| 12 ᠳ᠋ᠤᠭᠠᠷ ᠰᠠᠷ᠎ᠠ ᠶᠢᠨ 10 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ ᠯᠢ ᠵᠢᠢ ᠾᠧᠩ ᠬᠦᠯᠦᠨ ᠪᠤᠶᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠡᠸᠡᠩᠬᠢ ᠦᠨᠳᠤᠰᠤᠳᠡᠨ | ᠤ ᠰᠤᠮᠤ ᠶᠢᠨ ᠮᠦᠩᠬᠦᠨᠨᠠᠭᠤᠷ ᠭᠠᠴᠠᠭ᠎ᠠ ᠳᠤ ᠬᠦᠨᠵᠡᠬᠡᠶᠢᠷᠡᠨ ᠭᠠᠮᠰᠢᠭ ᠤᠨ ᠪᠠᠶᠢᠳᠠᠯ ᠢ ᠤᠢᠢᠯᠠᠭᠠᠵᠤ᠂ ᠡᠷᠦᠬᠡ ᠳᠤ | ᠤᠷᠤᠵᠤ ᠮᠠᠯᠴᠢᠳ ᠤᠨ ᠠᠮᠢᠳᠤᠷᠠᠯ ᠢ ᠪᠠᠶᠢᠴᠠᠭᠠᠨ ᠦᠵᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠤᠢᠢᠷ᠎ᠠ ᠶᠢᠨ ᠡᠳᠤᠷ | ᠬᠦᠯᠥᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠡ ᠬᠢᠬᠦ ᠳᠡᠭᠡᠨ ᠴᠢᠬᠤᠯᠠᠴᠢᠯᠠᠭᠰᠠᠠ ᠨᠢ᠂ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ | ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ | ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ ᠪᠦᠯᠬᠦᠮᠳᠡᠨ | ᠲᠡᠮᠡᠴᠡᠵᠥ ᠴᠤᠴᠠᠯᠳᠡ ᠦᠭᠡᠢ ᠤᠷᠤᠭᠰᠢᠯᠠᠵᠥ᠂ ᠬᠦᠯᠥᠨ ᠪᠤᠶᠢᠷ ᠤᠨ ᠬᠦᠭᠵᠢᠯᠳᠡ ᠶᠢᠨ ᠰᠢᠨ᠎ᠡ ᠪᠠᠶᠢᠳᠠᠯ ᠢ | ᠬᠦᠴᠦᠯᠡᠨ ᠨᠡᠬᠡᠬᠡᠬᠦ ᠬᠡᠷᠡᠭᠳᠡᠢ ᠬᠡᠪᠡ᠃ | ᠬᠠᠬᠢᠷ ᠡᠪᠤᠯ ᠪᠤᠯᠤᠭᠰᠠᠨ᠎ᠠ ᠬᠦᠯᠥᠨ ᠪᠤᠶᠢᠷ ᠤᠨ ᠡᠬᠡ ᠭᠠᠵᠠᠷ ᠲᠤ ᠶᠡᠭᠡ ᠴᠠᠰᠤ ᠤᠷᠤᠵᠥ᠂ ᠲᠤᠰᠤᠯ ᠤᠰᠤ | ᠲᠤᠤᠷ᠎ᠠ ᠪᠠᠨ ᠬᠦᠯᠳᠡᠨ ᠭᠠᠵᠠᠷ ᠪᠤᠯᠭᠠᠨ ᠳᠤ ᠮᠦᠩᠬᠦᠨ ᠬᠤᠶᠠᠭ ᠬᠡᠳᠦᠷᠡᠭᠰᠡᠡ ᠪᠠᠶᠢᠯ᠎ᠠ᠃ 12 ᠳ᠋ᠤᠭᠠᠷ ᠰᠠᠷ᠎ᠠ ᠶᠢᠨ | 9 ᠠᠴᠠ 12 ᠤᠨ ᠡᠳᠤᠷ ᠪᠤᠯᠳᠠᠯ᠎ᠠ᠂ ᠯᠢ ᠵᠢᠢ ᠡᡁᠧᠩ ᠬᠠᠭᠤᠴᠢᠨ ᠪᠠᠷᠭᠤ ᠬᠤᠰᠢᠭᠤ᠂ ᠡᠷᠬᠦᠨ᠎ᠡ ᠬᠤᠳᠠ᠂ ᠬᠡᠬᠡᠨ | ᠭᠤᠤᠯ ᠬᠤᠳᠠ᠂ ᠤᠷᠴᠤᠨ ᠤ ᠦᠪᠡᠷᠳᠡᠭᠡᠨ ᠵᠠᠰᠠᠬᠤ ᠬᠤᠰᠢᠭᠤ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠡ | ᠬᠢᠵᠥ᠂ ᠦᠨᠳᠦᠰᠦᠨ ᠱᠠᠳᠤᠨ ᠤ ᠺᠠᠳ᠋ᠷ ᠪᠤᠯᠤᠨ ᠦᠨᠳᠦᠰᠦᠳᠡᠨ ᠨᠦᠭᠦᠳ ᠤᠨ ᠤᠯᠠᠨ ᠲᠦᠮᠡᠨ ᠲᠠᠢ ᠨᠢᠭᠤᠷᠳᠡᠨ | ᠶᠠᠷᠢᠯᠴᠠᠵᠥ᠂ ᠭᠠᠮᠰᠢᠭᠳᠠᠭᠰᠠᠠ ᠮᠠᠯᠵᠢᠬᠤ ᠡᠷᠦᠬᠡ ᠪᠤᠯᠤᠨ ᠰᠢᠭᠤᠢᠢᠳᠤ ᠤᠷᠤᠨ ᠤ ᠡᠮᠤᠨ᠎ᠡ ᠹᠷᠤᠨᠲ ᠤᠨ ᠠᠵᠢᠯᠳᠠᠨ | ᠠᠵᠢᠯᠴᠢᠨ ᠢ ᠡᠷᠬᠢᠨ ᠲᠤᠬᠤᠨᠢᠭᠤᠯᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ | ᠵᠢᠷᠭᠤᠳᠤᠭᠠᠷ ᠪᠦᠬᠦᠳᠡ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠥᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ | ᠡᠨᠡ ᠵᠤᠨ ᠬᠦᠯᠦᠨ ᠪᠤᠶᠢᠷ ᠬᠤᠲᠠ ᠬᠦᠨᠳᠦ ᠨᠤᠴᠢᠲᠠᠢ ᠭᠠᠩ ᠤᠨ ᠭᠠᠮᠰᠢᠭ ᠲᠤ ᠲᠠᠭᠠᠷᠢᠭᠳᠠᠪᠠ᠃ ᠯᠢ ᠵᠢᠢ | ᠾᠧᠩ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠠᠯ ᠠᠮᠢᠳᠤᠷᠠᠯ ᠢ ᠶᠠᠷᠤᠨᠢ ᠰᠡᠳᠬᠢᠯ ᠳᠡᠭᠡᠨ ᠪᠤᠳᠤᠵᠤ | ᠪᠠᠶᠢᠵᠠᠢ᠃ ᠲᠡᠷᠡ ᠬᠠᠭᠤᠴᠢᠨ ᠪᠠᠷᠭᠤ ᠬᠤᠰᠢᠭᠤᠨ ᠤ ᠡᠸ᠋ᠨᠩᠬᠢ ᠦᠨᠳᠦᠰᠦᠲᠡᠨ ᠤ ᠰᠤᠮᠤ ᠶᠢᠨ ᠮᠦᠩᠭᠦᠨᠨᠠᠭᠤᠷ | ᠭᠠᠴᠠᠭ᠎ᠠ ᠳᠤ ᠬᠦᠷᠴᠤ᠂ ᠮᠠᠯᠴᠢᠨ ᠮᠢᠵᠢᠳᠳᠤᠷᠵᠢ ᠶᠢᠨ ᠮᠠᠯ ᠤᠨ ᠬᠠᠰᠢᠶ᠎ᠠ ᠰᠠᠷᠠᠪᠴᠢᠨ ᠳᠤ ᠤᠷᠤᠵᠤ᠂ ᠲᠡᠵᠢᠭᠡᠯ | ᠡᠪᠡᠰᠤ ᠶᠢᠨ ᠨᠦᠭᠡᠴᠡ ᠶᠢᠨ ᠪᠠᠶᠢᠳᠠᠯ ᠢ ᠨᠢ ᠨᠠᠷᠢᠨ ᠤᠢᠢᠯᠠᠭᠠᠪᠠ᠃ ᠯᠢ ᠵᠢᠢ ᠾᠧᠩ ᠮᠠᠯᠴᠢᠨ ᠪᠠᠯᠵᠢᠨᠢᠮ᠎ᠠ ᠶᠢᠨ | ᠭᠡᠷ ᠲᠤ ᠤᠷᠤᠮᠠᠭᠴᠠ ᠳᠤᠯᠠᠭᠠᠯᠠᠮᠵᠢ ᠨᠢ ᠬᠠᠯᠠᠭᠤᠨ ᠡᠰᠡᠬᠦ ᠶᠢ ᠲᠡᠮᠲᠡᠷᠢᠨ ᠦᠵᠡᠵᠦ᠂ ᠡᠪᠦᠯ ᠢ ᠦᠩᠭᠡᠷᠡᠬᠦ ᠳᠤ ᠪᠠᠰᠠ | ᠶᠠᠭᠤ ᠳᠤᠲᠠᠭᠳᠠᠵᠤ ᠪᠠᠶᠢᠬᠤ ᠶᠢ ᠨᠢ ᠯᠠᠪᠯᠠᠨ ᠠᠰᠠᠭᠤᠵᠠᠢ᠃ ᠮᠠᠯᠴᠢᠳ ᠤᠨ ᠠᠮᠢᠳᠤᠷᠠᠯ ᠲᠤᠯᠠᠭᠠᠨ ᠲᠠᠭᠠᠳᠠᠢ᠂ ᠮᠠᠯ | ᠤᠨ ᠲᠡᠵᠢᠭᠡᠯ ᠡᠪᠡᠰᠤ ᠭᠦᠢᠴᠡᠳ᠂ ᠡᠪᠦᠯ ᠢ ᠦᠩᠭᠡᠷᠡᠬᠦ ᠳᠤ ᠪᠠᠲᠤᠯᠠᠭ᠎ᠠ ᠲᠠᠢ ᠪᠠᠶᠢᠬᠤ ᠶᠢ ᠤᠯᠵᠤ ᠮᠡᠳᠡᠭᠡᠳ ᠯᠢ ᠵᠢᠢ | ᠾᠧᠩ ᠶᠡᠬᠡᠪᠡᠷ ᠪᠠᠶᠠᠷᠯᠠᠵᠠᠢ᠃ ᠶᠠᠪᠤᠬᠤ ᠠᠴᠠ ᠪᠠᠨ ᠡᠮᠦᠨ᠎ᠡ᠂ ᠲᠤᠭᠤᠭᠠᠨ ᠭᠡᠷ ᠲᠤᠨᠢ ᠲᠤᠰᠬᠠᠢ ᠤᠷᠤᠵᠤ ᠬᠠᠯᠠᠭᠤᠨ | ᠠᠭᠤᠷ ᠰᠡᠪᠰᠠᠯᠠᠭᠰᠠᠨ ᠰᠦ ᠲᠠᠢ ᠴᠠᠢ ᠶᠢ ᠨᠢ ᠬᠠᠷᠠᠭᠠᠳ ᠯᠢ ᠵᠢᠢ ᠾᠧᠩ ᠬᠦᠨ ᠰᠡᠳᠬᠢᠯᠭᠡ ᠲᠠᠢ ᠪᠠᠷ ᠬᠡᠯᠡᠭᠰᠡᠨ ᠨᠢ᠂ | ᠰᠦ ᠲᠠᠢ ᠴᠠᠢ ᠶᠢᠨ ᠬᠠᠩᠬᠤᠯᠤᠭᠰᠠᠨ ᠦᠨᠦᠷ ᠭᠡᠷ ᠪᠦᠯᠢ ᠶᠢᠨ ᠬᠠᠯᠠᠭᠤᠨ ᠳᠤᠯᠠᠭᠠᠨ ᠢ ᠰᠠᠨᠠᠬᠳᠠᠭᠤᠯᠤᠨ᠎ᠠ᠃ | ᠰᠦ ᠲᠠᠢ ᠴᠠᠢ ᠪᠤᠯ ᠳᠠᠷᠤᠢ ᠡᠵᠢ ᠶᠢᠨ ᠬᠠᠯᠠᠮᠵᠢ᠂ ᠰᠦ ᠲᠠᠢ ᠴᠠᠢ ᠪᠤᠯ ᠳᠠᠷᠤᠢ ᠡᠬᠡ ᠨᠤᠳᠤᠭ ᠶᠤᠮ᠃ ᠡᠯ᠎ᠡ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠭᠠᠮᠰᠢᠭᠳᠠᠭᠰᠠᠨ ᠤᠯᠠᠨ ᠲᠦᠮᠡᠨ ᠪᠤᠯᠤᠨ ᠬᠦᠴᠢᠷᠳᠡᠯᠲᠡᠢ | ᠤᠯᠠᠨ ᠲᠦᠮᠡᠨ ᠤ ᠠᠮᠤᠷ ᠲᠦᠪᠰᠢᠨ ᠬᠠᠯᠠᠭᠤᠨ ᠳᠤᠯᠠᠭᠠᠨ ᠢ ᠰᠡᠳᠬᠢᠯ ᠳᠡᠭᠡᠨ ᠳᠡᠭᠡᠳᠦᠯᠡᠵᠦ᠂ ᠮᠦᠷᠦᠨ ᠳᠡᠭᠡᠨ | ᠲᠠᠯᠪᠢᠨ᠂ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠤᠯᠠᠨ ᠲᠦᠮᠡᠨ ᠪᠤᠯᠤᠨ ᠬᠦᠴᠢᠷᠳᠡᠯᠲᠡᠢ | ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠲᠠᠭᠠᠯᠠᠮᠵᠢᠳᠠᠢ ᠪᠠᠷ ᠡᠪᠦᠯ ᠢ ᠦᠩᠭᠡᠷᠡᠬᠦ ᠶᠢ ᠪᠠᠲᠤᠯᠠᠬᠤ ᠬᠡᠷᠡᠭᠲᠡᠢ | ᠬᠡᠪᠡ᠃ | ᠯᠢ ᠵᠢᠢ ᠾᠧᠩ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠦᠮᠴᠢᠯᠡᠯ ᠤᠨ ᠰᠢᠭᠤᠢᠢᠳᠦ ᠤᠷᠤᠨ ᠤ | ᠦᠭᠡᠷᠡᠴᠢᠯᠡᠯᠲᠡ ᠨᠡᠭᠡᠭᠡᠯᠲᠡ ᠶᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠨ᠎ᠡ᠃ ᠴᠤᠭᠴᠠ ᠶᠢᠨ ᠤᠢ ᠰᠢᠭᠤᠢ ᠶᠢ | ᠠᠷᠠᠴᠢᠯᠠᠨ ᠪᠤᠶᠢᠵᠢᠭᠤᠯᠬᠤ ᠠᠵᠢᠯ ᠤᠨ ᠴᠢᠭ᠋ ᠲᠤ᠂ ᠯᠢ ᠵᠢᠢ ᠾᠧᠩ ᠭᠦᠨ ᠵᠤᠵᠠᠭᠠᠨ ᠬᠦᠷ ᠴᠠᠰᠤ ᠶᠢ ᠬᠢᠰᠬᠢᠯᠡᠡ | ᠢᠭᠴᠤ ᠤᠢ ᠳᠤ ᠠᠯᠬᠤᠨ ᠤᠷᠤᠵᠤ᠂ ᠠᠵᠢᠯᠴᠢᠳ ᠤᠨ ᠪᠠᠶᠢᠷᠢ ᠶᠢᠨ ᠭᠡᠷ ᠪᠠ ᠲᠤᠭᠤᠭᠠᠨ ᠭᠡᠷ ᠲᠤ ᠤᠷᠤᠵᠤ᠂ ᠤᠢ | ᠰᠢᠭᠤᠢ ᠶᠢ ᠠᠷᠠᠴᠢᠯᠠᠨ ᠪᠤᠶᠢᠵᠢᠭᠤᠯᠬᠤ ᠠᠵᠢᠯ ᠢ ᠬᠢᠵᠤ ᠪᠠᠶᠢᠭ᠎ᠠ ᠠᠵᠢᠯᠴᠢᠳ ᠲᠠᠢ ᠲᠤᠳᠤᠨᠤ ᠪᠠᠷ ᠶᠠᠷᠢᠯᠴᠠᠨ ᠮᠤᠳᠤ | ᠤᠭᠲᠤᠯᠬᠤ ᠶᠢ ᠪᠦᠬᠦ ᠲᠠᠯ᠎ᠠ ᠪᠠᠷ ᠵᠤᠭᠰᠤᠭᠠᠭᠰᠠᠨ ᠤ ᠳᠠᠷᠠᠭᠠᠬᠢ ᠦᠢᠯᠡᠳᠪᠦᠷᠢᠯᠠᠯ ᠠᠮᠢᠳᠤᠷᠠᠯ ᠤᠨ ᠪᠠᠶᠢᠳᠠᠯ ᠢ ᠨᠢ | ᠯᠠᠪᠯᠠᠨ ᠠᠰᠠᠭᠤᠪᠠ᠃ ᠦ᠋ ᠯᠢ ᠺᠦ᠋ ᠮᠠ ᠤᠢ ᠰᠢᠭᠤᠢ ᠶᠢᠨ ᠬᠠᠮᠢᠶᠠᠷᠤᠯᠲᠠ ᠶᠢᠨ ᠭᠠᠵᠠᠷ ᠲᠤ᠂ ᠯᠢ ᠵᠢᠢ ᠾᠧᠩ ᠠᠵᠤ | ᠠᠬᠤᠢᠢᠯᠠᠯ ᠤᠨ ᠬᠡᠯᠪᠡᠷᠢ ᠶᠢ ᠬᠤᠪᠢᠷᠠᠭᠤᠯᠤᠨ ᠬᠦᠭᠵᠢᠬᠦ ᠪᠠᠶᠢᠳᠠᠯ ᠢ ᠲᠤᠬᠠᠢ ᠭᠠᠵᠠᠷ ᠲᠤᠨᠢ ᠤᠢᠢᠯᠠᠭᠠᠵᠠᠢ᠃ ᠯᠢ ᠵᠢᠢ | ᠾᠧᠩ ᠬᠡᠯᠡᠭᠰᠡᠨ ᠨᠢ᠂ ᠪᠤᠬᠢᠷᠳᠤᠯ ᠦᠭᠡᠢ ᠪᠤᠯ ᠦᠪᠦᠷ ᠮᠤᠩᠭᠤᠯ ᠤᠨ ᠦᠪᠡᠷᠮᠢᠴᠡ ᠲᠠᠪᠠᠭᠤᠯᠢᠭ ᠪᠦᠭᠡᠳ ᠦᠨ᠎ᠠ | ᠦᠷᠲᠡᠭ᠂ ᠠᠮᠢ ᠠᠬᠤᠢ ᠪᠤᠯ ᠦᠪᠦᠷ ᠮᠤᠩᠭᠤᠯ ᠤᠨ ᠬᠠᠷᠢᠭᠤᠴᠠᠯᠭ᠎ᠠ ᠪᠦᠭᠡᠳ ᠳᠠᠯᠳᠠ ᠬᠦᠴᠦᠨ ᠮᠦᠨ᠃ ᠠᠮᠢ | ᠠᠬᠤᠢ ᠶᠢ ᠬᠠᠮᠠᠭᠠᠯᠠᠬᠤ ᠪᠤᠯᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠶᠢ ᠬᠠᠮᠲᠦ ᠳᠤᠨᠢ ᠠᠳᠬᠤᠵᠤ᠂ | ᠮᠤᠳᠤᠨ ᠮᠠᠲ᠋ᠧᠷᠢᠶᠠᠯ ᠢ ᠨᠠᠷᠢᠯᠢᠭ ᠪᠤᠯᠪᠠᠰᠤᠷᠠᠭᠤᠯᠬᠤ᠂ ᠦᠪᠡᠷᠮᠢᠴᠡ ᠤᠨᠴᠠᠯᠢᠭ ᠲᠠᠢ ᠠᠵᠤ ᠠᠬᠤᠢ ᠶᠢᠨ ᠤᠢ᠂ ᠤᠢ | ᠰᠢᠭᠤᠢ ᠶᠢᠨ ᠵᠤᠭᠠᠴᠠᠯ ᠵᠡᠷᠭᠡ ᠪᠤᠬᠢᠷᠳᠤᠯ ᠦᠭᠡᠢ ᠪᠠᠷ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠬᠡᠪᠡᠷ | ᠬᠦᠭᠵᠢᠭᠦᠯᠵᠤ᠂ ᠰᠢᠭᠤᠢᠢᠲᠦ ᠤᠷᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠷᠦ ᠶᠢᠨ | ᠪᠤᠳᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ ᠤᠯᠤᠰ ᠤᠨ ᠦᠮᠴᠢᠯᠡᠯ ᠤᠨ ᠰᠢᠭᠤᠢᠢᠲᠦ ᠤᠷᠤᠨ ᠤ | ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠭᠤᠢᠢᠲᠦ ᠤᠷᠤᠨ ᠤ ᠵᠠᠮ | ᠬᠠᠷᠢᠯᠴᠠᠭᠠᠨ ᠤ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃ ᠲᠡᠷᠡ ᠲᠤᠬᠠᠢ ᠶᠢᠨ ᠭᠠᠵᠠᠷ ᠤᠨ | ᠺᠠᠳ᠋ᠷᠴᠤᠳ ᠲᠤ ᠵᠠᠬᠢᠭᠰᠠᠨ ᠨᠢ᠂ ᠰᠢᠭᠤᠢᠢᠲᠦ ᠤᠷᠤᠨ ᠤ ᠠᠵᠢᠯᠲᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠢ | ᠬᠠᠯᠠᠮᠵᠢᠯᠠᠵᠤ᠂ ᠦᠭᠡᠷᠡᠴᠢᠯᠡᠯᠲᠡ ᠶᠢᠨ ᠳᠠᠷᠠᠭᠠᠬᠢ ᠤᠯᠠᠨ ᠲᠦᠮᠡᠨ ᠤ ᠠᠵᠢᠯ ᠤᠯᠭᠤᠯᠲᠠ᠂ ᠡᠮ ᠡᠮᠨᠡᠯᠬᠡ᠂ ᠤᠷᠤᠨ | ᠰᠠᠭᠤᠴᠠ᠂ ᠦᠷ᠎ᠠ ᠬᠡᠤᠬᠡᠳ ᠤᠨ ᠬᠢᠨᠢ ᠰᠤᠷᠭᠠᠭᠤᠯᠢ ᠳᠤ ᠤᠷᠤᠬᠤ ᠵᠡᠷᠭᠡ ᠠᠰᠠᠭᠤᠳᠠᠯ ᠢ ᠵᠠᠪᠠᠯ ᠰᠠᠶᠢᠲᠤᠷ | ᠰᠢᠢᠳᠪᠦᠷᠢᠯᠡᠬᠦ ᠬᠡᠷᠡᠭᠲᠡᠢ ᠬᠡᠵᠠᠢ᠃ ᠪᠦᠷᠦᠢ ᠲᠠᠰᠤᠷᠠᠬᠤ ᠦᠶ᠎ᠠ ᠪᠠᠷ᠂ ᠯᠢ ᠵᠢᠢ ᠾᠧᠩ ᠠᠵᠢᠯᠴᠢᠳ ᠲᠠᠢ ᠨᠢᠭᠡᠳ | ᠨᠢᠭᠡ ᠪᠠᠷ ᠭᠠᠷ ᠠᠳᠬᠤᠨ ᠰᠠᠯᠬᠤ ᠶᠤᠰᠤ ᠭᠦᠢᠴᠡᠳᠭᠡᠪᠡ᠃ ᠠᠵᠢᠯᠴᠢᠳ ᠤᠨ ᠡᠪᠡᠷᠰᠢᠭᠰᠡᠨ ᠭᠠᠷ ᠢ ᠠᠳᠬᠤᠭᠠᠳ | ᠯᠢ ᠵᠢᠢ ᠾᠧᠩ᠄ ︽ᠲᠠᠨᠠᠷ ᠬᠠᠬᠢᠷ ᠬᠦᠢᠲᠡᠨ ᠢ ᠲᠡᠰᠪᠤᠷᠢᠯᠡᠨ ᠬᠡᠬᠡᠷ᠎ᠠ ᠭᠠᠳᠠᠨ᠎ᠠ ᠤᠷᠲᠦ ᠬᠤᠭᠤᠴᠠᠭ᠎ᠠ ᠪᠠᠷ | ᠠᠵᠢᠯᠯᠠᠵᠤ᠂ ᠲᠦᠢᠯ ᠤᠨ ᠬᠠᠳᠠᠭᠤᠵᠢᠯᠲᠠᠢ ᠪᠠᠶᠢᠭ᠎ᠠ ᠶᠤᠮ᠃ ᠤᠯᠠᠨ ᠵᠢᠯ ᠢᠶᠠᠷ ᠤᠢ ᠰᠢᠭᠤᠢ ᠶᠢ ᠰᠠᠬᠢᠭᠰᠠᠨ | ᠠᠵᠢᠯᠴᠢᠨ ᠲᠠᠨᠠᠷ ᠲᠤ ᠪᠢ ᠴᠢᠩ ᠰᠡᠳᠭᠢᠯ ᠤᠨ ᠮᠡᠨᠳᠦᠴᠢᠯᠡᠯ ᠢᠶᠠᠨ ᠳᠡᠪᠰᠢᠭᠦᠯᠵᠤ᠂ ᠲᠠᠨᠠᠷ ᠲᠤ ᠶᠤᠰᠤᠯᠠᠵᠤ ᠪᠠᠶᠢᠨ᠎ᠠ | ︕︾ ᠭᠡᠵᠤ ᠰᠡᠳᠬᠢᠯ ᠳᠤᠭᠳᠤᠯᠤᠨ ᠬᠡᠯᠡᠪᠡ᠃ | ᠪᠦᠬᠦ᠋ᠢᠯᠡ ᠤᠷᠤᠨ ᠪᠦᠰᠡ ᠶᠢᠨ ᠵᠤᠭᠠᠴᠠᠯ᠂ ᠳᠦᠷᠪᠡᠨ ᠤᠯᠠᠷᠢᠯ ᠤᠨ ᠵᠤᠭᠠᠴᠠᠯ ᠢ ᠶᠡᠬᠡᠪᠡᠷ ᠬᠦᠭᠵᠢᠭᠦᠯᠬᠦ | ᠪᠤᠯ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠴᠢᠬᠤᠯᠠ ᠠᠭᠤᠯᠭ᠎ᠠ ᠪᠤᠯᠤᠨ᠎ᠠ᠃ ᠯᠢᠯᠢᠶᠠ ᠲᠠᠯᠬ᠎ᠠ ᠶᠢᠨ | ᠰᠤᠶᠤᠯ ᠤᠨ ᠬᠦᠷᠢᠶᠡᠯᠠᠩ᠂ ᠭᠡᠭᠡᠨ ᠭᠤᠤᠯ ᠤᠨ ᠠᠮᠠᠷᠠᠯᠲᠠ ᠶᠢᠨ ᠡᠳᠤᠷ ᠤᠨ ᠵᠤᠭᠠᠴᠠᠯ ᠤᠨ ᠺᠤᠮᠫᠠᠨᠢ᠂ ᠤᠯᠭᠤᠶᠠ | ᠶᠢᠨ ᠡᠸᠡᠩᠭᠢ ᠶᠢᠨ ᠪᠤᠭᠤ ᠰᠤᠷᠭᠠᠬᠤ ᠰᠤᠶᠤᠯ ᠤᠨ ᠮᠦᠽᠸᠢ ᠪᠤᠯᠤᠨ ︽ᠡᠷᠲᠡᠨ ᠤ ᠠᠶᠢᠮᠠᠭ︾ ᠤᠨ ᠦᠵᠡᠮᠵᠢ ᠶᠢᠨ | ᠤᠷᠤᠨ᠂ ᠲᠤᠪᠠ ᠰᠢᠶᠠᠨᠪᠸᠢ ᠶᠢᠨ ᠲᠡᠤᠬᠡ ᠰᠤᠶᠤᠯ ᠤᠨ ᠬᠦᠷᠢᠶᠡᠯᠡᠩ ᠳᠤ᠂ ᠯᠢ ᠵᠢᠢ ᠾᠧᠩ ᠵᠢᠭᠠᠵᠤ | ᠭᠠᠷᠭᠠᠭᠰᠠᠨ ᠨᠢ᠂ ᠬᠦᠯᠦᠨ ᠪᠤᠶᠢᠷ ᠲᠤ ᠲᠤᠮᠤ ᠲᠠᠯ᠎ᠠ ᠨᠤᠲᠤᠭ᠂ ᠲᠤᠮᠤ ᠤᠢ ᠰᠢᠭᠤᠢ᠂ ᠲᠤᠮᠤ ᠨᠠᠭᠤᠷ | ᠪᠦᠷᠢᠳᠦ ᠲᠠᠢ᠂ ᠭᠦᠨ ᠵᠤᠵᠠᠭᠠᠨ ᠦᠨᠳᠦᠰᠦᠲᠡᠨ ᠤ ᠰᠤᠶᠤᠯ ᠪᠠ ᠭᠠᠳᠠᠭᠠᠳᠦ ᠤᠯᠤᠰ ᠤᠨ ᠵᠠᠩ ᠦᠢᠯᠡ ᠲᠠᠢ | ᠪᠠᠶᠢᠵᠤ᠂ ᠵᠤᠨ ᠤ ᠤᠯᠠᠷᠢᠯ ᠳᠤ ᠬᠤᠸᠠᠷ ᠴᠡᠴᠡᠭ ᠳᠡᠯᠭᠡᠷᠡᠨ ᠡᠪᠦᠯ ᠤᠨ ᠤᠯᠠᠷᠢᠯ ᠳᠤ ᠴᠠᠰᠤ ᠮᠦᠰᠦᠨ ᠳᠤ | ᠬᠤᠴᠢᠭᠳᠠᠨᠳᠠᠭ᠃ ᠡᠳᠡᠭᠡᠷ ᠪᠤᠯ ᠵᠤᠭᠠᠴᠠᠯ ᠤᠨ ᠦᠢᠯᠡᠰ ᠢ ᠬᠦᠭᠵᠢᠭᠦᠯᠬᠦ ᠦᠪᠡᠷᠮᠢᠴᠠ ᠳᠠᠪᠠᠭᠤᠯᠢᠭ ᠶᠤᠮ᠃ | ᠪᠦᠬᠦ᠋ᠢᠯᠡ ᠤᠷᠤᠨ ᠪᠦᠰᠠ ᠶᠢᠨ ᠵᠤᠭᠠᠴᠠᠯ ᠢ ᠬᠦᠭᠵᠢᠬᠦᠯᠬᠦ ᠪᠠᠷ ᠴᠢᠭᠯᠡᠯ ᠪᠤᠯᠭᠠᠨ ᠲᠦᠷᠪᠡᠨ ᠤᠯᠠᠷᠢᠯ ᠤᠨ ᠵᠤᠭᠠᠴᠠᠯ | ᠢ ᠲᠤᠤᠱᠯᠠᠭᠤᠯᠬᠤ ᠪᠠᠷ ᠭᠤᠤᠯᠳᠠᠯᠭ᠎ᠠ ᠪᠤᠯᠭᠠᠵᠤ᠂ ᠵᠤᠭᠠᠴᠠᠯ ᠢ ᠰᠤᠶᠤᠯ ᠯᠤᠭ᠎ᠠ ᠠᠭᠤᠰᠤᠯᠴᠠᠭᠤᠯᠬᠤ᠂ ᠤᠳᠤ ᠦᠶ᠎ᠠ | ᠶᠢᠨ ᠰᠢᠨᠵᠢᠯᠡᠬᠦ ᠤᠬᠠᠭᠠᠨ ᠮᠡᠷᠬᠡᠵᠢᠯ ᠯᠦᠭᠡ ᠠᠭᠤᠰᠤᠯᠴᠠᠭᠤᠯᠬᠤ ᠶᠢ ᠠᠬᠢᠭᠤᠯᠵᠤ᠂ ᠭᠤᠤᠯᠳᠠᠭᠤ ᠵᠤᠨ ᠤ ᠤᠯᠠᠷᠢᠯ | ᠤᠨ ᠵᠤᠭᠠᠴᠠᠯ ᠠᠴᠠ ᠲᠦᠷᠪᠡᠨ ᠤᠯᠠᠷᠢᠯ ᠤᠨ ᠵᠤᠭᠠᠴᠠᠯ ᠲᠡᠰᠢ ᠬᠤᠪᠢᠷᠠᠭᠤᠯᠬᠤ᠂ ᠦᠵᠡᠮᠵᠢᠳᠤ ᠤᠷᠤᠨ ᠤ | ᠵᠤᠭᠠᠴᠠᠯ ᠠᠴᠠ ᠪᠦᠬᠦ᠋ᠢᠯᠡ ᠤᠷᠤᠨ ᠪᠦᠰᠡ ᠶᠢᠨ ᠵᠤᠭᠠᠴᠠᠯ ᠲᠡᠰᠢ ᠬᠤᠪᠢᠷᠠᠭᠤᠯᠬᠤ ᠢᠢ ᠪᠡᠶᠡᠯᠡᠬᠦᠯᠬᠦ ᠭᠡᠷᠡᠭᠳᠠᠢ᠃ | ᠤᠳᠤᠬᠠᠨ ᠳᠤ ᠡᠪᠤᠯ ᠤᠨ ᠤᠯᠠᠷᠢᠯ ᠤᠨ ᠴᠠᠰᠤ ᠮᠦᠰᠤᠨ ᠤ ᠵᠤᠭᠠᠴᠠᠯ ᠢ ᠬᠦᠴᠤᠯᠠᠨ ᠠᠳᠬᠤᠵᠤ᠂ ᠦᠷᠬᠡᠨ | ᠠᠭᠤᠳᠠᠮ ᠴᠠᠰᠤᠳᠤ ᠤᠢ ᠶᠢ ᠦᠪᠡᠷᠮᠢᠴᠠ ᠤᠨᠴᠠᠯᠢᠬ ᠲᠠᠢ ᠵᠤᠭᠠᠴᠠᠯ ᠤᠨ ᠡᠬᠢ ᠪᠠᠶᠠᠯᠢᠬ ᠪᠤᠯᠭᠠᠨ᠂ ᠴᠠᠰᠤᠳᠤ ᠤᠢ | ᠮᠦᠰᠤᠳᠤ ᠶᠢᠷᠳᠢᠨᠴᠤ ᠶᠢ ᠠᠯᠳᠠᠨ ᠮᠦᠩᠬᠦᠨ ᠠᠭᠤᠯᠠ ᠪᠤᠯᠭᠠᠬᠤ ᠪᠠᠷ ᠴᠢᠷᠮᠠᠶᠢᠬᠤ ᠭᠡᠷᠡᠭᠳᠠᠢ ᠬᠡᠪᠡ᠃ | ᠦᠪᠡᠷᠳᠡᠬᠡᠨ ᠵᠠᠰᠠᠬᠤ ᠤᠷᠤᠨ ᠤ ︽ᠭᠤᠷᠪᠠᠨ ᠴᠦᠬᠡᠨ ᠲᠤᠭᠠᠳᠤ ᠦᠨᠳᠤᠰᠤᠳᠠᠨ︾ ᠴᠦᠮ ᠬᠦᠯᠤᠨ ᠪᠤᠶᠢᠷ | ᠬᠤᠳᠠ ᠳᠤ ᠲᠦᠪᠯᠡᠷᠡᠵᠤ ᠪᠠᠶᠢᠨ᠎ᠠ᠃ ᠬᠠᠭᠤᠴᠢᠨ ᠪᠠᠷᠭᠤ ᠬᠤᠰᠢᠭᠤᠨ ᠤ ᠡᠸᠡᠩᠬᠢ ᠦᠨᠳᠤᠰᠤᠳᠠᠨ ᠤ ᠰᠤᠮᠤ᠂ | ᠬᠡᠬᠡᠨ ᠭᠤᠤᠯ ᠬᠤᠳᠠ ᠶᠢᠨ ᠤᠯᠭᠤᠶᠠ ᠡᠸᠡᠩᠬᠢ ᠦᠨᠳᠤᠰᠤᠳᠠᠨ ᠤ ᠰᠢᠶᠠᠩ ᠪᠤᠯᠤᠨ ᠤᠷᠴᠤᠨ ᠤ ᠦᠪᠡᠷᠳᠡᠬᠡᠨ | ᠵᠠᠰᠠᠬᠤ ᠬᠤᠰᠢᠭᠤᠨ ᠳᠤ᠂ ᠯᠢ ᠵᠢᠢ ᠡᡁᠧᠩ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠲᠠᠢ ᠳᠤᠳᠤᠨᠤ ᠪᠠᠷ | ᠶᠠᠷᠢᠯᠴᠠᠵᠤ᠂ ᠬᠦᠮᠤᠨ ᠠᠮᠠ ᠪᠠᠷ ᠨᠡᠯᠢᠶᠡᠳ ᠴᠦᠬᠡᠨ ᠦᠨᠳᠤᠰᠤᠳᠠᠨ ᠤ ᠤᠢᠢᠯᠡᠳᠪᠤᠷᠢᠯᠡᠯ ᠠᠮᠢᠳᠤᠷᠠᠯ ᠢ ᠨᠠᠷᠢᠨ | ᠤᠢᠢᠯᠠᠭᠠᠵᠤ᠂ ᠤᠯᠭᠤᠶᠠ ᠡᠸᠡᠩᠬᠢ ᠦᠨᠳᠤᠰᠤᠳᠠᠨ ᠤ ᠠᠩᠴᠢᠨ ᠠᠷᠠᠳ ᠤᠨ ᠰᠢᠯᠢᠳᠡᠭ ᠲᠦᠯᠤᠬᠡᠯᠡᠭᠴᠢ ᠮᠠᠯᠢᠶ᠎ᠠ · | ᠰᠦᠸᠧ ᠨᠠᠰᠤᠳᠠᠨ ᠲᠠᠢ ᠭᠡᠷ ᠤᠨ ᠵᠤᠭᠤᠬ ᠲᠡᠯᠬᠡᠪᠠ᠃ ᠯᠢ ᠵᠢᠢ ᠡᡁᠧᠩ ᠴᠢᠬᠤᠯᠠᠴᠢᠯᠠᠭᠰᠠᠨ ᠨᠢ᠂ ᠡᠯ᠎ᠠ ᠭᠠᠵᠠᠷ | ᠡᠯ᠎ᠠ ᠰᠠᠯᠠᠭ᠎ᠠ ᠮᠦᠴᠢᠷ ᠪᠤᠯᠤᠨ ᠦᠷᠬᠡᠨ ᠤᠯᠠᠨ ᠤᠳᠤᠷᠢᠳᠬᠤ ᠺᠠᠳ᠋ᠷ ᠨᠢᠳᠤᠨ ᠴᠡᠴᠡᠬᠡᠢ ᠪᠠᠨ ᠬᠠᠮᠠᠭᠠᠯᠠᠬᠤ | ᠰᠢᠬ ᠢᠶᠠᠷ ᠦᠨᠳᠤᠰᠤᠳᠠᠨ ᠤ ᠪᠦᠯᠬᠦᠮᠳᠡᠯ ᠢ ᠬᠠᠮᠠᠭᠠᠯᠠᠵᠤ ᠠᠮᠢ ᠨᠠᠰᠤ ᠪᠠᠨ ᠨᠠᠨᠳᠢᠩᠨᠡᠬᠤ ᠰᠢᠬ ᠢᠶᠠᠷ ᠦᠨᠳᠤᠰᠤᠳᠠᠨ | ᠤ ᠪᠦᠯᠬᠦᠮᠳᠡᠯ ᠢ ᠨᠠᠨᠳᠢᠩᠨᠠᠵᠤ᠂ ᠬᠦᠨ ᠵᠤᠵᠠᠭᠠᠨ ᠬᠠᠶᠢᠷ᠎ᠠ ᠰᠡᠳᠬᠢᠯᠬᠡ ᠲᠠᠢ ᠪᠠᠷ ᠨᠠᠮ ᠪᠤᠯᠤᠨ ᠤᠯᠤᠰ ᠤᠨ | ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠬᠡᠮ ᠢ | ᠪᠦᠬᠦ ᠲᠠᠯ᠎ᠠ ᠪᠠᠷ ᠪᠡᠶᠡᠯᠡᠬᠦᠯᠬᠦ ᠠᠶᠠᠨ ᠳᠤ ᠨᠢᠬᠡ ᠭᠠᠵᠠᠷ ᠤᠷᠤᠨ᠂ ᠨᠢᠬᠡ ᠦᠨᠳᠤᠰᠤᠳᠠᠨ ᠢ ᠴᠤ ᠡᠩᠨᠡᠭᠡ ᠠᠴᠠ ᠪᠠᠨ | ᠬᠡᠬᠡᠭᠳᠡᠬᠦᠯᠵᠤ ᠪᠤᠯᠬᠤᠦᠬᠡᠢ ᠬᠡᠯ᠎ᠠ᠃ | ᠪᠠᠶᠢᠴᠭᠠᠠᠨ ᠰᠤᠳᠤᠯᠤᠯᠳᠠ ᠶᠢᠨ ᠬᠤᠭᠤᠴᠠᠭᠠᠨ ᠳᠤ᠂ ᠯᠢ ᠵᠢᠢ ᠡᡁᠧᠩ ᠬᠦᠯᠤᠨ ᠪᠤᠶᠢᠷ ᠬᠤᠳᠠ ᠪᠤᠯᠤᠨ ᠤᠢ | ᠰᠢᠭᠤᠢ ᠶᠢᠨ ᠠᠵᠥ ᠦᠢᠯᠡᠳᠪᠤᠷᠢ ᠶᠢᠨ ᠪᠦᠯᠦᠭᠯᠡᠯ ᠤᠨ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ | ᠲᠡᠳᠡᠨ ᠤ ᠤᠯᠤᠬᠰᠠᠨ ᠠᠵᠢᠯ ᠤᠨ ᠠᠮᠵᠢᠯᠳᠠ ᠶᠢ ᠬᠦᠢᠴᠡᠳ ᠨᠤᠳᠠᠯᠠᠪᠠ᠃ ᠲᠡᠷᠡ ᠴᠢᠬᠤᠯᠠᠴᠢᠯᠠᠭᠰᠠᠨ ᠨᠢ᠂ ᠨᠠᠮ | ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠪᠤᠯᠤᠨ | ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠪᠤᠳᠠᠲᠦ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ | ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ ᠪᠠᠷ ᠰᠠᠶᠢᠲᠤᠷ | ᠠᠳᠬᠤᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠦ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠲᠡᠪᠰᠢᠭᠦᠯᠬᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ | ᠢ ᠪᠠᠲᠤᠯᠠᠨ ᠰᠠᠶᠢᠵᠢᠷᠠᠭᠤᠯᠬᠤ ᠵᠡᠷᠭᠡ ᠬᠦᠷᠢᠶᠡᠨ ᠳᠤ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ | ᠲᠦᠯᠦᠪᠯᠡᠨ ᠠᠬᠢᠭᠤᠯᠬᠤ ᠬᠡᠷᠡᠭᠲᠠᠢ᠃ ᠲᠠᠪᠠᠭᠤᠯᠢᠭ ᠪᠦᠬᠦᠢ ᠤᠨᠴᠠᠯᠢᠬᠲᠦ ᠠᠵᠦ ᠦᠢᠯᠡᠰ ᠢ ᠭᠤᠶᠢᠪᠢᠰᠢ ᠦᠭᠡᠢ | ᠬᠦᠭᠵᠢᠭᠦᠯᠵᠦ᠂ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠪᠤᠯᠤᠨ ᠤᠢ | ᠰᠢᠭᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠶᠡᠬᠡᠪᠡᠷ ᠬᠦᠭᠵᠢᠭᠦᠯᠵᠦ᠂ ᠡᠭᠦᠯᠡᠨ ᠪᠤᠳᠤᠯᠳᠠ᠂ ᠤᠳᠤ | ᠦᠶ᠎ᠡ ᠶᠢᠨ ᠪᠤᠳᠠᠰ ᠤᠨ ᠭᠦᠢᠯᠭᠡᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠴᠡᠪᠡᠷ ᠡᠨᠧᠷᠬᠢ᠂ ᠡᠷᠡᠭᠦᠯ ᠮᠡᠨᠳᠦ | ᠨᠠᠰᠤᠵᠢᠯ ᠵᠡᠷᠭᠡ ᠰᠢᠨ᠎ᠡ ᠪᠠᠷ ᠮᠠᠨᠳᠤᠭᠰᠠᠨ ᠠᠵᠦ ᠦᠢᠯᠡᠰ ᠢ ᠢᠲᠡᠪᠬᠢᠲᠠᠢ ᠪᠠᠷ ᠪᠤᠶᠢᠵᠢᠭᠤᠯᠤᠨ ᠬᠦᠭᠵᠢᠭᠦᠯᠬᠦ | ᠬᠡᠷᠡᠭᠲᠠᠢ᠃ ᠤᠯᠤᠰ ᠤᠨ ᠦᠮᠴᠢᠯᠡᠯ ᠤᠨ ᠰᠢᠭᠤᠢᠢᠳᠤ ᠤᠷᠤᠨ ᠤ ᠦᠭᠡᠷᠡᠴᠢᠯᠡᠯᠲᠡ ᠶᠢ ᠭᠤᠶᠢᠪᠢᠰᠢ ᠦᠭᠡᠢ | ᠭᠦᠨᠵᠡᠭᠡᠶᠢᠷᠡᠭᠦᠯᠵᠦ᠂ ᠰᠢᠯᠢᠳᠡᠭ ᠴᠤᠮᠠᠬᠠᠨ ᠪᠦᠲᠦᠮᠵᠢ ᠰᠠᠶᠢᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ᠂ ᠤᠢ ᠰᠢᠭᠤᠢ ᠶᠢᠨ ᠡᠬᠢ ᠪᠠᠶᠠᠯᠢᠭ ᠤᠨ ᠬᠢᠨᠠᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠬᠦ ᠪᠠ ᠤᠢ ᠰᠢᠭᠤᠢ ᠶᠢᠨ ᠡᠬᠢ ᠪᠠᠶᠠᠯᠢᠭ ᠢ ᠬᠠᠮᠢᠶᠠᠷᠴᠤ | ᠬᠠᠮᠠᠭᠠᠯᠠᠬᠤ ᠲᠤᠭᠲᠠᠴᠠ ᠶᠢ ᠰᠢᠨᠡᠴᠢᠯᠡᠬᠦ ᠭᠤᠷᠪᠠᠨ ᠵᠦᠢᠯ ᠤᠨ ᠦᠭᠡᠷᠡᠴᠢᠯᠡᠯᠲᠡ ᠶᠢᠨ ᠡᠭᠦᠷᠭᠡ ᠶᠢ | ᠭᠤᠤᠯᠳᠠᠯᠭ᠎ᠠ ᠲᠠᠢ ᠪᠠᠷ ᠪᠠᠶᠡᠯᠡᠬᠦᠯᠬᠦ ᠬᠡᠷᠡᠭᠲᠠᠢ᠃ | ᠭᠠᠳᠠᠭᠠᠳᠦ ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠬᠡᠵᠤ᠂ ᠪᠤᠭᠤᠮᠲᠠ ᠶᠢᠨ ᠪᠦᠲᠦᠭᠡᠨ ᠪᠠᠶᠢᠭᠤᠯᠤᠯᠲᠠ᠂ | ᠬᠠᠮᠲᠤᠷᠠᠯᠴᠠᠭ᠎ᠠ ᠰᠤᠯᠢᠯᠴᠠᠭ᠎ᠠ ᠪᠤᠯᠤᠨ ᠵᠡᠬᠦᠨ ᠬᠤᠶᠢᠲᠦ ᠤᠷᠤᠨ ᠢ ᠬᠦᠭᠵᠢᠬᠦᠯᠦᠨ ᠮᠠᠨᠳᠤᠭᠤᠯᠬᠤ ᠲᠤ | ᠠᠭᠤᠰᠤᠯᠴᠠᠬᠤ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠠᠢ᠃ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ | ᠭᠤᠶᠢᠪᠢᠰᠢ ᠦᠭᠡᠢ ᠰᠠᠶᠢᠳᠤᠷ ᠬᠢᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠠᠯ | ᠰᠠᠨᠠᠭ᠎ᠠ ᠶᠢ ᠢᠮᠠᠬᠳᠠ ᠪᠠᠷᠢᠮᠲᠠᠯᠠᠨ ᠲᠦᠭᠡᠮᠡᠯ ᠢᠶᠠᠷ ᠬᠠᠷᠠᠭᠠᠯᠵᠠᠬᠤ ᠴᠢᠨᠠᠷᠳᠠᠢ᠂ ᠰᠠᠭᠤᠷᠢ ᠴᠢᠨᠠᠷᠳᠠᠢ᠂ ᠨᠠᠭᠠᠳᠤ | ᠵᠠᠬ᠎ᠠ ᠶᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠬᠦ | ᠬᠡᠷᠡᠭᠲᠠᠢ᠃ | ᠭᠦᠨᠵᠡᠭᠡᠢ ᠰᠤᠷᠭᠠᠮᠵᠢ ᠠᠪᠴᠤ ᠨᠢᠭᠡ ᠠᠴᠠ ᠬᠤᠶᠠᠷ ᠢ ᠵᠦᠢᠴᠢᠯᠠᠨ ᠰᠠᠷᠡᠮᠵᠢ ᠶᠢᠨ ᠲᠤᠬᠢᠶ᠎ᠠ ᠶᠢ ᠡᠬᠦᠷᠢᠳᠡ | ᠬᠠᠩᠬᠢᠨᠠᠭᠤᠯᠵᠤ᠂ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠦᠷᠨᠢᠭᠦᠯᠤᠨ ᠬᠡᠮ | ᠰᠤᠭᠤᠭ ᠢ ᠦᠨᠡᠨᠬᠦ ᠠᠷᠢᠯᠭᠠᠵᠦ᠂ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠤᠨ ᠦᠷᠭᠦᠯᠵᠢᠯᠡᠨ | ᠲᠤᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠠᠢ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ | ᠠᠵᠢᠯ ᠢ ᠭᠤᠶᠢᠪᠢᠰᠢ ᠦᠭᠡᠢ ᠰᠠᠶᠢᠳᠤᠷ ᠬᠢᠵᠦ᠂ ︽ᠦᠨᠳᠦᠰᠦᠳᠡᠨ ᠪᠦᠬᠦᠨ ᠨᠢᠭᠡ ᠭᠡᠷ ᠤᠨ ᠬᠦᠮᠦᠨ᠂ ᠪᠦᠬᠦ | ᠬᠡᠷ ᠢᠶᠠᠷ ᠢᠶᠠᠨ ᠴᠦᠮ ᠰᠠᠶᠢᠬᠠᠨ ᠠᠮᠢᠳᠤᠷᠠᠬᠤ︾ ᠣᠨᠣᠯᠵᠢᠬᠤᠨ ᠢ ᠬᠡᠵᠢᠶᠡᠳᠡ ᠪᠠᠷᠢᠮᠲᠠᠯᠠᠵᠦ᠂ ᠦᠨᠳᠦᠰᠦᠲᠡᠨ | ᠨᠦᠬᠦᠳ ᠬᠠᠮᠲᠦᠪᠡᠷ ᠪᠦᠯᠭᠦᠮᠲᠡᠨ ᠲᠡᠮᠡᠴᠡᠬᠦ ᠬᠠᠮᠲᠦᠪᠡᠷ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠲᠠᠢ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠤᠷᠢᠳᠤ ᠱᠠᠲᠤᠨ ᠤ ᠢᠯᠠᠯᠲᠠ ᠶᠢ ᠤᠯᠬᠤ ᠳᠤ ᠬᠦᠴᠦᠲᠠᠢ ᠪᠠᠲᠤᠯᠠᠭ᠎ᠠ ᠬᠠᠨᠭ᠍ᠭᠠᠬᠤ ᠬᠡᠷᠡᠭᠲᠠᠢ ᠬᠡᠪᠡ | ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠨᠠᠷᠢᠨ ᠪᠢᠴᠢᠭ ᠤᠨ | ᠳᠠᠷᠤᠭ᠎ᠠ ᠯᠦᠸᠧ ᠶᠦᠩ ᠭᠠᠩ ᠪᠠᠷ᠎ᠠ ᠪᠤᠯᠵᠦ ᠪᠠᠶᠢᠴᠠᠭᠠᠨ ᠰᠤᠳᠤᠯᠵᠠᠢ᠃ |