ᠯᠢ ᠵᠢᠢ ᠡᡁᠧᠩ᠄ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ ᠬᠦᠯᠥᠨ ᠪᠤᠶᠢᠷ  ᠤᠨ ᠬᠦᠭᠵᠢᠯᠳᠡ ᠶᠢᠨ ᠰᠢᠨ᠎ᠡ ᠪᠠᠶᠢᠳᠠᠯ ᠢ ᠬᠦᠴᠦᠯᠡᠨ ᠨᠡᠬᠡᠬᠡᠬᠦ ᠬᠡᠷᠡᠭᠳᠡᠢ
ᠨᠡᠶᠢᠲᠡᠯᠡᠭᠰᠡᠨ ᠴᠠᠭ᠄
2016-12-13
     12 ᠳ᠋ᠤᠭᠠᠷ ᠰᠠᠷ᠎ᠠ ᠶᠢᠨ 10 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠦᠯᠦᠨ ᠪᠤᠶᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠡᠸᠡᠩᠬᠢ ᠦᠨᠳᠤᠰᠤᠳᠡᠨ  ᠤ ᠰᠤᠮᠤ ᠶᠢᠨ ᠮᠦᠩᠬᠦᠨᠨᠠᠭᠤᠷ ᠭᠠᠴᠠᠭ᠎ᠠ ᠳᠤ ᠬᠦᠨᠵᠡᠬᠡᠶᠢᠷᠡᠨ ᠭᠠᠮᠰᠢᠭ ᠤᠨ ᠪᠠᠶᠢᠳᠠᠯ ᠢ ᠤᠢᠢᠯᠠᠭᠠᠵᠤ᠂ ᠡᠷᠦᠬᠡ ᠳᠤ ᠤᠷᠤᠵᠤ ᠮᠠᠯᠴᠢᠳ ᠤᠨ ᠠᠮᠢᠳᠤᠷᠠᠯ ᠢ ᠪᠠᠶᠢᠴᠠᠭᠠᠨ ᠦᠵᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠤᠢᠢᠷ᠎ᠠ ᠶᠢᠨ ᠡᠳᠤᠷ ᠬᠦᠯᠥᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠡ ᠬᠢᠬᠦ ᠳᠡᠭᠡᠨ ᠴᠢᠬᠤᠯᠠᠴᠢᠯᠠᠭᠰᠠᠠ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠥ ᠴᠤᠴᠠᠯᠳᠡ ᠦᠭᠡᠢ ᠤᠷᠤᠭᠰᠢᠯᠠᠵᠥ᠂ ᠬᠦᠯᠥᠨ ᠪᠤᠶᠢᠷ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠬᠦᠴᠦᠯᠡᠨ ᠨᠡᠬᠡᠬᠡᠬᠦ ᠬᠡᠷᠡᠭᠳᠡᠢ ᠬᠡᠪᠡ᠃      ᠬᠠᠬᠢᠷ ᠡᠪᠤᠯ ᠪᠤᠯᠤᠭᠰᠠᠨ᠎ᠠ ᠬᠦᠯᠥᠨ ᠪᠤᠶᠢᠷ ᠤᠨ ᠡᠬᠡ ᠭᠠᠵᠠᠷ ᠲᠤ ᠶᠡᠭᠡ ᠴᠠᠰᠤ ᠤᠷᠤᠵᠥ᠂ ᠲᠤᠰᠤᠯ ᠤᠰᠤ ᠲᠤᠤᠷ᠎ᠠ ᠪᠠᠨ ᠬᠦᠯᠳᠡᠨ ᠭᠠᠵᠠᠷ ᠪᠤᠯᠭᠠᠨ ᠳᠤ ᠮᠦᠩᠬᠦᠨ ᠬᠤᠶᠠᠭ ᠬᠡᠳᠦᠷᠡᠭᠰᠡᠡ ᠪᠠᠶᠢᠯ᠎ᠠ᠃ 12 ᠳ᠋ᠤᠭᠠᠷ ᠰᠠᠷ᠎ᠠ ᠶᠢᠨ 9 ᠠᠴᠠ 12 ᠤᠨ ᠡᠳᠤᠷ ᠪᠤᠯᠳᠠᠯ᠎ᠠ᠂ ᠯᠢ ᠵᠢᠢ ᠡᡁᠧᠩ ᠬᠠᠭᠤᠴᠢᠨ ᠪᠠᠷᠭᠤ ᠬᠤᠰᠢᠭᠤ᠂ ᠡᠷᠬᠦᠨ᠎ᠡ ᠬᠤᠳᠠ᠂ ᠬᠡᠬᠡᠨ ᠭᠤᠤᠯ ᠬᠤᠳᠠ᠂ ᠤᠷᠴᠤᠨ ᠤ ᠦᠪᠡᠷᠳᠡᠭᠡᠨ ᠵᠠᠰᠠᠬᠤ ᠬᠤᠰᠢᠭᠤ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠡ ᠬᠢᠵᠥ᠂ ᠦᠨᠳᠦᠰᠦᠨ ᠱᠠᠳᠤᠨ ᠤ ᠺᠠᠳ᠋ᠷ ᠪᠤᠯᠤᠨ ᠦᠨᠳᠦᠰᠦᠳᠡᠨ ᠨᠦᠭᠦᠳ ᠤᠨ ᠤᠯᠠᠨ ᠲᠦᠮᠡᠨ ᠲᠠᠢ ᠨᠢᠭᠤᠷᠳᠡᠨ ᠶᠠᠷᠢᠯᠴᠠᠵᠥ᠂ ᠭᠠᠮᠰᠢᠭᠳᠠᠭᠰᠠᠠ ᠮᠠᠯᠵᠢᠬᠤ ᠡᠷᠦᠬᠡ ᠪᠤᠯᠤᠨ ᠰᠢᠭᠤᠢᠢᠳᠤ ᠤᠷᠤᠨ ᠤ ᠡᠮᠤᠨ᠎ᠡ ᠹᠷᠤᠨᠲ ᠤᠨ ᠠᠵᠢᠯᠳᠠᠨ ᠠᠵᠢᠯᠴᠢᠨ ᠢ ᠡᠷᠬᠢᠨ ᠲᠤᠬᠤᠨᠢᠭᠤᠯᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠡᠨᠡ ᠵᠤᠨ ᠬᠦᠯᠦᠨ ᠪᠤᠶᠢᠷ ᠬᠤᠲᠠ ᠬᠦᠨᠳᠦ ᠨᠤᠴᠢᠲᠠᠢ ᠭᠠᠩ ᠤᠨ ᠭᠠᠮᠰᠢᠭ ᠲᠤ ᠲᠠᠭᠠᠷᠢᠭᠳᠠᠪᠠ᠃ ᠯᠢ ᠵᠢᠢ ᠾᠧᠩ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠠᠯ ᠠᠮᠢᠳᠤᠷᠠᠯ ᠢ ᠶᠠᠷᠤᠨᠢ ᠰᠡᠳᠬᠢᠯ ᠳᠡᠭᠡᠨ ᠪᠤᠳᠤᠵᠤ ᠪᠠᠶᠢᠵᠠᠢ᠃ ᠲᠡᠷᠡ ᠬᠠᠭᠤᠴᠢᠨ ᠪᠠᠷᠭᠤ ᠬᠤᠰᠢᠭᠤᠨ ᠤ ᠡᠸ᠋ᠨᠩᠬᠢ ᠦᠨᠳᠦᠰᠦᠲᠡᠨ ᠤ ᠰᠤᠮᠤ ᠶᠢᠨ ᠮᠦᠩᠭᠦᠨᠨᠠᠭᠤᠷ ᠭᠠᠴᠠᠭ᠎ᠠ ᠳᠤ ᠬᠦᠷᠴᠤ᠂ ᠮᠠᠯᠴᠢᠨ ᠮᠢᠵᠢᠳᠳᠤᠷᠵᠢ ᠶᠢᠨ ᠮᠠᠯ ᠤᠨ ᠬᠠᠰᠢᠶ᠎ᠠ ᠰᠠᠷᠠᠪᠴᠢᠨ ᠳᠤ ᠤᠷᠤᠵᠤ᠂ ᠲᠡᠵᠢᠭᠡᠯ ᠡᠪᠡᠰᠤ ᠶᠢᠨ ᠨᠦᠭᠡᠴᠡ ᠶᠢᠨ ᠪᠠᠶᠢᠳᠠᠯ ᠢ ᠨᠢ ᠨᠠᠷᠢᠨ ᠤᠢᠢᠯᠠᠭᠠᠪᠠ᠃ ᠯᠢ ᠵᠢᠢ ᠾᠧᠩ ᠮᠠᠯᠴᠢᠨ ᠪᠠᠯᠵᠢᠨᠢᠮ᠎ᠠ ᠶᠢᠨ ᠭᠡᠷ ᠲᠤ ᠤᠷᠤᠮᠠᠭᠴᠠ ᠳᠤᠯᠠᠭᠠᠯᠠᠮᠵᠢ ᠨᠢ ᠬᠠᠯᠠᠭᠤᠨ ᠡᠰᠡᠬᠦ ᠶᠢ ᠲᠡᠮᠲᠡᠷᠢᠨ ᠦᠵᠡᠵᠦ᠂ ᠡᠪᠦᠯ ᠢ ᠦᠩᠭᠡᠷᠡᠬᠦ ᠳᠤ ᠪᠠᠰᠠ ᠶᠠᠭᠤ ᠳᠤᠲᠠᠭᠳᠠᠵᠤ ᠪᠠᠶᠢᠬᠤ ᠶᠢ ᠨᠢ ᠯᠠᠪᠯᠠᠨ ᠠᠰᠠᠭᠤᠵᠠᠢ᠃ ᠮᠠᠯᠴᠢᠳ ᠤᠨ ᠠᠮᠢᠳᠤᠷᠠᠯ ᠲᠤᠯᠠᠭᠠᠨ ᠲᠠᠭᠠᠳᠠᠢ᠂ ᠮᠠᠯ  ᠤᠨ ᠲᠡᠵᠢᠭᠡᠯ ᠡᠪᠡᠰᠤ ᠭᠦᠢᠴᠡᠳ᠂ ᠡᠪᠦᠯ ᠢ ᠦᠩᠭᠡᠷᠡᠬᠦ ᠳᠤ ᠪᠠᠲᠤᠯᠠᠭ᠎ᠠ ᠲᠠᠢ ᠪᠠᠶᠢᠬᠤ ᠶᠢ ᠤᠯᠵᠤ ᠮᠡᠳᠡᠭᠡᠳ ᠯᠢ ᠵᠢᠢ ᠾᠧᠩ ᠶᠡᠬᠡᠪᠡᠷ ᠪᠠᠶᠠᠷᠯᠠᠵᠠᠢ᠃ ᠶᠠᠪᠤᠬᠤ ᠠᠴᠠ ᠪᠠᠨ ᠡᠮᠦᠨ᠎ᠡ᠂ ᠲᠤᠭᠤᠭᠠᠨ ᠭᠡᠷ ᠲᠤᠨᠢ ᠲᠤᠰᠬᠠᠢ ᠤᠷᠤᠵᠤ ᠬᠠᠯᠠᠭᠤᠨ ᠠᠭᠤᠷ ᠰᠡᠪᠰᠠᠯᠠᠭᠰᠠᠨ ᠰᠦ ᠲᠠᠢ ᠴᠠᠢ ᠶᠢ ᠨᠢ ᠬᠠᠷᠠᠭᠠᠳ ᠯᠢ ᠵᠢᠢ ᠾᠧᠩ ᠬᠦᠨ ᠰᠡᠳᠬᠢᠯᠭᠡ ᠲᠠᠢ ᠪᠠᠷ ᠬᠡᠯᠡᠭᠰᠡᠨ ᠨᠢ᠂ ᠰᠦ ᠲᠠᠢ ᠴᠠᠢ ᠶᠢᠨ ᠬᠠᠩᠬᠤᠯᠤᠭᠰᠠᠨ ᠦᠨᠦᠷ ᠭᠡᠷ ᠪᠦᠯᠢ ᠶᠢᠨ ᠬᠠᠯᠠᠭᠤᠨ ᠳᠤᠯᠠᠭᠠᠨ ᠢ ᠰᠠᠨᠠᠬᠳᠠᠭᠤᠯᠤᠨ᠎ᠠ᠃ ᠰᠦ ᠲᠠᠢ ᠴᠠᠢ ᠪᠤᠯ ᠳᠠᠷᠤᠢ ᠡᠵᠢ ᠶᠢᠨ ᠬᠠᠯᠠᠮᠵᠢ᠂ ᠰᠦ ᠲᠠᠢ ᠴᠠᠢ ᠪᠤᠯ ᠳᠠᠷᠤᠢ ᠡᠬᠡ ᠨᠤᠳᠤᠭ ᠶᠤᠮ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠭᠠᠮᠰᠢᠭᠳᠠᠭᠰᠠᠨ ᠤᠯᠠᠨ ᠲᠦᠮᠡᠨ ᠪᠤᠯᠤᠨ ᠬᠦᠴᠢᠷᠳᠡᠯᠲᠡᠢ ᠤᠯᠠᠨ ᠲᠦᠮᠡᠨ ᠤ ᠠᠮᠤᠷ ᠲᠦᠪᠰᠢᠨ ᠬᠠᠯᠠᠭᠤᠨ ᠳᠤᠯᠠᠭᠠᠨ ᠢ ᠰᠡᠳᠬᠢᠯ ᠳᠡᠭᠡᠨ ᠳᠡᠭᠡᠳᠦᠯᠡᠵᠦ᠂ ᠮᠦᠷᠦᠨ ᠳᠡᠭᠡᠨ ᠲᠠᠯᠪᠢᠨ᠂ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠤᠯᠠᠨ ᠲᠦᠮᠡᠨ ᠪᠤᠯᠤᠨ ᠬᠦᠴᠢᠷᠳᠡᠯᠲᠡᠢ ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠲᠠᠭᠠᠯᠠᠮᠵᠢᠳᠠᠢ ᠪᠠᠷ ᠡᠪᠦᠯ ᠢ ᠦᠩᠭᠡᠷᠡᠬᠦ ᠶᠢ ᠪᠠᠲᠤᠯᠠᠬᠤ ᠬᠡᠷᠡᠭᠲᠡᠢ ᠬᠡᠪᠡ᠃      ᠯᠢ ᠵᠢᠢ ᠾᠧᠩ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠦᠮᠴᠢᠯᠡᠯ ᠤᠨ ᠰᠢᠭᠤᠢᠢᠳᠦ ᠤᠷᠤᠨ ᠤ ᠦᠭᠡᠷᠡᠴᠢᠯᠡᠯᠲᠡ ᠨᠡᠭᠡᠭᠡᠯᠲᠡ ᠶᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠨ᠎ᠡ᠃ ᠴᠤᠭᠴᠠ ᠶᠢᠨ ᠤᠢ ᠰᠢᠭᠤᠢ ᠶᠢ ᠠᠷᠠᠴᠢᠯᠠᠨ ᠪᠤᠶᠢᠵᠢᠭᠤᠯᠬᠤ ᠠᠵᠢᠯ ᠤᠨ ᠴᠢᠭ᠋ ᠲᠤ᠂ ᠯᠢ ᠵᠢᠢ ᠾᠧᠩ ᠭᠦᠨ ᠵᠤᠵᠠᠭᠠᠨ ᠬᠦᠷ ᠴᠠᠰᠤ ᠶᠢ ᠬᠢᠰᠬᠢᠯᠡᠡ ᠢᠭᠴᠤ ᠤᠢ ᠳᠤ ᠠᠯᠬᠤᠨ ᠤᠷᠤᠵᠤ᠂ ᠠᠵᠢᠯᠴᠢᠳ ᠤᠨ ᠪᠠᠶᠢᠷᠢ ᠶᠢᠨ ᠭᠡᠷ ᠪᠠ ᠲᠤᠭᠤᠭᠠᠨ ᠭᠡᠷ ᠲᠤ ᠤᠷᠤᠵᠤ᠂ ᠤᠢ ᠰᠢᠭᠤᠢ ᠶᠢ ᠠᠷᠠᠴᠢᠯᠠᠨ ᠪᠤᠶᠢᠵᠢᠭᠤᠯᠬᠤ ᠠᠵᠢᠯ ᠢ ᠬᠢᠵᠤ ᠪᠠᠶᠢᠭ᠎ᠠ ᠠᠵᠢᠯᠴᠢᠳ ᠲᠠᠢ ᠲᠤᠳᠤᠨᠤ ᠪᠠᠷ ᠶᠠᠷᠢᠯᠴᠠᠨ ᠮᠤᠳᠤ ᠤᠭᠲᠤᠯᠬᠤ ᠶᠢ ᠪᠦᠬᠦ ᠲᠠᠯ᠎ᠠ ᠪᠠᠷ ᠵᠤᠭᠰᠤᠭᠠᠭᠰᠠᠨ ᠤ ᠳᠠᠷᠠᠭᠠᠬᠢ ᠦᠢᠯᠡᠳᠪᠦᠷᠢᠯᠠᠯ ᠠᠮᠢᠳᠤᠷᠠᠯ ᠤᠨ ᠪᠠᠶᠢᠳᠠᠯ ᠢ ᠨᠢ ᠯᠠᠪᠯᠠᠨ ᠠᠰᠠᠭᠤᠪᠠ᠃ ᠦ᠋ ᠯᠢ ᠺᠦ᠋ ᠮᠠ ᠤᠢ ᠰᠢᠭᠤᠢ ᠶᠢᠨ ᠬᠠᠮᠢᠶᠠᠷᠤᠯᠲᠠ ᠶᠢᠨ ᠭᠠᠵᠠᠷ ᠲᠤ᠂ ᠯᠢ ᠵᠢᠢ ᠾᠧᠩ ᠠᠵᠤ ᠠᠬᠤᠢᠢᠯᠠᠯ ᠤᠨ ᠬᠡᠯᠪᠡᠷᠢ ᠶᠢ ᠬᠤᠪᠢᠷᠠᠭᠤᠯᠤᠨ ᠬᠦᠭᠵᠢᠬᠦ ᠪᠠᠶᠢᠳᠠᠯ ᠢ ᠲᠤᠬᠠᠢ ᠭᠠᠵᠠᠷ ᠲᠤᠨᠢ ᠤᠢᠢᠯᠠᠭᠠᠵᠠᠢ᠃ ᠯᠢ ᠵᠢᠢ ᠾᠧᠩ ᠬᠡᠯᠡᠭᠰᠡᠨ ᠨᠢ᠂ ᠪᠤᠬᠢᠷᠳᠤᠯ ᠦᠭᠡᠢ ᠪᠤᠯ ᠦᠪᠦᠷ ᠮᠤᠩᠭᠤᠯ ᠤᠨ ᠦᠪᠡᠷᠮᠢᠴᠡ ᠲᠠᠪᠠᠭᠤᠯᠢᠭ ᠪᠦᠭᠡᠳ ᠦᠨ᠎ᠠ ᠦᠷᠲᠡᠭ᠂ ᠠᠮᠢ ᠠᠬᠤᠢ ᠪᠤᠯ ᠦᠪᠦᠷ ᠮᠤᠩᠭᠤᠯ ᠤᠨ ᠬᠠᠷᠢᠭᠤᠴᠠᠯᠭ᠎ᠠ ᠪᠦᠭᠡᠳ ᠳᠠᠯᠳᠠ ᠬᠦᠴᠦᠨ ᠮᠦᠨ᠃ ᠠᠮᠢ ᠠᠬᠤᠢ ᠶᠢ ᠬᠠᠮᠠᠭᠠᠯᠠᠬᠤ ᠪᠤᠯᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠶᠢ ᠬᠠᠮᠲᠦ ᠳᠤᠨᠢ ᠠᠳᠬᠤᠵᠤ᠂ ᠮᠤᠳᠤᠨ  ᠮᠠᠲ᠋ᠧᠷᠢᠶᠠᠯ ᠢ ᠨᠠᠷᠢᠯᠢᠭ ᠪᠤᠯᠪᠠᠰᠤᠷᠠᠭᠤᠯᠬᠤ᠂ ᠦᠪᠡᠷᠮᠢᠴᠡ ᠤᠨᠴᠠᠯᠢᠭ ᠲᠠᠢ ᠠᠵᠤ ᠠᠬᠤᠢ ᠶᠢᠨ ᠤᠢ᠂ ᠤᠢ ᠰᠢᠭᠤᠢ ᠶᠢᠨ ᠵᠤᠭᠠᠴᠠᠯ ᠵᠡᠷᠭᠡ ᠪᠤᠬᠢᠷᠳᠤᠯ ᠦᠭᠡᠢ ᠪᠠᠷ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠬᠡᠪᠡᠷ ᠬᠦᠭᠵᠢᠭᠦᠯᠵᠤ᠂ ᠰᠢᠭᠤᠢᠢᠲᠦ ᠤᠷᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠷᠦ ᠶᠢᠨ ᠪᠤᠳᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ ᠤᠯᠤᠰ ᠤᠨ ᠦᠮᠴᠢᠯᠡᠯ ᠤᠨ ᠰᠢᠭᠤᠢᠢᠲᠦ ᠤᠷᠤᠨ ᠤ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠭᠤᠢᠢᠲᠦ ᠤᠷᠤᠨ ᠤ ᠵᠠᠮ ᠬᠠᠷᠢᠯᠴᠠᠭᠠᠨ ᠤ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃ ᠲᠡᠷᠡ ᠲᠤᠬᠠᠢ ᠶᠢᠨ ᠭᠠᠵᠠᠷ ᠤᠨ ᠺᠠᠳ᠋ᠷᠴᠤᠳ ᠲᠤ ᠵᠠᠬᠢᠭᠰᠠᠨ ᠨᠢ᠂ ᠰᠢᠭᠤᠢᠢᠲᠦ ᠤᠷᠤᠨ ᠤ ᠠᠵᠢᠯᠲᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠦᠭᠡᠷᠡᠴᠢᠯᠡᠯᠲᠡ ᠶᠢᠨ ᠳᠠᠷᠠᠭᠠᠬᠢ ᠤᠯᠠᠨ ᠲᠦᠮᠡᠨ ᠤ ᠠᠵᠢᠯ ᠤᠯᠭᠤᠯᠲᠠ᠂ ᠡᠮ ᠡᠮᠨᠡᠯᠬᠡ᠂ ᠤᠷᠤᠨ ᠰᠠᠭᠤᠴᠠ᠂ ᠦᠷ᠎ᠠ ᠬᠡᠤᠬᠡᠳ ᠤᠨ ᠬᠢᠨᠢ ᠰᠤᠷᠭᠠᠭᠤᠯᠢ ᠳᠤ ᠤᠷᠤᠬᠤ ᠵᠡᠷᠭᠡ ᠠᠰᠠᠭᠤᠳᠠᠯ ᠢ ᠵᠠᠪᠠᠯ ᠰᠠᠶᠢᠲᠤᠷ ᠰᠢᠢᠳᠪᠦᠷᠢᠯᠡᠬᠦ ᠬᠡᠷᠡᠭᠲᠡᠢ ᠬᠡᠵᠠᠢ᠃ ᠪᠦᠷᠦᠢ ᠲᠠᠰᠤᠷᠠᠬᠤ ᠦᠶ᠎ᠠ ᠪᠠᠷ᠂ ᠯᠢ ᠵᠢᠢ ᠾᠧᠩ ᠠᠵᠢᠯᠴᠢᠳ ᠲᠠᠢ ᠨᠢᠭᠡᠳ ᠨᠢᠭᠡ ᠪᠠᠷ ᠭᠠᠷ ᠠᠳᠬᠤᠨ ᠰᠠᠯᠬᠤ ᠶᠤᠰᠤ ᠭᠦᠢᠴᠡᠳᠭᠡᠪᠡ᠃ ᠠᠵᠢᠯᠴᠢᠳ ᠤᠨ ᠡᠪᠡᠷᠰᠢᠭᠰᠡᠨ ᠭᠠᠷ ᠢ ᠠᠳᠬᠤᠭᠠᠳ ᠯᠢ ᠵᠢᠢ ᠾᠧᠩ᠄ ︽ᠲᠠᠨᠠᠷ ᠬᠠᠬᠢᠷ ᠬᠦᠢᠲᠡᠨ ᠢ ᠲᠡᠰᠪᠤᠷᠢᠯᠡᠨ ᠬᠡᠬᠡᠷ᠎ᠠ ᠭᠠᠳᠠᠨ᠎ᠠ ᠤᠷᠲᠦ ᠬᠤᠭᠤᠴᠠᠭ᠎ᠠ ᠪᠠᠷ ᠠᠵᠢᠯᠯᠠᠵᠤ᠂ ᠲᠦᠢᠯ ᠤᠨ ᠬᠠᠳᠠᠭᠤᠵᠢᠯᠲᠠᠢ ᠪᠠᠶᠢᠭ᠎ᠠ ᠶᠤᠮ᠃ ᠤᠯᠠᠨ ᠵᠢᠯ ᠢᠶᠠᠷ ᠤᠢ ᠰᠢᠭᠤᠢ ᠶᠢ ᠰᠠᠬᠢᠭᠰᠠᠨ ᠠᠵᠢᠯᠴᠢᠨ ᠲᠠᠨᠠᠷ ᠲᠤ ᠪᠢ ᠴᠢᠩ ᠰᠡᠳᠭᠢᠯ ᠤᠨ ᠮᠡᠨᠳᠦᠴᠢᠯᠡᠯ ᠢᠶᠠᠨ ᠳᠡᠪᠰᠢᠭᠦᠯᠵᠤ᠂ ᠲᠠᠨᠠᠷ ᠲᠤ ᠶᠤᠰᠤᠯᠠᠵᠤ ᠪᠠᠶᠢᠨ᠎ᠠ ︕︾ ᠭᠡᠵᠤ ᠰᠡᠳᠬᠢᠯ ᠳᠤᠭᠳᠤᠯᠤᠨ ᠬᠡᠯᠡᠪᠡ᠃      ᠪᠦᠬᠦ᠋ᠢᠯᠡ ᠤᠷᠤᠨ ᠪᠦᠰᠡ ᠶᠢᠨ ᠵᠤᠭᠠᠴᠠᠯ᠂ ᠳᠦᠷᠪᠡᠨ ᠤᠯᠠᠷᠢᠯ ᠤᠨ ᠵᠤᠭᠠᠴᠠᠯ ᠢ ᠶᠡᠬᠡᠪᠡᠷ ᠬᠦᠭᠵᠢᠭᠦᠯᠬᠦ ᠪᠤᠯ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠴᠢᠬᠤᠯᠠ ᠠᠭᠤᠯᠭ᠎ᠠ ᠪᠤᠯᠤᠨ᠎ᠠ᠃ ᠯᠢᠯᠢᠶᠠ ᠲᠠᠯᠬ᠎ᠠ ᠶᠢᠨ ᠰᠤᠶᠤᠯ ᠤᠨ ᠬᠦᠷᠢᠶᠡᠯᠠᠩ᠂ ᠭᠡᠭᠡᠨ ᠭᠤᠤᠯ ᠤᠨ ᠠᠮᠠᠷᠠᠯᠲᠠ ᠶᠢᠨ ᠡᠳᠤᠷ ᠤᠨ ᠵᠤᠭᠠᠴᠠᠯ ᠤᠨ ᠺᠤᠮᠫᠠᠨᠢ᠂ ᠤᠯᠭᠤᠶᠠ  ᠶᠢᠨ ᠡᠸᠡᠩᠭᠢ ᠶᠢᠨ ᠪᠤᠭᠤ ᠰᠤᠷᠭᠠᠬᠤ ᠰᠤᠶᠤᠯ ᠤᠨ ᠮᠦᠽᠸᠢ ᠪᠤᠯᠤᠨ ︽ᠡᠷᠲᠡᠨ ᠤ ᠠᠶᠢᠮᠠᠭ︾ ᠤᠨ ᠦᠵᠡᠮᠵᠢ ᠶᠢᠨ ᠤᠷᠤᠨ᠂ ᠲᠤᠪᠠ ᠰᠢᠶᠠᠨᠪᠸᠢ ᠶᠢᠨ ᠲᠡᠤᠬᠡ ᠰᠤᠶᠤᠯ ᠤᠨ ᠬᠦᠷᠢᠶᠡᠯᠡᠩ ᠳᠤ᠂ ᠯᠢ ᠵᠢᠢ ᠾᠧᠩ ᠵᠢᠭᠠᠵᠤ ᠭᠠᠷᠭᠠᠭᠰᠠᠨ ᠨᠢ᠂ ᠬᠦᠯᠦᠨ ᠪᠤᠶᠢᠷ ᠲᠤ ᠲᠤᠮᠤ ᠲᠠᠯ᠎ᠠ ᠨᠤᠲᠤᠭ᠂ ᠲᠤᠮᠤ ᠤᠢ ᠰᠢᠭᠤᠢ᠂ ᠲᠤᠮᠤ ᠨᠠᠭᠤᠷ ᠪᠦᠷᠢᠳᠦ ᠲᠠᠢ᠂ ᠭᠦᠨ ᠵᠤᠵᠠᠭᠠᠨ ᠦᠨᠳᠦᠰᠦᠲᠡᠨ ᠤ ᠰᠤᠶᠤᠯ ᠪᠠ ᠭᠠᠳᠠᠭᠠᠳᠦ ᠤᠯᠤᠰ ᠤᠨ ᠵᠠᠩ ᠦᠢᠯᠡ ᠲᠠᠢ ᠪᠠᠶᠢᠵᠤ᠂ ᠵᠤᠨ ᠤ ᠤᠯᠠᠷᠢᠯ ᠳᠤ ᠬᠤᠸᠠᠷ ᠴᠡᠴᠡᠭ ᠳᠡᠯᠭᠡᠷᠡᠨ ᠡᠪᠦᠯ ᠤᠨ ᠤᠯᠠᠷᠢᠯ ᠳᠤ ᠴᠠᠰᠤ ᠮᠦᠰᠦᠨ ᠳᠤ ᠬᠤᠴᠢᠭᠳᠠᠨᠳᠠᠭ᠃ ᠡᠳᠡᠭᠡᠷ ᠪᠤᠯ ᠵᠤᠭᠠᠴᠠᠯ ᠤᠨ ᠦᠢᠯᠡᠰ ᠢ ᠬᠦᠭᠵᠢᠭᠦᠯᠬᠦ ᠦᠪᠡᠷᠮᠢᠴᠠ ᠳᠠᠪᠠᠭᠤᠯᠢᠭ ᠶᠤᠮ᠃ ᠪᠦᠬᠦ᠋ᠢᠯᠡ ᠤᠷᠤᠨ ᠪᠦᠰᠠ ᠶᠢᠨ ᠵᠤᠭᠠᠴᠠᠯ ᠢ ᠬᠦᠭᠵᠢᠬᠦᠯᠬᠦ ᠪᠠᠷ ᠴᠢᠭᠯᠡᠯ ᠪᠤᠯᠭᠠᠨ ᠲᠦᠷᠪᠡᠨ ᠤᠯᠠᠷᠢᠯ ᠤᠨ ᠵᠤᠭᠠᠴᠠᠯ  ᠢ ᠲᠤᠤᠱᠯᠠᠭᠤᠯᠬᠤ ᠪᠠᠷ ᠭᠤᠤᠯᠳᠠᠯᠭ᠎ᠠ ᠪᠤᠯᠭᠠᠵᠤ᠂ ᠵᠤᠭᠠᠴᠠᠯ ᠢ ᠰᠤᠶᠤᠯ ᠯᠤᠭ᠎ᠠ ᠠᠭᠤᠰᠤᠯᠴᠠᠭᠤᠯᠬᠤ᠂ ᠤᠳᠤ ᠦᠶ᠎ᠠ  ᠶᠢᠨ ᠰᠢᠨᠵᠢᠯᠡᠬᠦ ᠤᠬᠠᠭᠠᠨ ᠮᠡᠷᠬᠡᠵᠢᠯ ᠯᠦᠭᠡ ᠠᠭᠤᠰᠤᠯᠴᠠᠭᠤᠯᠬᠤ ᠶᠢ ᠠᠬᠢᠭᠤᠯᠵᠤ᠂ ᠭᠤᠤᠯᠳᠠᠭᠤ ᠵᠤᠨ ᠤ ᠤᠯᠠᠷᠢᠯ  ᠤᠨ ᠵᠤᠭᠠᠴᠠᠯ ᠠᠴᠠ ᠲᠦᠷᠪᠡᠨ ᠤᠯᠠᠷᠢᠯ ᠤᠨ ᠵᠤᠭᠠᠴᠠᠯ ᠲᠡᠰᠢ ᠬᠤᠪᠢᠷᠠᠭᠤᠯᠬᠤ᠂ ᠦᠵᠡᠮᠵᠢᠳᠤ ᠤᠷᠤᠨ ᠤ ᠵᠤᠭᠠᠴᠠᠯ ᠠᠴᠠ ᠪᠦᠬᠦ᠋ᠢᠯᠡ ᠤᠷᠤᠨ ᠪᠦᠰᠡ ᠶᠢᠨ ᠵᠤᠭᠠᠴᠠᠯ ᠲᠡᠰᠢ ᠬᠤᠪᠢᠷᠠᠭᠤᠯᠬᠤ ᠢᠢ ᠪᠡᠶᠡᠯᠡᠬᠦᠯᠬᠦ ᠭᠡᠷᠡᠭᠳᠠᠢ᠃ ᠤᠳᠤᠬᠠᠨ ᠳᠤ ᠡᠪᠤᠯ ᠤᠨ ᠤᠯᠠᠷᠢᠯ ᠤᠨ ᠴᠠᠰᠤ ᠮᠦᠰᠤᠨ ᠤ ᠵᠤᠭᠠᠴᠠᠯ ᠢ ᠬᠦᠴᠤᠯᠠᠨ ᠠᠳᠬᠤᠵᠤ᠂ ᠦᠷᠬᠡᠨ ᠠᠭᠤᠳᠠᠮ ᠴᠠᠰᠤᠳᠤ ᠤᠢ   ᠶᠢ ᠦᠪᠡᠷᠮᠢᠴᠠ ᠤᠨᠴᠠᠯᠢᠬ ᠲᠠᠢ ᠵᠤᠭᠠᠴᠠᠯ ᠤᠨ ᠡᠬᠢ ᠪᠠᠶᠠᠯᠢᠬ ᠪᠤᠯᠭᠠᠨ᠂ ᠴᠠᠰᠤᠳᠤ ᠤᠢ ᠮᠦᠰᠤᠳᠤ ᠶᠢᠷᠳᠢᠨᠴᠤ ᠶᠢ ᠠᠯᠳᠠᠨ ᠮᠦᠩᠬᠦᠨ ᠠᠭᠤᠯᠠ ᠪᠤᠯᠭᠠᠬᠤ ᠪᠠᠷ ᠴᠢᠷᠮᠠᠶᠢᠬᠤ ᠭᠡᠷᠡᠭᠳᠠᠢ ᠬᠡᠪᠡ᠃      ᠦᠪᠡᠷᠳᠡᠬᠡᠨ ᠵᠠᠰᠠᠬᠤ ᠤᠷᠤᠨ ᠤ ︽ᠭᠤᠷᠪᠠᠨ ᠴᠦᠬᠡᠨ ᠲᠤᠭᠠᠳᠤ ᠦᠨᠳᠤᠰᠤᠳᠠᠨ︾ ᠴᠦᠮ ᠬᠦᠯᠤᠨ ᠪᠤᠶᠢᠷ ᠬᠤᠳᠠ ᠳᠤ ᠲᠦᠪᠯᠡᠷᠡᠵᠤ ᠪᠠᠶᠢᠨ᠎ᠠ᠃ ᠬᠠᠭᠤᠴᠢᠨ ᠪᠠᠷᠭᠤ ᠬᠤᠰᠢᠭᠤᠨ ᠤ ᠡᠸᠡᠩᠬᠢ ᠦᠨᠳᠤᠰᠤᠳᠠᠨ   ᠤ ᠰᠤᠮᠤ᠂ ᠬᠡᠬᠡᠨ ᠭᠤᠤᠯ ᠬᠤᠳᠠ ᠶᠢᠨ ᠤᠯᠭᠤᠶᠠ ᠡᠸᠡᠩᠬᠢ ᠦᠨᠳᠤᠰᠤᠳᠠᠨ ᠤ ᠰᠢᠶᠠᠩ ᠪᠤᠯᠤᠨ ᠤᠷᠴᠤᠨ ᠤ ᠦᠪᠡᠷᠳᠡᠬᠡᠨ ᠵᠠᠰᠠᠬᠤ ᠬᠤᠰᠢᠭᠤᠨ ᠳᠤ᠂ ᠯᠢ ᠵᠢᠢ ᠡᡁᠧᠩ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠲᠠᠢ ᠳᠤᠳᠤᠨᠤ ᠪᠠᠷ ᠶᠠᠷᠢᠯᠴᠠᠵᠤ᠂ ᠬᠦᠮᠤᠨ ᠠᠮᠠ ᠪᠠᠷ ᠨᠡᠯᠢᠶᠡᠳ ᠴᠦᠬᠡᠨ ᠦᠨᠳᠤᠰᠤᠳᠠᠨ ᠤ ᠤᠢᠢᠯᠡᠳᠪᠤᠷᠢᠯᠡᠯ ᠠᠮᠢᠳᠤᠷᠠᠯ ᠢ ᠨᠠᠷᠢᠨ ᠤᠢᠢᠯᠠᠭᠠᠵᠤ᠂ ᠤᠯᠭᠤᠶᠠ ᠡᠸᠡᠩᠬᠢ ᠦᠨᠳᠤᠰᠤᠳᠠᠨ ᠤ ᠠᠩᠴᠢᠨ ᠠᠷᠠᠳ ᠤᠨ ᠰᠢᠯᠢᠳᠡᠭ ᠲᠦᠯᠤᠬᠡᠯᠡᠭᠴᠢ ᠮᠠᠯᠢᠶᠠ · ᠰᠦᠸᠧ ᠨᠠᠰᠤᠳᠠᠨ ᠲᠠᠢ ᠭᠡᠷ ᠤᠨ ᠵᠤᠭᠤᠬ ᠲᠡᠯᠬᠡᠪᠠ᠃ ᠯᠢ ᠵᠢᠢ ᠡᡁᠧᠩ ᠴᠢᠬᠤᠯᠠᠴᠢᠯᠠᠭᠰᠠᠨ ᠨᠢ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠪᠤᠯᠤᠨ ᠦᠷᠬᠡᠨ ᠤᠯᠠᠨ ᠤᠳᠤᠷᠢᠳᠬᠤ ᠺᠠᠳ᠋ᠷ ᠨᠢᠳᠤᠨ ᠴᠡᠴᠡᠬᠡᠢ ᠪᠠᠨ ᠬᠠᠮᠠᠭᠠᠯᠠᠬᠤ ᠰᠢᠬ ᠢᠶᠠᠷ ᠦᠨᠳᠤᠰᠤᠳᠠᠨ ᠤ ᠪᠦᠯᠬᠦᠮᠳᠡᠯ ᠢ ᠬᠠᠮᠠᠭᠠᠯᠠᠵᠤ ᠠᠮᠢ ᠨᠠᠰᠤ ᠪᠠᠨ ᠨᠠᠨᠳᠢᠩᠨᠡᠬᠤ ᠰᠢᠬ ᠢᠶᠠᠷ ᠦᠨᠳᠤᠰᠤᠳᠠᠨ  ᠤ ᠪᠦᠯᠬᠦᠮᠳᠡᠯ ᠢ ᠨᠠᠨᠳᠢᠩᠨᠠᠵᠤ᠂ ᠬᠦᠨ ᠵᠤᠵᠠᠭᠠᠨ ᠬᠠᠶᠢᠷ᠎ᠠ ᠰᠡᠳᠬᠢᠯᠬᠡ ᠲᠠᠢ ᠪᠠᠷ ᠨᠠᠮ ᠪᠤᠯᠤᠨ ᠤᠯᠤᠰ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠶᠠᠨ ᠳᠤ ᠨᠢᠬᠡ ᠭᠠᠵᠠᠷ ᠤᠷᠤᠨ᠂ ᠨᠢᠬᠡ ᠦᠨᠳᠤᠰᠤᠳᠠᠨ ᠢ ᠴᠤ ᠡᠩᠨᠡᠭᠡ ᠠᠴᠠ ᠪᠠᠨ ᠬᠡᠬᠡᠭᠳᠡᠬᠦᠯᠵᠤ ᠪᠤᠯᠬᠤᠦᠬᠡᠢ ᠬᠡᠯ᠎ᠠ᠃      ᠪᠠᠶᠢᠴᠭᠠᠠᠨ ᠰᠤᠳᠤᠯᠤᠯᠳᠠ ᠶᠢᠨ ᠬᠤᠭᠤᠴᠠᠭᠠᠨ ᠳᠤ᠂ ᠯᠢ ᠵᠢᠢ ᠡᡁᠧᠩ ᠬᠦᠯᠤᠨ ᠪᠤᠶᠢᠷ ᠬᠤᠳᠠ ᠪᠤᠯᠤᠨ ᠤᠢ ᠰᠢᠭᠤᠢ ᠶᠢᠨ ᠠᠵᠥ ᠦᠢᠯᠡᠳᠪᠤᠷᠢ ᠶᠢᠨ ᠪᠦᠯᠦᠭᠯᠡᠯ ᠤᠨ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ ᠲᠡᠳᠡᠨ ᠤ ᠤᠯᠤᠬᠰᠠᠨ ᠠᠵᠢᠯ ᠤᠨ ᠠᠮᠵᠢᠯᠳᠠ ᠶᠢ ᠬᠦᠢᠴᠡᠳ ᠨᠤᠳᠠᠯᠠᠪᠠ᠃ ᠲᠡᠷᠡ ᠴᠢᠬᠤᠯᠠᠴᠢᠯᠠᠭᠰᠠᠨ ᠨᠢ᠂ ᠨᠠᠮ  ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠪᠤᠯᠤᠨ ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠪᠤᠳᠠᠲᠦ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ ᠪᠠᠷ ᠰᠠᠶᠢᠲᠤᠷ ᠠᠳᠬᠤᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ  ᠢ ᠪᠠᠲᠤᠯᠠᠨ ᠰᠠᠶᠢᠵᠢᠷᠠᠭᠤᠯᠬᠤ ᠵᠡᠷᠭᠡ ᠬᠦᠷᠢᠶᠡᠨ ᠳᠤ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠲᠦᠯᠦᠪᠯᠡᠨ ᠠᠬᠢᠭᠤᠯᠬᠤ ᠬᠡᠷᠡᠭᠲᠠᠢ᠃ ᠲᠠᠪᠠᠭᠤᠯᠢᠭ ᠪᠦᠬᠦᠢ ᠤᠨᠴᠠᠯᠢᠬᠲᠦ ᠠᠵᠦ ᠦᠢᠯᠡᠰ ᠢ ᠭᠤᠶᠢᠪᠢᠰᠢ ᠦᠭᠡᠢ ᠬᠦᠭᠵᠢᠭᠦᠯᠵᠦ᠂ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠪᠤᠯᠤᠨ ᠤᠢ ᠰᠢᠭᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠶᠡᠬᠡᠪᠡᠷ ᠬᠦᠭᠵᠢᠭᠦᠯᠵᠦ᠂ ᠡᠭᠦᠯᠡᠨ ᠪᠤᠳᠤᠯᠳᠠ᠂ ᠤᠳᠤ ᠦᠶ᠎ᠡ ᠶᠢᠨ ᠪᠤᠳᠠᠰ ᠤᠨ ᠭᠦᠢᠯᠭᠡᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠴᠡᠪᠡᠷ ᠡᠨᠧᠷᠬᠢ᠂ ᠡᠷᠡᠭᠦᠯ ᠮᠡᠨᠳᠦ ᠨᠠᠰᠤᠵᠢᠯ ᠵᠡᠷᠭᠡ ᠰᠢᠨ᠎ᠡ ᠪᠠᠷ ᠮᠠᠨᠳᠤᠭᠰᠠᠨ ᠠᠵᠦ ᠦᠢᠯᠡᠰ ᠢ ᠢᠲᠡᠪᠬᠢᠲᠠᠢ ᠪᠠᠷ ᠪᠤᠶᠢᠵᠢᠭᠤᠯᠤᠨ ᠬᠦᠭᠵᠢᠭᠦᠯᠬᠦ ᠬᠡᠷᠡᠭᠲᠠᠢ᠃ ᠤᠯᠤᠰ ᠤᠨ ᠦᠮᠴᠢᠯᠡᠯ ᠤᠨ ᠰᠢᠭᠤᠢᠢᠳᠤ ᠤᠷᠤᠨ ᠤ ᠦᠭᠡᠷᠡᠴᠢᠯᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠰᠢᠯᠢᠳᠡᠭ ᠴᠤᠮᠠᠬᠠᠨ ᠪᠦᠲᠦᠮᠵᠢ ᠰᠠᠶᠢᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ᠂ ᠤᠢ ᠰᠢᠭᠤᠢ ᠶᠢᠨ ᠡᠬᠢ ᠪᠠᠶᠠᠯᠢᠭ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠬᠦ ᠪᠠ ᠤᠢ ᠰᠢᠭᠤᠢ ᠶᠢᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠲᠤᠭᠲᠠᠴᠠ ᠶᠢ ᠰᠢᠨᠡᠴᠢᠯᠡᠬᠦ ᠭᠤᠷᠪᠠᠨ ᠵᠦᠢᠯ ᠤᠨ ᠦᠭᠡᠷᠡᠴᠢᠯᠡᠯᠲᠡ ᠶᠢᠨ ᠡᠭᠦᠷᠭᠡ ᠶᠢ ᠭᠤᠤᠯᠳᠠᠯᠭ᠎ᠠ ᠲᠠᠢ ᠪᠠᠷ ᠪᠠᠶᠡᠯᠡᠬᠦᠯᠬᠦ ᠬᠡᠷᠡᠭᠲᠠᠢ᠃      ᠭᠠᠳᠠᠭᠠᠳᠦ ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠬᠡᠵᠤ᠂ ᠪᠤᠭᠤᠮᠲᠠ ᠶᠢᠨ ᠪᠦᠲᠦᠭᠡᠨ ᠪᠠᠶᠢᠭᠤᠯᠤᠯᠲᠠ᠂ ᠬᠠᠮᠲᠤᠷᠠᠯᠴᠠᠭ᠎ᠠ ᠰᠤᠯᠢᠯᠴᠠᠭ᠎ᠠ ᠪᠤᠯᠤᠨ ᠵᠡᠬᠦᠨ ᠬᠤᠶᠢᠲᠦ ᠤᠷᠤᠨ ᠢ ᠬᠦᠭᠵᠢᠬᠦᠯᠦᠨ ᠮᠠᠨᠳᠤᠭᠤᠯᠬᠤ ᠲᠤ ᠠᠭᠤᠰᠤᠯᠴᠠᠬᠤ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠠᠢ᠃ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠭᠤᠶᠢᠪᠢᠰᠢ ᠦᠭᠡᠢ ᠰᠠᠶᠢᠳᠤᠷ ᠬᠢᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠠᠯ ᠰᠠᠨᠠᠭ᠎ᠠ ᠶᠢ ᠢᠮᠠᠬᠳᠠ ᠪᠠᠷᠢᠮᠲᠠᠯᠠᠨ ᠲᠦᠭᠡᠮᠡᠯ ᠢᠶᠠᠷ ᠬᠠᠷᠠᠭᠠᠯᠵᠠᠬᠤ ᠴᠢᠨᠠᠷᠳᠠᠢ᠂ ᠰᠠᠭᠤᠷᠢ ᠴᠢᠨᠠᠷᠳᠠᠢ᠂ ᠨᠠᠭᠠᠳᠤ ᠵᠠᠬ᠎ᠠ ᠶᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠬᠦ ᠬᠡᠷᠡᠭᠲᠠᠢ᠃      ᠭᠦᠨᠵᠡᠭᠡᠢ ᠰᠤᠷᠭᠠᠮᠵᠢ ᠠᠪᠴᠤ ᠨᠢᠭᠡ ᠠᠴᠠ ᠬᠤᠶᠠᠷ ᠢ ᠵᠦᠢᠴᠢᠯᠠᠨ ᠰᠠᠷᠡᠮᠵᠢ ᠶᠢᠨ ᠲᠤᠬᠢᠶ᠎ᠠ ᠶᠢ ᠡᠬᠦᠷᠢᠳᠡ ᠬᠠᠩᠬᠢᠨᠠᠭᠤᠯᠵᠤ᠂ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠦᠷᠨᠢᠭᠦᠯᠤᠨ ᠬᠡᠮ ᠰᠤᠭᠤᠭ ᠢ ᠦᠨᠡᠨᠬᠦ ᠠᠷᠢᠯᠭᠠᠵᠦ᠂ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠤᠨ ᠦᠷᠭᠦᠯᠵᠢᠯᠡᠨ ᠲᠤᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠠᠢ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯ ᠢ ᠭᠤᠶᠢᠪᠢᠰᠢ ᠦᠭᠡᠢ ᠰᠠᠶᠢᠳᠤᠷ ᠬᠢᠵᠦ᠂ ︽ᠦᠨᠳᠦᠰᠦᠳᠡᠨ ᠪᠦᠬᠦᠨ ᠨᠢᠭᠡ ᠭᠡᠷ ᠤᠨ ᠬᠦᠮᠦᠨ᠂ ᠪᠦᠬᠦ ᠬᠡᠷ ᠢᠶᠠᠷ ᠢᠶᠠᠨ ᠴᠦᠮ ᠰᠠᠶᠢᠬᠠᠨ ᠠᠮᠢᠳᠤᠷᠠᠬᠤ︾ ᠣᠨᠣᠯᠵᠢᠬᠤᠨ ᠢ ᠬᠡᠵᠢᠶᠡᠳᠡ ᠪᠠᠷᠢᠮᠲᠠᠯᠠᠵᠦ᠂ ᠦᠨᠳᠦᠰᠦᠲᠡᠨ ᠨᠦᠬᠦᠳ ᠬᠠᠮᠲᠦᠪᠡᠷ ᠪᠦᠯᠭᠦᠮᠲᠡᠨ ᠲᠡᠮᠡᠴᠡᠬᠦ ᠬᠠᠮᠲᠦᠪᠡᠷ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠲᠠᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠤ ᠱᠠᠲᠤᠨ ᠤ ᠢᠯᠠᠯᠲᠠ ᠶᠢ ᠤᠯᠬᠤ ᠳᠤ ᠬᠦᠴᠦᠲᠠᠢ ᠪᠠᠲᠤᠯᠠᠭ᠎ᠠ ᠬᠠᠨᠭ᠍ᠭᠠᠬᠤ ᠬᠡᠷᠡᠭᠲᠠᠢ ᠬᠡᠪᠡ      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠦᠸᠧ ᠶᠦᠩ ᠭᠠᠩ ᠪᠠᠷ᠎ᠠ ᠪᠤᠯᠵᠦ ᠪᠠᠶᠢᠴᠠᠭᠠᠨ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号