨ ᠰᠢᠨ᠎ᠠ ᠠᠮᠢᠵᠢᠷᠠᠯ ᠤᠨ ᠬᠦᠴᠦᠨ ᠢ ᠰᠡᠷᠬᠦᠬᠡᠬᠦ ᠴᠢᠬᠤᠯᠠᠳᠠᠢ᠃ ᠠᠵᠤ ᠦᠢᠯᠡᠰ ᠤᠨ ᠬᠦᠭᠵᠢᠯᠳᠠ ᠶᠢᠨ ᠴᠢᠭᠯᠡᠯ ᠢ ᠠᠯᠳᠠᠯ ᠦᠬᠡᠢ ᠲᠠᠭᠠᠵᠤ᠂ ᠠᠵᠤ ᠦᠢᠯᠡᠰ ᠤᠨ ᠬᠦᠭᠵᠢᠯᠳᠠ ᠶᠢᠨ ᠵᠢᠮ᠎ᠠ ᠶᠤᠰᠤ ᠶᠢ ᠵᠢᠷᠤᠮᠯᠠᠨ ᠤᠯᠠᠮᠵᠢᠯᠠᠯᠳᠤ ᠠᠵᠤ ᠦᠢᠯᠡᠰ ᠤᠨ ᠦᠷᠢᠰᠦᠯᠳᠦᠬᠦ ᠬᠦᠴᠦᠨ ᠢ ᠲᠠᠰᠤᠷᠠᠯᠳᠠ ᠦᠬᠡᠢ ᠲᠡᠬᠡᠭᠰᠢᠯᠡᠬᠦᠯᠬᠦ ᠴᠢᠬᠤᠯᠠᠳᠠᠢ᠃      ᠨᠢᠬᠡ ᠳᠤ᠂ ᠤᠳᠤᠬᠠᠨ ᠤ ᠡᠨᠧᠷᠬᠢ ᠶᠢᠨ ᠡᠬᠢ ᠪᠠᠶᠠᠯᠢᠭ᠂ ᠲᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠬᠡ ᠤᠯᠠᠮᠵᠢᠯᠠᠯᠳᠤ ᠠᠵᠤ ᠦᠢᠯᠡᠰ ᠤᠨ ᠲᠤᠬᠢᠷᠠᠭᠤᠯᠤᠯᠳᠠ ᠪᠤᠯᠤᠨ ᠵᠠᠬ᠎ᠠ ᠲᠡᠯᠬᠡᠬᠦᠷ ᠤᠨ ᠬᠡᠳᠡᠷᠬᠦ ᠰᠢᠬᠠᠮᠳᠠᠭᠤᠯᠵᠤ ᠪᠠᠶᠢᠭ᠎ᠠ ᠠᠵᠨ ᠲᠤᠬᠢᠶᠠᠯ ᠢ ᠴᠢᠩᠭ᠎ᠠ ᠠᠳᠬᠤᠨ ᠠᠵᠢᠯ ᠲᠦᠷᠦᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠠᠬᠢᠨ ᠨᠢᠬᠡᠳᠬᠡᠬᠦ ᠶᠢ ᠲᠦᠷᠬᠡᠳᠬᠡᠵᠤ᠂ ᠠᠵᠤ ᠦᠢᠯᠡᠰ ᠤᠨ ᠦᠷᠢᠰᠦᠯᠳᠦᠬᠦ ᠬᠦᠴᠦᠨ ᠪᠤᠯᠤᠨ ᠦᠷᠬᠦᠯᠵᠢᠯᠡᠬᠦ ᠬᠦᠭᠵᠢᠯᠳᠠ ᠶᠢᠨ ᠴᠢᠳᠠᠪᠤᠷᠢ ᠶᠢ ᠴᠢᠩᠭᠠᠳᠬᠠᠨ᠎ᠠ᠃      ᠬᠤᠶᠠᠷ ᠲᠤ᠂ ᠲᠡᠬᠡᠳᠤ ᠰᠢᠨ᠎ᠠ ᠮᠡᠷᠬᠡᠵᠢᠯ ᠪᠤᠯᠤᠨ ᠲᠡᠷᠢᠬᠦᠨ ᠤ ᠲᠤᠬᠢᠷᠠᠮᠵᠢᠳᠠᠢ ᠮᠡᠷᠬᠡᠵᠢᠯ ᠢ ᠠᠰᠢᠬᠯᠠᠵᠤ ᠤᠯᠠᠮᠵᠢᠯᠠᠯᠳᠤ ᠲᠠᠪᠠᠭᠤᠯᠢᠭ ᠠᠵᠤ ᠦᠢᠯᠡᠰ ᠢ ᠦᠬᠡᠷᠡᠴᠢᠯᠠᠵᠤ ᠲᠡᠬᠡᠭᠰᠢᠯᠡᠬᠦᠯᠬᠦ ᠶᠢ ᠴᠢᠬᠤᠯᠠᠴᠢᠯᠠᠵᠤ᠂ ᠠᠵᠤ ᠠᠬᠤᠢᠢᠯᠠᠯ ᠤᠨ ᠤᠳᠤᠬᠠᠨ ᠤ ᠲᠤᠨᠤᠭ ᠲᠦᠬᠦᠬᠡᠷᠦᠮᠵᠢ ᠪᠤᠯᠤᠨ ᠦᠢᠯᠡᠳᠬᠡᠯ ᠤᠨ ᠨᠦᠬᠦᠴᠡᠯ ᠢᠶᠠᠨ ᠦᠬᠡᠷᠡᠴᠢᠯᠠᠨ ᠰᠠᠶᠢᠵᠢᠷᠠᠭᠤᠯᠬᠤ ᠶᠢ ᠵᠤᠷᠢᠬᠵᠢᠭᠤᠯᠵᠤ᠂ ᠦᠢᠯᠡᠳᠪᠦᠷᠢᠯᠡᠯ ᠤᠨ ᠦᠷ᠎ᠠ ᠠᠰᠢᠬ ᠪᠤᠯᠤᠨ ᠪᠦᠳᠦᠬᠡᠭᠳᠡᠬᠦᠨ ᠤ ᠲᠠᠭᠠᠯᠳᠠ ᠦᠷᠳᠡᠭ ᠢ ᠨᠢ ᠲᠡᠬᠡᠭᠰᠢᠯᠡᠬᠦᠯᠵᠤ᠂ ᠨᠢᠬᠡ ᠪᠦᠯᠦᠭ ᠠᠵᠤ ᠦᠢᠯᠡᠰ ᠤᠨ ᠬᠤᠯᠪᠤᠭᠳᠠᠯ ᠤᠨ ᠬᠡᠮᠵᠢᠶ᠎ᠠ ᠶᠡᠭᠡ᠂ ᠮᠡᠷᠬᠡᠵᠢᠯ  ᠤᠨ ᠲᠦᠪᠰᠢᠨ ᠦᠨᠳᠦᠷ᠂ ᠵᠠᠬ᠎ᠠ ᠲᠡᠯᠬᠡᠬᠦᠷ ᠤᠨ ᠢᠷᠡᠬᠡᠳᠦᠢ ᠰᠠᠶᠢᠨ ᠮᠡᠷᠬᠡᠵᠢᠯ ᠤᠨ ᠦᠬᠡᠷᠡᠴᠢᠯᠠᠯᠳᠠ ᠶᠢᠨ ᠲᠦᠷᠦᠯ ᠵᠦᠢᠯ ᠢ ᠬᠡᠷᠡᠭᠵᠢᠬᠦᠯᠬᠦ ᠪᠠᠨ ᠲᠦᠷᠬᠡᠳᠬᠡᠨ᠎ᠠ᠃      ᠭᠤᠷᠪᠠ ᠳᠤ᠂ ᠤᠯᠠᠮᠵᠢᠯᠠᠯᠳᠤ ᠠᠵᠤ ᠦᠢᠯᠡᠰ ᠤᠨ ᠪᠤᠬᠢᠷᠳᠦᠯ ᠦᠬᠡᠢ᠂ ᠨᠡᠬᠦᠷᠡᠰᠦᠳᠦ᠋ᠷᠦᠭᠴᠢ ᠪᠠᠭ᠎ᠠ᠂ ᠡᠷᠬᠢᠯᠳᠤᠨ ᠬᠦᠭᠵᠢᠬᠦ ᠰᠢᠨ᠎ᠠ ᠵᠠᠭᠪᠤᠷ ᠢ ᠪᠦᠷᠢᠯᠳᠦᠬᠦᠯᠬᠦ ᠶᠢ ᠠᠬᠢᠭᠤᠯᠵᠤ᠂ ᠡᠨᠧᠷᠬᠢ ᠠᠷᠪᠢᠯᠠᠵᠤ ᠪᠤᠬᠢᠷᠳᠤᠭᠤᠯᠤᠯ ᠢ ᠪᠠᠭᠠᠰᠬᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠵᠡᠷᠬᠡ ᠮᠡᠷᠬᠡᠵᠢᠯ ᠢ ᠲᠡᠯᠬᠡᠷᠡᠬᠦᠯᠵᠤ᠂ ᠡᠬᠢ ᠪᠠᠶᠠᠯᠢᠬ ᠢ ᠠᠷᠪᠢᠯᠠᠨ ᠭᠠᠮᠨᠠᠬᠤ᠂ ᠤᠷᠴᠢᠨ ᠲᠤᠭᠤᠷᠢᠨ ᠢ ᠬᠠᠮᠠᠭᠠᠯᠠᠬᠤ ᠬᠡᠯᠪᠡᠷᠢ ᠶᠢᠨ ᠠᠵᠤ ᠦᠢᠯᠡᠰ ᠢ ᠬᠦᠴᠦ ᠲᠠᠯᠪᠢᠨ ᠬᠦᠭᠵᠢᠬᠦᠯᠦᠨ᠎ᠠ᠃      ᠨᠦᠬᠦᠬᠡ ᠲᠠᠯ᠎ᠠ ᠪᠠᠷ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠠ ᠠᠵᠤ ᠦᠢᠯᠡᠰ ᠢ ᠪᠤᠶᠢᠵᠢᠭᠤᠯᠵᠤ ᠬᠦᠭᠵᠢᠬᠦᠯᠬᠦ ᠶᠢ ᠲᠦᠷᠬᠡᠳᠬᠡᠬᠦ ᠪᠠᠷ ᠲᠡᠮᠵᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠠ ᠠᠵᠤ ᠦᠢᠯᠡᠰ ᠢ ᠮᠠᠨ ᠤ ᠤᠷᠤᠨ ᠤ ᠠᠵᠤ ᠠᠬᠤᠢ ᠶᠢᠨ ᠨᠡᠮᠡᠭᠳᠡᠯ ᠢ ᠲᠤᠯᠭᠠᠬᠭᠤᠷᠢᠯᠠᠬᠤ ᠰᠢᠨ᠎ᠠ ᠬᠦᠳᠡᠯᠬᠡᠬᠦ ᠬᠦᠴᠦᠨ ᠪᠤᠯᠭᠠᠬᠤ ᠴᠢᠬᠤᠯᠠᠳᠠᠢ᠃ ᠡᠷᠬᠡᠪᠰᠢ ᠤᠳᠤᠬᠠᠨ ᠤ ᠰᠠᠭᠤᠷᠢ ᠪᠤᠯᠤᠨ ᠲᠠᠪᠠᠭᠤᠯᠢᠭ ᠲᠤ ᠲᠦᠰᠢᠭᠯᠡᠨ ᠨᠢᠬᠡᠳᠦᠯᠳᠠᠢ ᠲᠦᠯᠦᠪᠵᠢᠬᠦᠯᠦᠨ ᠪᠠᠶᠢᠷᠢᠯᠠᠭᠤᠯᠵᠤ᠂ ᠬᠦᠴᠦᠨ ᠢᠶᠠᠨ ᠲᠦᠪᠯᠡᠷᠡᠬᠦᠯᠦᠨ ᠠᠵᠤ ᠦᠢᠯᠡᠰ  ᠤᠨ ᠬᠦᠭᠵᠢᠯᠳᠠ ᠶᠢᠨ ᠰᠢᠨ᠎ᠠ ᠬᠠᠨᠳᠤᠰᠢ ᠶᠢ ᠤᠨᠢᠯᠠᠵᠤ᠂ 7 ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠠ ᠠᠵᠤ ᠦᠢᠯᠡᠰ ᠢ ᠬᠦᠴᠦ ᠲᠠᠯᠪᠢᠨ ᠬᠦᠭᠵᠢᠬᠦᠯᠵᠤ᠂ ᠤᠯᠠᠨ ᠴᠢᠭ᠋᠂ ᠤᠯᠠᠨ ᠲᠤᠯᠭᠠᠭᠤᠷᠢᠳᠤ ᠠᠵᠤ ᠦᠢᠯᠡᠰ ᠤᠨ ᠲᠤᠬᠳᠠᠴᠠ ᠶᠢ ᠲᠠᠷᠤᠢ ᠲᠦᠷᠬᠡᠨ ᠪᠦᠷᠢᠯᠳᠦᠬᠦᠯᠬᠦ ᠴᠢᠬᠤᠯᠠᠳᠠᠢ᠃ ᠨᠢᠬᠡ ᠳᠤ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠪᠠᠷ ᠬᠦᠭᠵᠢᠯᠳᠡ ᠶᠢᠨ ᠬᠦᠳᠡᠯᠬᠡᠬᠦᠷ ᠪᠤᠯᠭᠠᠬᠤ ᠦᠢᠯᠡᠳᠦᠯ  ᠢ ᠴᠢᠩᠭᠠᠳᠬᠠᠬᠤ ᠴᠢᠬᠤᠯᠠᠳᠠᠢ᠃ ᠰᠢᠨ᠎ᠠ ᠨᠢᠬᠡᠨ ᠡᠬᠡᠯᠵᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠬᠤᠪᠢᠰᠬᠠᠯ ᠪᠤᠯᠤᠨ ᠠᠵᠤ ᠦᠢᠯᠡᠰ ᠤᠨ ᠬᠤᠪᠢᠰᠬᠠᠯ ᠤᠨ ᠲᠡᠤᠬᠡᠳᠤ ᠴᠢᠨᠠᠷᠳᠠᠢ ᠠᠵᠨ ᠲᠤᠬᠢᠶᠠᠯ ᠢ ᠠᠳᠬᠤᠵᠤ᠂ ᠴᠢᠬᠤᠯᠠ ᠶᠡᠭᠡ ᠬᠦᠭᠵᠢᠯᠳᠠ ᠶᠢᠨ ᠬᠡᠷᠡᠭᠴᠡᠭᠡ ᠪᠠᠷ ᠲᠠᠳᠠᠬᠤ ᠬᠦᠴᠦᠨ ᠪᠤᠯᠭᠠᠵᠤ᠂ ᠬᠦᠴᠦ ᠪᠠᠨ ᠲᠦᠪᠯᠡᠷᠡᠬᠦᠯᠦᠨ ᠤᠯᠠᠨ ᠲᠦᠷᠦᠯ  ᠤᠨ ᠬᠦᠷᠢᠶ᠎ᠠ ᠴᠠᠷᠠᠭᠠᠨ ᠳᠠᠬᠢ ᠴᠢᠬᠤᠯᠠ ᠶᠡᠭᠡ ᠮᠡᠷᠬᠡᠵᠢᠯ ᠤᠨ ᠰᠢᠪᠳᠦᠯᠦᠯᠳᠠ ᠶᠢ ᠪᠡᠶᠡᠯᠡᠬᠦᠯᠵᠤ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠵᠡᠷᠬᠡ ᠠᠵᠤ ᠦᠢᠯᠡᠰ ᠤᠨ ᠬᠦᠭᠵᠢᠯᠳᠠ ᠶᠢ ᠠᠬᠢᠭᠤᠯᠤᠨ᠂ ᠰᠢᠨ᠎ᠠ ᠠᠵᠤ ᠦᠢᠯᠡᠰ ᠤᠨ ᠨᠡᠮᠡᠭᠳᠡᠯ ᠤᠨ ᠴᠡᠭ ᠢ ᠪᠦᠷᠢᠯᠳᠦᠬᠦᠯᠤᠨ᠎ᠠ᠃ ᠬᠤᠶᠠᠷ ᠲᠤ ᠂ ᠲᠠᠭᠠᠭᠤᠯᠤᠭᠴᠢ ᠠᠵᠤ ᠠᠬᠤᠢᠢᠯᠠᠯ ᠪᠤᠯᠤᠨ ᠴᠢᠬᠤᠯᠠ ᠶᠡᠭᠡ ᠲᠦᠷᠦᠯ ᠵᠦᠢᠯ ᠤᠨ ᠲᠠᠭᠠᠭᠤᠯᠬᠤ ᠦᠢᠯᠡᠳᠦᠯ ᠢ ᠪᠠᠳᠠᠷᠠᠭᠤᠯᠬᠤ ᠴᠢᠬᠤᠯᠠᠳᠠᠢ᠃ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠠ ᠠᠵᠤ ᠦᠢᠯᠡᠰ ᠤᠨ ᠬᠦᠷᠢᠶ᠎ᠠ ᠴᠠᠷᠠᠭᠠᠨ ᠤ ᠲᠠᠭᠠᠭᠤᠯᠤᠭᠴᠢ ᠠᠵᠤ ᠠᠬᠤᠢᠢᠯᠠᠯ ᠪᠤᠯᠤᠨ ᠴᠢᠬᠤᠯᠠ ᠶᠡᠭᠡ ᠲᠦᠷᠦᠯ ᠵᠦᠢᠯ ᠤᠨ ᠲᠤᠬᠠᠢ ᠲᠡᠮᠵᠢᠯᠬᠡ ᠶᠢᠨ ᠬᠦᠴᠦᠯᠡᠴᠠ ᠪᠠᠨ ᠨᠡᠮᠡᠭᠳᠡᠬᠦᠯᠵᠤ᠂ ᠲᠠᠭᠠᠭᠤᠯᠤᠭᠴᠢ ᠠᠵᠤ ᠠᠬᠤᠢᠢᠯᠠᠯ ᠤᠨ ᠲᠤᠮᠳᠠ ᠪᠠᠭ᠎ᠠ ᠠᠵᠤ ᠠᠬᠤᠢᠢᠯᠠᠯ ᠢ ᠬᠦᠯᠢᠶᠠᠨ ᠠᠪᠴᠤ ᠮᠡᠷᠬᠡᠵᠢᠯ ᠤᠨ ᠬᠠᠮᠳᠤᠷᠠᠯᠴᠠᠭ᠎ᠠ ᠦᠷᠨᠢᠬᠦᠯᠬᠦ ᠶᠢ ᠵᠤᠷᠢᠬᠵᠢᠭᠤᠯᠵᠤ᠂ ᠠᠵᠤ ᠦᠢᠯᠡᠰ  ᠤᠨ ᠬᠡᠯᠬᠢᠶᠡᠵᠢᠯ ᠤᠨ ᠲᠤᠮᠳᠠ ᠲᠡᠬᠡᠳᠤ ᠲᠡᠰ ᠲᠡᠰᠢ ᠦᠷᠬᠦᠯᠵᠢᠯᠡᠬᠦ ᠶᠢ ᠠᠬᠢᠭᠤᠯᠵᠤ᠂ ᠠᠵᠤ ᠦᠢᠯᠡᠰ ᠤᠨ ᠲᠦᠬᠦᠷᠵᠢᠭᠰᠡᠡ ᠴᠢᠳᠠᠪᠤᠷᠢ ᠶᠢ ᠲᠡᠬᠡᠭᠰᠢᠯᠡᠬᠦᠯᠦᠨ᠎ᠠ᠃ ᠭᠤᠷᠪᠠ ᠳᠤ᠂ ᠮᠦᠩᠬᠦᠨ ᠬᠦᠢᠯᠬᠡᠬᠡᠨ ᠤ ᠬᠦᠷᠦᠩᠬᠡ ᠶᠢᠨ ᠬᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠬᠤ ᠴᠢᠬᠤᠯᠠᠳᠠᠢ᠃ 7 ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠠ ᠠᠵᠤ ᠦᠢᠯᠡᠰ ᠤᠨ ᠲᠤᠬᠠᠢ ᠲᠡᠮᠵᠢᠯᠬᠡ ᠶᠢᠨ ᠬᠦᠴᠦᠯᠡᠴᠠ ᠪᠠᠨ ᠨᠡᠮᠡᠭᠳᠡᠬᠦᠯᠵᠤ᠂ ᠪᠡᠯᠡ ᠤᠷᠤᠭᠤᠯᠤᠯᠳᠠ ᠶᠢᠨ ᠰᠠᠭᠤᠷᠢ ᠮᠦᠩᠬᠦ᠂ ᠲᠠᠶᠢᠴᠢᠯᠠᠨ ᠲᠠᠭᠠᠭᠤᠯᠬᠤ ᠰᠠᠭᠤᠷᠢ ᠮᠦᠩᠬᠦ ᠪᠤᠯᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠬᠡᠵᠢᠯ ᠤᠨ ᠲᠤᠰᠬᠠᠢ ᠲᠦᠷᠦᠯ ᠤᠨ ᠪᠡᠯᠡ ᠮᠦᠩᠬᠦ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠨᠠᠩ ᠤᠯᠠᠨ ᠨᠡᠶᠢᠬᠡᠮ ᠤᠨ ᠬᠦᠷᠦᠩᠬᠡ ᠮᠦᠩᠬᠦ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠠ ᠠᠵᠤ ᠦᠢᠯᠡᠰ ᠤᠨ ᠬᠦᠭᠵᠢᠯᠳᠠ ᠳᠤ ᠤᠷᠤᠯᠴᠠᠬᠤ ᠶᠢ ᠲᠠᠶᠢᠴᠢᠯᠠᠵᠤ᠂ ᠠᠵᠤ ᠦᠢᠯᠡᠰ ᠤᠨ ᠬᠦᠭᠵᠢᠯᠳᠠ ᠶᠢᠨ ᠪᠡᠯᠡ ᠮᠦᠩᠬᠦ ᠶᠢᠨ ᠬᠦᠯᠢᠶᠡᠰᠤ ᠶᠢ ᠠᠯᠳᠠᠷᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号