ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 79 ᠳ᠋ᠤᠭᠡᠷ ᠤᠳᠠᠭ᠎ᠠ ᠶᠢᠨ ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/12/12
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠰᠠᠨᠠᠯ ᠢ ᠴᠡᠭᠴᠡᠯᠡᠨ ᠦᠭᠡᠷᠡᠴᠢᠯᠡᠬᠦ ᠲᠥᠰᠦᠯ︾᠂ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠦᠷᠢᠶᠡᠨ ᠲᠠᠬᠢ ᠭᠤᠣᠯᠳᠠᠯᠭ᠎ᠠ ᠲᠠᠢ ᠪᠠᠷᠢᠯᠭ᠎ᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ  ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ︾ ᠵᠡᠷᠭᠡ ᠶᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠰᠬᠠᠶ ᠰᠢᠮᠳᠠᠭᠤᠯᠤᠨ ᠪᠠᠶᠢᠴᠠᠭᠠᠵᠤ᠂ ᠮᠠᠨ ᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠤᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠮᠠᠨ ᠤ ᠣᠷᠣᠨ ᠤ ᠪᠦᠬᠦ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠲᠠᠯ᠎ᠠ ᠪᠠᠷ ᠬᠢ ᠴᠢᠬᠤᠯᠠ ᠪᠠᠶᠢᠷᠢ ᠰᠠᠭᠤᠷᠢ ᠶᠢ ᠭᠦᠨᠵᠡᠭᠡᠶ ᠲᠠᠨᠢᠵᠤ᠂ ᠮᠠᠨ ᠤ ᠣᠷᠣᠨ ᠤ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠬᠤ ᠠᠵᠢᠯ ᠤᠨ ᠵᠥᠷᠢᠶ᠎ᠡ ᠪᠤᠯᠤᠨ ᠬᠦᠷᠦᠯᠴᠡᠬᠦ ᠥᠬᠡᠢ ᠲᠠᠯ᠎ᠠ ᠶᠢ ᠭᠦᠨᠵᠡᠭᠡᠶ ᠲᠠᠨᠢᠵᠤ᠂ ︽ᠴᠡᠩᠭᠡᠭ ᠤᠰᠤ ᠴᠡᠩᠬᠡᠷ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠬᠠᠶᠢᠷᠬᠠᠨ ᠮᠥᠨ︾ ᠭᠡᠰᠡᠨ ᠴᠢᠩᠭ᠎ᠠ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠴᠡᠭᠴᠡᠯᠡᠨ ᠥᠭᠡᠷᠡᠴᠢᠯᠡᠬᠦ ᠰᠠᠨᠠᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠴᠡᠭᠴᠡᠯᠡᠨ ᠥᠭᠡᠷᠡᠴᠢᠯᠡᠬᠦ ᠠᠵᠢᠯ ᠢ ᠴᠢᠩᠭ᠎ᠠ ᠨᠢᠮᠪᠠᠢ ᠰᠠᠶᠢᠲᠤᠷ ᠠᠳᠬᠤᠬᠤ ᠬᠡᠷᠡᠭᠲᠡᠶ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠬᠢᠵᠠᠭᠠᠷᠯᠠᠬᠤ ᠪᠠ ᠡᠳᠦᠷ ᠲᠤᠲᠤᠮ ᠤᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠮᠢ ᠠᠬᠤᠶ ᠶᠢᠨ ᠬᠤᠷᠢᠭ᠎ᠠ ᠱᠤᠭᠤᠮ ᠢ ᠡᠷᠡᠰ ᠰᠠᠬᠢᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠠᠶᠢᠭᠤᠯᠬᠤ ᠪᠠᠷ ᠴᠢᠷᠮᠠᠶᠢᠬᠤ ᠬᠡᠷᠡᠭᠲᠠᠢ ᠬᠡᠪᠡ᠃      ᠬᠤᠷᠠᠯ ᠠᠴᠠ ᠦᠵᠡᠭᠰᠡᠨ ᠨᠢ᠂ ᠴᠢᠬᠤᠯᠠ ᠶᠡᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠤᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠲᠣᠭᠲᠠᠭᠤᠨ ᠢᠶᠠᠷ ᠨᠡᠮᠡᠭᠳᠡᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠶᠢᠨ ᠲᠤᠯᠭᠠᠮ᠎ᠠ ᠬᠡᠷᠡᠭᠴᠡᠭᠡ ᠮᠦᠨ᠂ ᠪᠠᠰᠠ ᠴᠤ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠮᠦᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠢᠮᠠᠭᠲᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠳᠡᠭᠡᠷ᠎ᠡ ᠵᠤᠭᠰᠤᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠠᠬᠤᠶ ᠶᠢᠨ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠲᠤᠳᠠᠮᠠᠭ ᠲᠠᠯ᠎ᠠ ᠪᠠᠨ ᠨᠥᠬᠦᠪᠥᠷᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠤ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ᠂ ᠨᠡᠶᠢᠭᠡᠮ ᠤᠨ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠬᠦᠷᠢᠶᠡᠨ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠠᠢ ᠬᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠨᠡᠮᠡᠭᠳᠡᠯ ᠢ ᠲᠣᠭᠲᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠴᠢᠬᠤᠯᠠ ᠦᠢᠯᠡᠳᠦᠯ ᠲᠠᠢ ᠶᠤᠮ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠡᠵᠡᠨ ᠮᠡᠳᠡᠵᠤ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠪᠡᠯᠡ ᠲᠣᠬᠢᠷᠠᠭᠤᠯᠬᠤ ᠠᠷᠭ᠎ᠠ ᠵᠠᠮ ᠨᠢ ᠰᠢᠯᠤᠭᠤᠳᠬᠠᠬᠤ᠂ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠤᠷᠤᠨ ᠪᠠᠶᠢᠷᠢ ᠳᠤᠨᠢ ᠪᠤᠳᠠᠲᠠᠶᠢᠵᠢᠭᠤᠯᠬᠤ᠂ ᠵᠠᠰᠠᠭ ᠤᠨ ᠣᠷᠳᠣᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠬᠤᠷᠸ᠎ᠠ ᠲᠤᠬᠢᠷᠠᠭᠤᠯᠭ᠎ᠠ ᠶᠢ ᠪᠦᠲᠦᠮᠵᠢᠲᠠᠢ ᠪᠠᠶᠢᠭᠤᠯᠬᠤ᠂ ᠬᠠᠤᠯᠢ ᠲᠦᠷᠢᠮ ᠤᠨ ᠪᠠᠲᠤᠯᠠᠭ᠎ᠠ ᠲᠡᠭᠦᠯᠳᠡᠷᠵᠢᠭᠰᠡᠨ ᠰᠢᠨ᠎ᠡ ᠮᠠᠶ᠋ᠢᠭ ᠤᠨ ᠪᠡᠯᠡ ᠤᠷᠤᠭᠤᠯᠬᠤ ᠪᠡᠯᠡ ᠲᠣᠬᠢᠷᠠᠭᠤᠯᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠠᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠦᠨᠡᠨ ᠬᠦ ᠪᠠᠬᠢᠵᠢᠭᠦᠯᠵᠤ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠳᠠᠶᠢᠴᠢᠯᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠴᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠵᠤ᠂ ᠪᠡᠯᠡ ᠣᠷᠣᠭᠤᠯᠤᠯᠲᠠ ᠶᠢ ᠦᠷᠭᠡᠳᠭᠡᠨ᠂ ᠨᠡᠮᠡᠭᠳᠡᠯ ᠢ ᠳᠠᠶᠢᠴᠢᠯᠠᠬᠤ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠬᠡᠪᠡ᠃      ᠬᠤᠷᠠᠯ ᠳᠡᠭᠡᠷ᠎ᠡ ᠪᠠᠰᠠ ᠬᠥᠬᠡᠬᠤᠲᠠ ᠶᠢᠨ ᠤᠯᠤᠰ ᠤᠨ ᠳᠡᠰ ᠤᠨ ᠰᠢᠨ᠎ᠡ ᠲᠣᠭᠤᠷᠢᠭ ᠢ ᠪᠥᠳᠥᠭᠡᠨ ᠪᠠᠶᠢᠭᠤᠯᠬᠤ ᠲᠥᠰᠦᠯ ᠪᠣᠯᠤᠨ ᠥᠪᠡᠷᠲᠡᠭᠡᠨ ᠵᠠᠰᠠᠬᠤ ᠣᠷᠣᠨ ᠤ ᠳᠠᠪᠤᠰᠤᠨ ᠤ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号